ᠲᠡᠷᠢᠭᠦᠨ ᠨᠢᠭᠤᠷ>ᠬᠦᠮᠦᠨ ᠨᠡᠢᠭᠡᠮ>ᠬᠦᠮᠦᠨ ᠵᠣᠨ

2020-08-28 09:28:17

ᠵᠣᠬᠢᠶᠠᠭ᠍ᠴᠢ᠄ ᠰᠦᠨ ᠯᠢ ᠶᠢᠡᠭ ᠣᠩᠱᠢᠭ᠍ᠰᠠᠨ ᠣᠳᠠᠭ᠎ᠠ᠄ 3

ᠤᠢᠷ᠎ᠠ᠎ᠳ᠋ᠤ ᠂ ᠥᠪᠡᠷᠲᠡᠭᠡᠨ ᠵᠠᠰᠠᠬᠤ ᠣᠷᠣᠨ᠎ᠤ ᠡᠮᠡᠭᠲᠡᠶᠢᠴᠦᠳ᠎ᠤᠨ ᠬᠣᠯᠪᠣᠭ᠎ᠠ ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠂ ᠥᠪᠡᠷᠲᠡᠭᠡᠨ ᠵᠠᠰᠠᠬᠤ ᠣᠷᠣᠨ᠎ᠤ ᠡᠮᠡᠭᠲᠡᠶ ᠠᠵᠤ ᠠᠬᠤᠶᠢᠯᠠᠯᠲᠠᠳ᠎ᠤᠨ ᠨᠡᠶᠢᠭᠡᠮᠯᠢᠭ᠎ᠤᠨ ᠬᠠᠮᠲᠤᠷᠠᠨ ᠡᠷᠬᠢᠯᠡᠭᠰᠡᠨ ︽ ᠪᠦᠰᠡᠬᠦᠢ ︾ ᠦᠢᠯᠡᠰ ᠪᠤᠰᠬᠠᠬᠤ᠎ᠶᠢ ᠲᠡᠳᠭᠦᠭᠦ ᠠᠵᠤ ᠦᠢᠯᠡᠰ᠎ᠤᠨ ᠬᠣᠯᠪᠣᠭ᠎ᠠ᠎ᠶᠢᠨ ᠡᠬᠢ ᠪᠠᠶᠠᠯᠢᠭ᠎ᠢ ᠵᠣᠯᠭᠠᠯᠴᠠᠭᠤᠯᠬᠤ ᠬᠤᠷᠠᠯ ᠵᠢᠴᠢ ︽ ᠪᠦᠰᠡᠬᠦᠢ ︾ ᠨᠠᠮᠤᠷ ᠡᠪᠦᠯ᠎ᠤᠨ ᠰᠢᠨ᠎ᠡ ᠪᠦᠲᠦᠭᠡᠭᠳᠡᠬᠦᠨ᠎ᠢ ᠨᠡᠶᠢᠲᠡᠯᠡᠬᠦ ᠬᠤᠷᠠᠯ ᠬᠦᠬᠡᠬᠤᠳᠠ᠎ᠳ᠋ᠤ ᠶᠠᠪᠤᠬᠳᠠᠪᠠ᠎᠃

ᠬᠤᠷᠠᠯ ᠳᠡᠭᠡᠷ᠎ᠡ ᠂ ᠥᠪᠥᠷ ᠮᠣᠩᠭᠣᠯ᠎ᠤᠨ ᠮᠸᠩ ᠶᠤᠸᠠᠨ ᠰᠣᠶᠣᠯ᠎ᠤᠨ ᠬᠥᠭᠵᠢᠭᠦᠯᠦᠯᠲᠡ᠎ᠶᠢᠨ ᠬᠢᠵᠠᠭᠠᠷᠲᠤ ᠺᠣᠮᠫᠠᠨᠢ ᠂ ᠽᠠᠨ ᠯᠠᠨ ᠰᠣᠶᠣᠯ᠎ᠤᠨ ᠠᠵᠤ ᠦᠢᠯᠡᠰ᠎ᠤᠨ ᠬᠥᠭᠵᠢᠭᠦᠯᠦᠯᠲᠡ᠎ᠶᠢᠨ ᠬᠢᠵᠠᠭᠠᠷᠲᠤ ᠺᠣᠮᠫᠠᠨᠢ ᠂ ᠮᠣᠩᠭᠣᠯ ᠡᠯᠧᠮᠧᠨ᠋ᠲ ᠰᠣᠶᠣᠯ᠎ᠤᠨ ᠠᠵᠤ ᠦᠢᠯᠡᠰ᠎ᠤᠨ ᠬᠢᠵᠠᠭᠠᠷᠲᠤ ᠺᠣᠮᠫᠠᠨᠢ ᠬᠠᠮᠲᠤᠷᠠᠨ ᠠᠵᠢᠯᠯᠠᠬᠤ ᠲᠥᠷᠥᠯ ᠵᠦᠢᠯ᠎ᠢᠶᠡᠨ ᠲᠠᠨᠢᠯᠴᠠᠭᠤᠯᠵᠤ ᠂ ᠦᠨᠳᠦᠰᠦᠲᠡᠨ᠎ᠤ ᠬᠤᠪᠴᠠᠰᠤ ᠵᠠᠰᠠᠯ᠎ᠢ ᠤᠯᠠᠮᠵᠢᠯᠠᠨ ᠬᠥᠭᠵᠢᠬᠦᠯᠦᠭᠰᠡᠨ ᠬᠠᠮᠤᠭ᠎ᠤᠨ ᠰᠢᠨ᠎ᠡ ᠦᠷ᠎ᠡ ᠪᠦᠲᠦᠭᠡᠯ᠎ᠢᠶᠡᠨ ᠳᠡᠯᠭᠡᠨ ᠦᠵᠡᠭᠦᠯᠵᠡᠶ ᠃ ᠥᠪᠡᠷᠲᠡᠭᠡᠨ ᠵᠠᠰᠠᠬᠤ ᠣᠷᠣᠨ᠎ᠤ ᠡᠮᠡᠭᠲᠡᠶᠢᠴᠦᠳ᠎ᠤᠨ ᠬᠣᠯᠪᠣᠭ᠎ᠠ ᠬᠢᠭᠡᠳ ᠳᠤᠮᠳᠠᠳᠤ ᠤᠯᠤᠰ᠎ᠤᠨ ᠪᠦᠲᠦᠭᠡᠨ ᠪᠠᠶᠢᠭᠤᠯᠤᠯᠲᠠ᠎ᠶᠢᠨ ᠪᠠᠩᠬᠢ᠎ᠶᠢᠨ ᠥᠪᠥᠷ ᠮᠣᠩᠭᠣᠯ᠎ᠤᠨ ᠬᠤᠪᠢᠶᠠᠷᠢ ᠪᠠᠩᠬᠢ ᠪᠠᠶᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠭᠡᠷ᠎ᠡ ᠲᠣᠭᠲᠠᠵᠤ ᠂ ᠳᠤᠮᠳᠠᠳᠤ ᠤᠯᠤᠰ᠎ᠤᠨ ᠪᠦᠲᠦᠭᠡᠨ ᠪᠠᠶᠢᠭᠤᠯᠤᠯᠲᠠ᠎ᠶᠢᠨ ᠪᠠᠩᠬᠢ᠎ᠶᠢᠨ ᠥᠪᠥᠷ ᠮᠣᠩᠭᠣᠯ᠎ᠤᠨ ᠬᠤᠪᠢᠶᠠᠷᠢ ᠪᠠᠩᠬᠢ ᠵᠢᠩᠬᠢᠨᠢ᠎ᠪᠠᠷ ︽ ᠪᠦᠰᠡᠬᠦᠢ ︾ ᠦᠢᠯᠡᠰ ᠪᠤᠰᠬᠠᠬᠤ᠎ᠶᠢ ᠲᠡᠳᠭᠦᠭᠦ ᠠᠵᠤ ᠦᠢᠯᠡᠰ᠎ᠤᠨ ᠬᠣᠯᠪᠣᠭ᠎ᠠ᠎ᠶᠢᠨ ᠪᠦᠷᠢᠯᠳᠦᠬᠦᠨ ᠪᠤᠯᠵᠤ ᠂ ᠮᠠᠨ᠎ᠤ ᠣᠷᠣᠨ᠎ᠤ ᠳᠤᠮᠳᠠ ᠵᠢᠵᠢᠭ ᠪᠢᠴᠢᠯ ᠠᠵᠤ ᠠᠬᠤᠶᠢᠯᠠᠯ ᠢᠯᠠᠩᠭᠤᠶ᠎ᠠ ᠡᠮᠡᠭᠲᠡᠶᠢᠴᠦᠳ᠎ᠤᠨ ᠡᠭᠦᠰᠭᠡᠨ ᠪᠠᠶᠢᠭᠤᠯᠤᠬᠰᠠᠨ ᠪᠤᠶᠤ ᠡᠮᠡᠭᠲᠡᠶ ᠠᠵᠢᠯᠳᠠᠨ ᠤᠯᠠᠨ ᠪᠠᠢᠭ᠎ᠠ ᠠᠵᠤ ᠠᠬᠤᠶᠢᠯᠠᠯ᠎ᠤᠨ ᠬᠥᠭᠵᠢᠯᠲᠡ᠎ᠶᠢ ᠲᠡᠳᠭᠦᠨ ᠳᠡᠮᠵᠢᠵᠦ ᠂ ᠨᠠᠩ ᠣᠯᠠᠨ ᠵᠢᠵᠢᠭ ᠪᠢᠴᠢᠯ ᠠᠵᠤ ᠠᠬᠤᠶᠢᠯᠠᠯ᠎ᠳ᠋ᠤ ᠮᠥᠩᠭᠥᠨ ᠭᠦᠶᠯᠭᠡᠭᠡᠨ᠎ᠤ ᠦᠢᠯᠡᠴᠢᠯᠡᠭᠡ ᠬᠠᠩᠭᠠᠬᠤ ᠪᠤᠯᠤᠨ᠎ᠠ ᠃ ᠡᠭᠦᠨ᠎ᠤ ᠬᠠᠮᠲᠤ ᠂ ᠬᠣᠶᠠᠷ ᠲᠠᠯ᠎ᠠ᠎ᠪᠠᠷ᠎ᠢᠶᠡᠨ ᠤᠷᠲᠤ ᠬᠤᠭᠤᠴᠠᠭᠠᠨ᠎ᠤ ᠪᠦᠲᠦᠮᠵᠢᠲᠡᠶ ᠬᠠᠮᠲᠤᠷᠠᠯᠴᠠᠭᠠᠨ᠎ᠤ ᠲᠣᠭᠲᠠᠴᠠ ᠪᠠᠶᠢᠭᠤᠯᠵᠤ ᠂ ᠬᠠᠮᠵᠢᠯᠴᠠᠭᠠᠨ᠎ᠤ ᠬᠦᠷᠢᠶ᠎ᠡ ᠬᠡᠪᠴᠢᠶ᠎ᠡ᠎ᠪᠠᠨ ᠲᠠᠰᠤᠷᠠᠯᠳᠠ ᠦᠭᠡᠢ ᠥᠷᠭᠡᠳᠬᠡᠵᠦ ᠂ ︽ ᠵᠢᠷᠭᠤᠭ᠎ᠠ᠎ᠶᠢ ᠲᠤᠬᠳᠠᠪᠤᠷᠢᠵᠢᠭᠤᠯᠬᠤ ︾ ᠠᠵᠢᠯ᠎ᠢ ᠰᠠᠢᠳᠤᠷ ᠬᠢᠵᠤ ᠂ ︽ ᠵᠢᠷᠭᠤᠭ᠎ᠠ᠎ᠶᠢ ᠪᠠᠲᠤᠯᠠᠬᠤ ︾ ᠡᠭᠦᠷᠭᠡ᠎ᠶᠢ ᠨᠠᠢᠳᠠᠪᠤᠷᠢᠵᠢᠭᠤᠯᠬᠤ᠎ᠳ᠋ᠤ ᠬᠦᠴᠦᠨ ᠨᠡᠮᠡᠷᠢᠯᠡᠬᠦ᠎ᠪᠠᠷ ᠳᠣᠭᠳᠠᠵᠠᠢ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠼᠠᠢ ᠬᠤᠩ

ᠣᠷᠴᠢᠭᠤᠯᠤᠭ᠍ᠴᠢ᠄

ᠢᠷᠡᠯᠲᠡ᠄ ᠦᠪᠦᠷ ᠮᠤᠩᠭᠤᠯ ‍ᠤᠨ ᠡᠳᠦᠷ ‍ᠤᠨ ᠰᠤᠨᠢᠨ
兼容浏览器的HTML页面