2020-06-03 10:31:09
ᠪᠦᠰᠡᠭᠦᠢᠢᠴᠤᠳ ᠤᠷᠠᠨ ᠭᠠᠷ᠎ᠢᠶᠠᠷ᠎ᠢᠶᠡᠨ ᠵᠢᠷᠭᠠᠯᠳᠤ ᠠᠮᠢᠳᠤᠷᠠᠯ᠎ᠢᠶᠡᠨ ᠴᠤᠬᠴᠠᠯᠠᠨᠡ ᠃ ᠲᠦᠮᠡᠳ ᠵᠡᠭᠦᠨ ᠬᠣᠰᠢᠭᠤᠨ᠎ᠤ ᠪᠢᠴᠢᠭᠡᠴᠢ ᠪᠠᠯᠭᠠᠰᠤᠨ᠎ᠤ ᠪᠢᠯᠵᠤᠤᠬᠠᠢ ᠲᠣᠰᠬᠣᠨ᠎ᠤ ᠠᠷᠠᠳ᠎ᠤᠨ ᠵᠥᠪᠯᠡᠯ᠎ᠤᠨ ᠬᠣᠩ ᠰᠢᠤ ᠴᠠᠭᠠᠰᠤᠨ ᠬᠠᠶᠢᠴᠢᠯᠠᠮᠠᠯ᠎ᠤᠨ ᠤᠷᠠᠯᠢᠭ᠎ᠤᠨ ᠬᠤᠷᠰᠢᠶ᠎ᠡ᠎ᠳ᠋ᠤ ᠠᠷᠪᠠ ᠭᠠᠷᠤᠢ ᠭᠠᠷ ᠤᠷᠠᠴᠤᠳ ᠵᠡᠷᠭᠡᠴᠡᠨ ᠰᠠᠭᠤᠵᠦ ᠦᠪᠡᠷ ᠦᠪᠡᠷ᠎ᠤᠨ ᠭᠠᠷ ᠦᠵᠦᠭᠦᠷ᠎ᠤᠨ ᠠᠵᠢᠯ᠎ᠳᠠᠭᠠᠨ ᠶᠠᠭᠠᠷᠠᠯᠳᠤᠨ᠎ᠡ ᠃

︽ ᠬᠤᠷᠰᠢᠶ᠎ᠠ ᠪᠠᠢᠭᠤᠯᠤᠬᠳᠠᠭᠠᠳ ᠲᠡᠮᠡᠢ ᠬᠡᠳᠦᠨ ᠡᠳᠦᠷ ᠪᠤᠯᠤᠭ᠎ᠠ ᠦᠭᠡᠢ ᠴᠦ ᠤᠯᠠᠨ᠎ᠢᠶᠠᠷ᠎ᠢᠶᠡᠨ ᠨᠢᠭᠡᠨᠲᠡ ᠠᠰᠢᠭ ᠤᠷᠤᠯᠭ᠎ᠠ ᠤᠯᠤᠬᠰᠡᠨ ᠪᠠᠢᠨ᠎ᠡ ᠂ ᠡᠳᠡᠭᠡᠷ ᠴᠠᠭᠠᠰᠤᠨ ᠬᠠᠢᠴᠢᠯᠠᠮᠠᠯ᠎ᠢ ᠦᠵᠡᠬᠦ ᠦᠭᠡᠢ ᠤᠤ ᠂ ᠪᠦᠷ ᠲᠤᠰᠬᠠᠢ ᠵᠠᠬᠢᠶᠠᠯᠠᠭ᠎ᠠ᠎ᠪᠠᠷ ᠬᠠᠢᠴᠢᠯᠠᠬᠰᠡᠨ ᠪᠦᠲᠦᠭᠡᠯ ᠰᠢᠤ ︾ ᠭᠡᠵᠦ ᠶᠠᠷᠢᠬᠰᠠᠭᠠᠷ ᠬᠣᠷᠰᠢᠶ᠎ᠠ᠎ᠶᠢᠨ ᠪᠤᠯᠪᠠᠰᠤᠷᠠᠯ᠎ᠤᠨ ᠠᠩᠭᠢ᠎ᠶᠢᠨ ᠵᠢᠯᠤᠭᠤᠳᠤᠬᠴᠢ ᠪᠠᠬᠰᠢ ᠂ ᠪᠢᠴᠢᠭᠡᠴᠢ ᠪᠠᠯᠭᠠᠰᠦ᠎ᠶᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠴᠠᠭᠠᠰᠤᠨ ᠬᠠᠢᠴᠢᠯᠠᠮᠠᠯ᠎ᠤᠨ ᠲᠥᠷᠥᠯ ᠵᠦᠢᠯ᠎ᠤᠨ ᠤᠯᠠᠮᠵᠢᠯᠠᠭᠴᠢ ᠯᠢ ᠬᠤᠧᠠᠨ ᠰᠢᠤ ᠨᠢᠭᠡ ᠢᠵᠢ ᠠᠷᠪᠠᠨ ᠬᠤᠶᠠᠷ ᠵᠢᠯ᠎ᠤᠨ ᠴᠠᠭᠠᠰᠤᠨ ᠬᠠᠶᠢᠴᠢᠯᠠᠮᠠᠯ᠎ᠤᠨ ᠪᠦᠲᠦᠭᠡᠯ᠎ᠢᠶᠡᠨ ᠰᠤᠷᠪᠤᠯᠵᠢᠯᠠᠬᠴᠢ᠎ᠳ᠋ᠤ ᠳᠡᠯᠭᠡᠨ ᠦᠵᠡᠭᠦᠯᠦᠨ᠎ᠡ ᠃
ᠬᠣᠩ ᠰᠢᠤ ᠴᠠᠭᠠᠰᠤᠨ ᠬᠠᠶᠢᠴᠢᠯᠠᠮᠠᠯ᠎ᠤᠨ ᠤᠷᠠᠯᠢᠭ᠎ᠤᠨ ᠬᠣᠷᠰᠢᠶ᠎ᠠ 5 ᠰᠠᠷ᠎ᠠ᠎ᠶᠢᠨ 11᠎ᠤ ᠡᠳᠦᠷ ᠵᠢᠩᠬᠢᠨᠢ᠎ᠪᠠᠷ ᠫᠠᠢᠰᠠ ᠡᠯᠭᠦᠨ ᠪᠠᠶᠢᠭᠤᠯᠤᠭᠳᠠᠪᠠ ᠃ ᠬᠤᠷᠰᠢᠶ᠎ᠡ᠎ᠨᠢ ᠪᠢᠴᠢᠭᠡᠴᠢ ᠪᠠᠯᠭᠠᠰᠦ᠎ᠶᠢᠨ ᠴᠠᠭᠠᠰᠤᠨ ᠬᠠᠶᠢᠴᠢᠯᠠᠮᠠᠯ᠎ᠤᠨ ᠤᠨᠴᠠᠯᠢᠬᠲᠦ ᠡᠬᠢ ᠪᠠᠶᠠᠯᠢᠭ᠎ᠤᠨ ᠳᠠᠪᠠᠭᠤᠯᠢᠭ᠎ᠢ ᠭᠦᠨᠵᠡᠭᠡᠶ ᠠᠭᠤᠳᠠᠯᠤᠨ ᠪᠠᠳᠠᠷᠠᠭᠤᠯᠵᠤ ᠂ ᠶᠠᠳᠠᠭᠤ ᠬᠦᠴᠢᠷᠳᠡᠯᠲᠡᠶ ᠡᠮᠡᠭᠲᠡᠶᠢᠴᠦᠳ᠎ᠤᠨ ᠠᠮᠢᠳᠤᠷᠠᠯ᠎ᠤᠨ ᠨᠦᠭᠦᠴᠡᠯ᠎ᠢ ᠰᠠᠢᠵᠢᠷᠠᠭᠤᠯᠬᠤ ᠪᠠ ᠪᠤᠳᠠᠰ᠎ᠤᠨ ᠪᠤᠰᠤ ᠰᠤᠶᠤᠯ᠎ᠤᠨ ᠦᠪ ᠪᠤᠯᠬᠤ ᠭᠠᠷ ᠤᠷᠠᠯᠠᠯ᠎ᠢ ᠤᠯᠠᠮᠵᠢᠯᠠᠨ ᠬᠠᠮᠠᠭᠠᠯᠠᠬᠤ᠎ᠪᠠᠷ ᠭᠤᠤᠯ ᠬᠠᠷᠠᠯᠲᠠ ᠪᠣᠯᠭᠠᠵᠤ ᠂ ︽ ᠨᠠᠮ᠎ᠤᠨ ᠡᠭᠦᠷ + ᠬᠣᠷᠰᠢᠶ᠎ᠠ + ᠶᠠᠳᠠᠭᠤ ᠬᠦᠴᠢᠷᠳᠡᠯᠲᠡᠶ ᠡᠷᠦᠬᠡ ︾᠎ᠶᠢᠨ ᠠᠵᠤ ᠦᠢᠯᠡᠰ᠎ᠤᠨ ᠬᠥᠭᠵᠢᠯᠲᠡ᠎ᠶᠢᠨ ᠵᠠᠭᠪᠤᠷ᠎ᠢᠶᠠᠷ ᠳᠠᠮᠵᠢᠨ ᠂ ᠪᠦᠬᠦ ᠪᠠᠯᠭᠠᠰᠤᠨ᠎ᠤ ᠡᠮᠡᠭᠲᠡᠶᠢᠴᠦᠳ᠎ᠢ ᠲᠠᠢᠴᠢᠯᠡᠨ ᠶᠠᠳᠠᠭᠤ᠎ᠡᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠳ᠋ᠤ ᠣᠷᠣᠯᠴᠠᠭᠤᠯᠪᠠ ᠃

ᠣᠶᠢᠯᠠᠭᠠᠭᠰᠠᠨ᠎ᠢᠶᠠᠷ ᠂ ᠣᠳᠣᠬᠠᠨ᠎ᠳ᠋ᠤ ᠪᠢᠯᠵᠤᠤᠬᠠᠢ ᠲᠤᠰᠬᠤᠨ᠎ᠤ ᠳᠠᠩᠰᠠᠯᠠᠵᠦ ᠺᠠᠷᠲ᠋ᠯᠠᠬᠰᠡᠨ ᠶᠠᠳᠠᠭᠤ ᠬᠦᠴᠢᠷᠳᠡᠯᠲᠡᠳᠡᠢ ᠡᠷᠦᠬᠡ 20 ᠡᠷᠦᠭᠡ ᠂ ᠶᠠᠳᠠᠭᠤ ᠬᠦᠴᠢᠷᠳᠡᠯᠳᠡᠢ ᠬᠦᠮᠦᠨ ᠠᠮᠠ 44 ᠪᠤᠢ ᠂ ᠲᠤᠰ ᠬᠤᠷᠰᠢᠶ᠎ᠠ᠎ᠨᠢ ᠶᠠᠳᠠᠭᠤ ᠬᠦᠴᠢᠷᠳᠡᠯᠲᠡᠢ ᠡᠮᠡᠭᠲᠡᠶᠢᠴᠦᠳ᠎ᠲᠤ ᠶᠠᠳᠠᠭᠤ᠎ᠡᠴᠠ ᠠᠩᠭᠢᠵᠢᠷᠠᠨ ᠴᠢᠨᠡᠭᠡᠯᠢᠭᠵᠢᠭᠦᠯᠬᠦ ᠲᠠᠪᠴᠠᠩ ᠤᠯᠭᠤᠵᠦ ᠥᠭᠭᠦᠭᠰᠡᠨ᠎ᠢᠶᠠᠷ ᠦᠯᠤ ᠪᠠᠷᠠᠮ ᠪᠠᠰᠠ ᠪᠢᠴᠢᠭᠡᠴᠢ ᠪᠠᠯᠭᠠᠰᠦ᠎ᠶᠢᠨ ᠴᠠᠭᠠᠰᠤᠨ ᠬᠠᠢᠴᠢᠯᠠᠮᠠᠯ᠎ᠤᠨ ᠨᠡᠷ᠎ᠡ ᠠᠯᠳᠠᠷᠰᠢᠯ ᠪᠠ ᠨᠡᠶᠢᠭᠡᠮ᠎ᠳ᠋ᠤ ᠦᠵᠡᠭᠦᠯᠭᠦ ᠬᠤᠪᠢ ᠨᠡᠮᠡᠷᠢ᠎ᠶᠢ ᠳᠡᠭᠡᠭᠰᠢᠯᠡᠭᠦᠯᠬᠦ ᠂ ᠪᠢᠴᠢᠭᠡᠴᠢ ᠪᠠᠯᠭᠠᠰᠤᠨ᠎ᠤ ᠰᠣᠶᠣᠯ᠎ᠤᠨ ᠠᠵᠤ ᠦᠢᠯᠡᠰ᠎ᠤᠨ ᠬᠥᠭᠵᠢᠯᠲᠡ᠎ᠶᠢ ᠠᠬᠢᠭᠤᠯᠬᠤ᠎ᠳ᠋ᠤ ᠴᠦᠮ ᠲᠤᠩ ᠶᠡᠭᠡ ᠠᠬᠢᠭᠤᠯᠬᠤ ᠦᠢᠯᠡᠳᠦᠯ ᠦᠵᠡᠭᠦᠯᠵᠤ ᠪᠤᠢ ᠃
ᠭᠦᠸᠧ ᠡᠯ ᠯᠢᠶᠠᠨ ᠪᠤᠯ ᠯᠢ ᠬᠤᠧᠠᠨ ᠰᠢᠤ᠎ᠶᠢᠨ ᠱᠠᠪᠢ ᠪᠤᠯᠤᠨ᠎ᠠ ᠃ ᠲᠡᠷᠡ ᠴᠠᠭᠠᠰᠤᠨ ᠬᠠᠶᠢᠴᠢᠯᠠᠮᠠᠯ ᠰᠤᠷᠤᠭᠠᠳ ᠨᠢᠭᠡᠨᠲᠡ ᠳᠣᠯᠣᠭ᠎ᠠ ᠨᠠᠢ᠍ᠮᠠᠨ ᠵᠢᠯ ᠪᠤᠯᠴᠢᠬᠠᠵᠠᠢ ᠃ ᠭᠦᠸᠧ ᠡᠯ ᠯᠢᠶᠠᠨ ᠴᠠᠭᠠᠰᠤᠨ ᠬᠠᠢᠴᠢᠯᠠᠮᠠᠯ᠎ᠤᠨ ᠲᠤᠬᠠᠢ ᠄ ︽ ᠥᠩᠭᠡᠷᠡᠭᠡᠭᠰᠡᠨ᠎ᠳ᠋ᠤ ᠴᠠᠭᠠᠰᠤᠨ ᠬᠠᠢᠴᠢᠯᠡᠮᠠᠯᠨᠢ ᠵᠦᠪᠬᠡᠨ ᠠᠵᠢᠯ᠎ᠤᠨ ᠴᠢᠯᠥᠭᠡᠨ᠎ᠤ ᠲᠤᠷ᠎ᠠ ᠰᠤᠨᠢᠷᠬᠠᠯ ᠯᠡ ᠪᠠᠢᠵᠠᠢ ᠂ ᠤᠳᠤ ᠲᠡᠷᠡ᠎ᠨᠢ ᠨᠢᠭᠡ ᠵᠦᠢᠯ᠎ᠤᠨ ᠤᠷ᠎ᠠ ᠮᠡᠷᠭᠡᠰᠢᠯ ᠪᠤᠯᠤᠨ ᠬᠤᠪᠢᠯᠵᠦ ᠂ ᠠᠮᠢᠳᠤᠷᠠᠯ᠎ᠢᠶᠡᠨ ᠦᠭᠡᠳᠡᠯᠡᠭᠦᠯᠬᠦ ᠂ ᠦᠪᠡᠷ᠎ᠢ᠎ᠪᠠᠨ ᠢᠯᠡᠷᠡᠭᠦᠯᠬᠦ ᠰᠠᠢᠨ ᠲᠤᠬᠢᠶᠠᠯ ᠪᠤᠯᠤᠬᠰᠡᠨ ᠪᠠᠢᠨ᠎ᠡ ︾ ᠭᠡᠵᠦ ᠰᠤᠷᠪᠤᠯᠵᠢᠯᠠᠬᠴᠢ᠎ᠳ᠋ᠤ ᠶᠠᠷᠢᠯ᠎ᠠ ᠃

ᠤᠯᠠᠮᠵᠢᠯᠠᠯᠲᠤ ᠴᠠᠭᠠᠰᠤᠨ ᠬᠠᠶᠢᠴᠢᠯᠠᠮᠠᠯ᠎ᠨᠢ ᠰᠣᠶᠣᠯ᠎ᠤᠨ ᠪᠦᠳᠦᠭᠡᠯᠴᠢ ᠦᠢᠯᠡᠳᠬᠦᠨ᠎ᠤ ᠵᠠᠬ᠎ᠠ ᠳᠡᠯᠭᠡᠭᠦᠷ᠎ᠲᠤ ᠠᠷᠠᠯᠵᠢᠶᠠᠨ᠎ᠤ ᠲᠣᠬᠢᠶᠠᠯ ᠣᠯᠬᠤ᠎ᠳ᠋ᠤ ᠬᠢᠯᠪᠠᠷ ᠦᠭᠡᠢ ᠃ ᠬᠤᠷᠰᠢᠶ᠎ᠠ ᠪᠠᠢᠭᠤᠯᠤᠬᠳᠠᠬᠰᠡᠨᠤ ᠳᠠᠷᠠᠭ᠎ᠠ ᠂ ᠠᠵᠦ ᠦᠢᠯᠡᠰ᠎ᠢᠶᠡᠨ ᠬᠡᠷᠬᠢᠨ ᠬᠦᠭᠵᠢᠭᠦᠯᠬᠦ᠎ᠨᠢ ᠲᠤᠯᠭᠠᠮ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠪᠤᠯᠵᠠᠢ ᠃ ᠲᠦᠮᠡᠳ ᠵᠡᠭᠦᠨ ᠬᠤᠰᠢᠭᠤᠨ᠎ᠤ ᠪᠢᠴᠢᠭᠡᠴᠢ ᠪᠠᠯᠭᠠᠰᠦ᠎ᠶᠢᠨ ᠡᠮᠡᠭᠲᠡᠢᠴᠦᠳ᠎ᠤᠨ ᠬᠤᠯᠪᠤᠭ᠎ᠠ᠎ᠶᠢᠨ ᠲᠡᠷᠢᠭᠦᠯᠡᠭᠴᠢ ᠵᠠᠢ ᠪᠤᠤ ᠰᠢᠶᠠ᠎ᠶᠢᠨ ᠢᠯᠡᠷᠭᠡᠢᠯᠡᠭᠰᠡᠨ᠎ᠢᠶᠠᠷ ᠂ ᠳᠠᠷᠠᠭᠠᠴᠢ᠎ᠶᠢᠨ ᠠᠯᠬᠤᠮ᠎ᠳ᠋ᠤ ᠂ ᠬᠣᠩ ᠰᠢᠤ ᠴᠠᠭᠠᠰᠤᠨ ᠬᠠᠶᠢᠴᠢᠯᠠᠮᠠᠯ ᠤᠷᠠᠯᠢᠭ᠎ᠤᠨ ᠬᠣᠷᠰᠢᠶ᠎ᠠ᠎ᠨᠢ ᠴᠠᠭᠠᠰᠤᠨ ᠬᠠᠶᠢᠴᠢᠯᠠᠮᠠᠯ᠎ᠤᠨ ᠤᠷᠠᠯᠢᠭ᠎ᠢ ᠬᠥᠭᠵᠢᠭᠦᠯᠬᠦ ᠠᠵᠤ ᠦᠢᠯᠡᠰ᠎ᠤᠨ ᠬᠡᠯᠬᠢᠶᠡᠵᠢᠯ᠎ᠢ ᠥᠷᠭᠡᠳᠬᠡᠨ ᠂ ᠴᠠᠭᠠᠰᠤᠨ ᠬᠠᠶᠢᠴᠢᠯᠠᠮᠠᠯ᠎ᠤᠨ ᠬᠠᠮᠢᠶ᠎ᠠ ᠪᠦᠬᠦᠢ ᠮᠠᠰᠢᠨ ᠬᠤᠳᠠᠯᠳᠤᠨ ᠠᠪᠴᠦ ᠴᠠᠭᠠᠰᠤᠨ ᠬᠠᠶᠢᠴᠢᠯᠠᠮᠠᠯ᠎ᠤᠨ ᠭᠠᠷ᠎ᠢᠶᠠᠷ ᠦᠶᠯᠡᠳᠬᠦ ᠬᠢᠭᠡᠳ ᠮᠠᠰᠢᠨᠴᠢᠯᠠᠬᠤ᠎ᠶᠢ ᠵᠡᠷᠭᠡ᠎ᠪᠠᠷ ᠬᠥᠭᠵᠢᠭᠦᠯᠬᠦ᠎ᠶᠢ ᠪᠡᠶᠡᠯᠡᠭᠦᠯᠦᠨ᠎ᠡ ᠃ ᠶᠠᠳᠠᠭᠤ ᠬᠦᠴᠢᠷᠳᠡᠯᠲᠡᠶ ᠡᠷᠦᠬᠡ ᠬᠤᠷᠰᠢᠶ᠎ᠡ᠎ᠳ᠋ᠤ ᠢᠷᠡᠵᠦ ᠴᠠᠭᠠᠰᠤᠨ ᠬᠠᠶᠢᠴᠢᠯᠠᠮᠠᠯ᠎ᠤᠨ ᠤᠷ᠎ᠡ ᠮᠡᠷᠭᠡᠰᠢᠯ ᠰᠤᠷᠤᠯᠴᠠᠵᠦ ᠪᠣᠯᠬᠤ ᠮᠥᠷᠲᠡᠭᠡᠨ ᠪᠠᠰᠠ ᠠᠵᠤ ᠦᠢᠯᠡᠰ᠎ᠤᠨ ᠬᠡᠯᠬᠢᠶᠡᠵᠢᠯ᠎ᠤᠨ ᠪᠤᠰᠤᠳ ᠭᠣᠭᠴᠣᠭᠠᠨ᠎ᠳ᠋ᠤ ᠠᠵᠢᠯ ᠤᠯᠵᠤ ᠂ ᠣᠯᠠᠨ ᠠᠷᠭ᠎ᠠ ᠵᠠᠮ᠎ᠢᠶᠠᠷ ᠣᠷᠣᠯᠭ᠎ᠠ᠎ᠪᠠᠨ ᠨᠡᠮᠡᠭᠳᠡᠭᠦᠯᠵᠦ ᠪᠤᠯᠤᠨ᠎ᠡ ᠃
︽ ᠴᠠᠭᠠᠰᠤᠨ ᠬᠠᠢᠴᠢᠯᠠᠮᠠᠯ᠎ᠤᠨ ᠤᠷ᠎ᠠ ᠮᠡᠷᠭᠡᠰᠢᠯ᠎ᠢ ᠰᠤᠷᠤᠯᠴᠠᠵᠦ ᠪᠠᠢᠭ᠎ᠠ ᠰᠤᠷᠤᠭᠴᠢ ᠨᠢᠭᠡᠨᠲᠡ ᠵᠠᠭᠤ ᠭᠠᠷᠤᠶ ᠪᠤᠯᠪᠠ ᠂ ᠬᠤᠷᠰᠢᠶ᠎ᠠ ᠪᠠᠶᠢᠭᠤᠯᠤᠭᠳᠠᠭᠰᠠᠨ᠎ᠨᠢ ᠪᠠᠯᠭᠠᠰᠤᠨ᠎ᠤ ᠨᠡᠩ ᠤᠯᠡᠨ ᠡᠮᠡᠭᠲᠡᠶᠢᠴᠦᠳ᠎ᠢ ᠲᠠᠢᠴᠢᠯᠠᠨ ᠠᠵᠢᠯ ᠣᠯᠭᠣᠵᠤ ᠂ ᠣᠷᠣᠯᠭ᠎ᠠ᠎ᠶᠢ᠎ᠨᠢ ᠨᠡᠮᠡᠭᠳᠡᠭᠦᠯᠵᠦ ᠴᠢᠳᠠᠪᠠ ᠃ ᠳᠠᠷᠠᠭᠠᠴᠢ᠎ᠪᠠᠷ ᠂ ᠪᠢᠳᠠ ᠪᠠᠰᠠ ᠡᠯᠸᠺᠲ᠋ᠷᠣᠨ ᠬᠤᠳᠠᠯᠳᠤᠭ᠎ᠠ ᠂ ᠰᠦᠯᠵᠢᠶᠡᠨ ᠲᠠᠪᠴᠠᠩ ᠵᠡᠷᠭᠡ᠎ᠪᠠᠷ ᠳᠠᠮᠵᠢᠭᠤᠯᠤᠨ ᠴᠠᠭᠠᠰᠤᠨ ᠬᠠᠢᠴᠢᠯᠠᠮᠠᠯ᠎ᠤᠨ ᠰᠢᠭᠤᠳ ᠨᠡᠪᠲᠡᠷᠡᠭᠦᠯᠭᠡ ᠬᠢᠵᠦ ᠂ ᠨᠠᠩ ᠣᠯᠠᠨ ᠬᠥᠮᠦᠰ᠎ᠲᠤ ᠲᠦᠮᠡᠳ ᠵᠡᠭᠦᠨ ᠬᠤᠰᠢᠭᠤᠨ᠎ᠤ ᠴᠠᠭᠠᠰᠤᠨ ᠬᠠᠢᠴᠢᠯᠠᠮᠠᠯ᠎ᠢ ᠳᠠᠨᠢᠭᠤᠯᠵᠦ ᠤᠢᠯᠠᠭᠠᠭᠤᠯᠬᠤ᠎ᠶᠢᠨ ᠳᠠᠭᠠᠤ ᠤᠷᠤᠯᠭ᠎ᠠ᠎ᠪᠠᠨ ᠨᠡᠮᠡᠭᠳᠡᠭᠦᠯᠭᠦ᠎ᠪᠠᠷ ᠲᠦᠯᠦᠪᠯᠡᠵᠤ ᠠᠮᠠ ᠢᠢ ᠨᠢ ᠪᠠᠢᠨ᠎ᠠ ︾ ᠭᠡᠵᠦ ᠯᠢ ᠬᠤᠧᠠᠨ ᠰᠢᠤ ᠰᠤᠷᠪᠤᠯᠵᠢᠯᠠᠬᠴᠢ᠎ᠳ᠋ᠤ ᠪᠤᠳᠤᠯ᠎ᠢᠶᠡᠨ ᠶᠠᠷᠢᠨ᠎ᠡ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠼᠠᠢ ᠬᠤᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃