ᠲᠡᠷᠢᠭᠦᠨ ᠨᠢᠭᠤᠷ>ᠬᠦᠮᠦᠨ ᠨᠡᠢᠭᠡᠮ>ᠬᠦᠮᠦᠨ ᠵᠣᠨ

2020-12-04 09:51:00

ᠵᠣᠬᠢᠶᠠᠭ᠍ᠴᠢ᠄ ᠰᠦᠨ ᠯᠢ ᠶᠢᠡᠭ ᠣᠩᠱᠢᠭ᠍ᠰᠠᠨ ᠣᠳᠠᠭ᠎ᠠ᠄ 3

ᠤᠢᠷ᠎ᠠ᠎ᠶᠢᠨ ᠵᠢᠯ᠎ᠳ᠋ᠤ ᠂ ᠦᠪᠡᠷᠳᠡᠭᠡᠨ ᠵᠠᠰᠠᠬᠤ ᠤᠷᠤᠨ᠎ᠤ ᠡᠮᠡᠭᠳᠡᠢᠴᠤᠳ᠎ᠤᠨ ᠬᠤᠯᠪᠤᠭ᠎ᠠ ᠲᠠᠯ᠎ᠠ ᠨᠤᠲᠤᠭ᠎ᠤᠨ ᠡᠮᠡᠭᠲᠡᠶᠢᠴᠦᠳ᠎ᠢ ᠶᠠᠳᠠᠭᠤ᠎ᠡᠴᠠ ᠠᠩᠭᠢᠵᠢᠷᠠᠭᠣᠯᠬᠤ ᠂ ᠦᠢᠯᠡᠰ ᠪᠤᠰᠬᠠᠵᠤ ᠰᠢᠨ᠎ᠠ᠎ᠶᠢ ᠡᠭᠦᠳᠭᠦ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠰᠢᠷᠢᠰ ᠠᠵᠢᠯᠯᠠᠭ᠎ᠠ᠎ᠶᠢ ᠭᠦᠨᠵᠡᠭᠡᠶ ᠦᠷᠨᠢᠬᠦᠯᠵᠦ ᠂ ᠦᠷᠭᠡᠨ ᠤᠯᠠᠨ ᠡᠮᠡᠭᠳᠡᠢᠴᠤᠳ᠎ᠤᠨ ᠤᠷᠤᠯᠭ᠎ᠠ᠎ᠪᠠᠨ ᠨᠠᠮᠡᠭᠳᠡᠬᠦᠯᠦᠨ ᠴᠢᠨᠡᠭᠡᠯᠢᠭᠵᠢᠬᠦ᠎ᠶᠢ ᠢᠳᠡᠪᠬᠢᠳᠡᠢ ᠠᠬᠢᠭᠤᠯᠵᠣ ᠪᠠᠢᠨ᠎ᠠ ᠃

ᠲᠠᠯ᠎ᠠ ᠨᠤᠲᠤᠭ᠎ᠤᠨ ᠡᠮᠡᠭᠲᠡᠶᠢᠴᠦᠳ᠎ᠢ ᠶᠠᠳᠠᠭᠤ᠎ᠡᠴᠠ ᠠᠩᠭᠢᠵᠢᠷᠠᠭᠤᠯᠬᠤ ᠠᠵᠢᠯᠯᠠᠭ᠎ᠠ᠎ᠳ᠋ᠤ ᠂ ᠣᠶᠤᠨ ᠣᠬᠠᠭᠠᠨ ᠵᠤᠷᠢᠭ ᠰᠦᠰᠦ᠎ᠶᠢ ᠬᠠᠮᠳᠤ᠎ᠳ᠋ᠤᠨᠢ ᠲᠡᠳᠬᠦᠬᠦ ᠤᠬᠠᠭᠤᠯᠭ᠎ᠠ᠎ᠶᠢᠨ ᠠᠵᠢᠯᠯᠠᠭ᠎ᠠ᠎ᠶᠢ 3600 ᠭᠠᠷᠤᠶ ᠲᠠᠯᠠᠪᠠᠢ ᠤᠳᠠᠭ᠎ᠠ ᠥᠷᠨᠢᠭᠦᠯᠵᠦ ᠂ 30 ᠭᠠᠷᠤᠶ ᠲᠦᠮᠡᠨ ᠡᠮᠡᠭᠲᠡᠶᠢᠴᠦᠳ᠎ᠢ ᠬᠠᠮᠤᠷᠪᠠ ︔ ᠡᠯ᠎ᠡ ᠲᠥᠷᠥᠯ᠎ᠤᠨ ᠶᠠᠳᠠᠭᠤ᠎ᠡᠴᠠ ᠠᠩᠭᠢᠵᠢᠷᠠᠭᠤᠯᠬᠤ ᠤᠷ᠎ᠠ ᠮᠡᠷᠭᠡᠵᠢᠯ᠎ᠤᠨ ᠪᠣᠯᠪᠠᠰᠤᠷᠠᠯ᠎ᠢ 2270 ᠬᠤᠭᠤᠴᠠᠭ᠎ᠠ ᠡᠷᠬᠢᠯᠡᠵᠦ ᠂ 19.2 ᠲᠦᠮᠡᠨ ᠡᠮᠡᠭᠲᠡᠶᠢᠴᠦᠳ᠎ᠲᠤ ᠪᠤᠯᠪᠠᠰᠤᠷᠠᠯ ᠬᠦᠷᠳᠡᠬᠡᠪᠡ ︔ 10570 ᠡᠷᠦᠬᠡ ︽ ᠬᠠᠮᠤᠭ᠎ᠤᠨ ᠭᠣᠶᠣ ᠬᠡᠷ ᠪᠦᠯᠢ ︾ 3965 ᠶᠠᠳᠠᠭᠤ ᠬᠦᠴᠢᠷᠳᠡᠯᠲᠡᠶ ᠬᠡᠷ ᠪᠦᠯᠢ᠎ᠲᠠᠢ ᠬᠠᠪᠰᠤᠷᠤᠯᠴᠠᠭ᠎ᠠ ᠪᠠᠢᠭᠤᠯᠪᠠ ᠃ ᠥᠪᠡᠷᠲᠡᠭᠡᠨ ᠵᠠᠰᠠᠬᠤ ᠣᠷᠣᠨ᠎ᠤ ᠲᠠᠰ᠎ᠤᠨ ︽ ᠡᠮᠡᠭᠲᠡᠶᠢᠴᠦᠳ᠎ᠢ ᠶᠠᠳᠠᠭᠤ᠎ᠡᠴᠠ ᠠᠩᠭᠢᠵᠢᠷᠠᠭᠤᠯᠬᠤ ᠰᠠᠭᠤᠷᠢᠨ ᠭᠠᠵᠠᠷ ︾᠎ᠢ 100 ᠪᠠᠶᠢᠭᠤᠯᠵᠤ ᠂ 12688 ᠶᠠᠳᠠᠭᠤ ᠬᠦᠴᠢᠷᠳᠡᠯᠲᠡᠶ ᠡᠮᠡᠭᠲᠡᠶᠢᠴᠦᠳ᠎ᠢ ᠬᠠᠪᠰᠤᠷᠤᠨ ᠲᠡᠳᠬᠦᠪᠡ ᠃ ᠮᠠᠯᠵᠢᠬᠤ ᠲᠠᠷᠢᠶᠠᠯᠠᠬᠤ ᠣᠷᠣᠨ᠎ᠤ ᠶᠠᠳᠠᠭᠤ ᠬᠦᠴᠢᠷᠳᠡᠯᠲᠡᠶ ᠡᠬᠡᠴᠦᠤᠯ᠎ᠤᠨ ︽ ᠬᠣᠶᠠᠷ ᠥᠮᠡᠨ ︾᠎ᠤ ᠠᠪᠤᠷᠠᠨ ᠲᠤᠰᠠᠯᠠᠬᠤ ᠲᠥᠷᠥᠯ ᠵᠦᠢᠯ᠎ᠢ ᠬᠡᠷᠡᠭᠵᠢᠭᠦᠯᠵᠦ ᠂ 7440 ︽ ᠬᠣᠶᠠᠷ ᠥᠮᠡᠨ ︾᠎ᠳ᠋ᠤ ᠨᠡᠷᠪᠡᠭᠳᠡᠭᠰᠡᠨ ᠮᠠᠯᠵᠢᠬᠤ ᠲᠠᠷᠢᠶᠠᠯᠠᠬᠤ ᠣᠷᠣᠨ᠎ᠤ ᠶᠠᠳᠠᠭᠤ ᠬᠦᠴᠢᠷᠳᠡᠯᠲᠡᠶ ᠡᠮᠡᠭᠲᠡᠶᠢᠴᠦᠳ᠎ᠲᠤ ᠬᠥᠮᠦᠨ ᠪᠦᠷᠢ᠎ᠳ᠋ᠤ 1 ᠲᠦᠮᠡᠨ ᠲᠥᠭᠥᠷᠢᠭ᠎ᠤᠨ ᠠᠪᠤᠷᠠᠨ ᠲᠤᠰᠠᠯᠠᠬᠤ ᠮᠥᠩᠭᠥ ᠣᠯᠭᠣᠪᠠ ᠃

ᠲᠠᠯ᠎ᠠ ᠨᠤᠲᠤᠭ᠎ᠤᠨ ᠡᠮᠡᠭᠲᠡᠶᠢᠴᠦᠳ᠎ᠤᠨ ᠦᠢᠯᠡᠰ ᠪᠤᠰᠬᠠᠵᠤ ᠰᠢᠨ᠎ᠡ᠎ᠶᠢ ᠡᠭᠦᠳᠬᠦ ᠠᠵᠢᠯᠯᠠᠭ᠎ᠠ᠎ᠳ᠋ᠤ ᠂ ︽ ᠪᠦᠰᠡᠬᠦᠢ ᠠᠵᠢᠯᠯᠠᠭᠠᠨ᠎ᠤ ᠲᠥᠯᠥᠪᠯᠡᠭᠡ ︾᠎ᠶᠢ ᠶᠡᠬᠡ᠎ᠪᠠᠷ ᠬᠡᠷᠡᠭᠵᠢᠬᠦᠯᠵᠦ ᠂ 300 ᠭᠠᠷᠤᠶ ᠵᠢᠵᠢᠭ ᠪᠢᠴᠢᠯ ᠠᠵᠤ ᠠᠬᠤᠶᠢᠯᠠᠯ᠎ᠢ ᠳᠠᠶᠢᠴᠢᠯᠠᠵᠤ ᠂ 1.1 ᠲᠦᠮᠡᠨ ᠡᠮᠡᠭᠲᠡᠶᠢᠴᠦᠳ᠎ᠲᠤ ᠠᠰᠢᠭ ᠬᠦᠷᠲᠡᠭᠡᠪᠡ ︔ ᠪᠦᠬᠦ ᠣᠷᠣᠨ᠎ᠤ ᠡᠯ᠎ᠡ ᠱᠠᠲᠤᠨ᠎ᠤ ᠡᠮᠡᠭᠲᠡᠶᠢᠴᠦᠳ᠎ᠤᠨ ᠬᠣᠯᠪᠣᠭ᠎ᠠ᠎ᠶᠢᠨ ᠵᠣᠬᠢᠶᠠᠨ ᠪᠠᠶᠢᠭᠤᠯᠤᠯᠲᠠ ᠭᠠᠷ ᠤᠷᠠᠯᠠᠯ᠎ᠢᠶᠠᠷ ᠴᠢᠨᠡᠭᠡᠯᠢᠭᠵᠢᠬᠦ ᠰᠠᠭᠤᠷᠢᠨ 208 ᠪᠠᠶᠢᠭᠤᠯᠵᠤ ᠂ 1.6 ᠲᠦᠮᠡᠨ ᠡᠮᠡᠭᠲᠡᠶᠢᠴᠦᠳ᠎ᠤᠨ ᠠᠵᠢᠯ ᠣᠯᠬᠤ᠎ᠶᠢ ᠳᠠᠶᠢᠴᠢᠯᠠᠨ ᠂ ᠡᠮᠡᠭᠲᠡᠶᠢᠴᠦᠳ᠎ᠤᠨ ᠭᠠᠷ ᠤᠷᠠᠯᠠᠯ᠎ᠤᠨ ᠪᠣᠯᠪᠠᠰᠤᠷᠠᠯ᠎ᠤᠨ ᠠᠩᠭᠢ 995 ᠬᠤᠭᠤᠴᠠᠭ᠎ᠠ ᠡᠷᠬᠢᠯᠡᠵᠦ ᠂ 4.5 ᠲᠦᠮᠡᠨ ᠡᠮᠡᠭᠲᠡᠶᠢᠴᠦᠳ᠎ᠲᠤ ᠪᠣᠯᠪᠠᠰᠤᠷᠠᠯ ᠬᠦᠷᠲᠡᠭᠡᠵᠦ ᠂ ᠡᠮᠡᠭᠲᠡᠶᠢᠴᠦᠳ᠎ᠤᠨ ᠭᠠᠷ ᠤᠷᠠᠯᠠᠯ᠎ᠤᠨ ᠪᠦᠲᠦᠭᠡᠭᠳᠡᠬᠦᠨ᠎ᠢᠶᠠᠷ ᠭᠣᠤᠯ ᠪᠣᠯᠭᠠᠭᠰᠠᠨ ᠤᠷᠤᠯᠳᠤᠭᠠᠨ ᠂ ᠲᠡᠯᠭᠡᠨ ᠪᠣᠷᠣᠯᠠᠭᠤᠯᠬᠤ ᠠᠵᠢᠯᠯᠠᠭ᠎ᠠ᠎ᠶᠢ 182 ᠤᠳᠠᠭ᠎ᠠ ᠡᠷᠬᠢᠯᠡᠵᠦ ᠂ 1.1 ᠲᠦᠮᠡᠨ ᠡᠮᠡᠭᠲᠡᠶᠢᠴᠦᠳ ᠣᠷᠣᠯᠴᠠᠵᠠᠶ ᠃ ︽ ᠮᠥᠩᠭᠥᠨ ᠭᠦᠢᠯᠭᠡᠭᠡ᠎ᠪᠠᠷ ᠡᠮᠡᠭᠲᠡᠶᠢᠴᠦᠳ᠎ᠤᠨ ᠬᠥᠭᠵᠢᠯᠲᠡ᠎ᠶᠢ ᠳᠡᠮᠵᠢᠬᠦ ᠠᠵᠢᠯᠯᠠᠭᠠᠨ᠎ᠤ ᠲᠥᠯᠥᠪᠯᠡᠭᠡ ︾᠎ᠶᠢ ᠬᠡᠷᠡᠭᠵᠢᠭᠦᠯᠵᠦ ᠂ 78.21 ᠳ᠋ᠦᠩᠰᠢᠭᠤᠷ ᠲᠥᠭᠥᠷᠢᠭ᠎ᠤᠨ ᠡᠮᠡᠭᠲᠡᠶᠢᠴᠦᠳ᠎ᠤᠨ ᠦᠢᠯᠡᠰ ᠪᠤᠰᠬᠠᠵᠤ ᠠᠵᠢᠯ ᠣᠯᠭᠣᠬᠤ ᠵᠢᠭᠡᠯᠡᠯᠭᠡ ᠲᠠᠯᠪᠢᠵᠤ ᠂ ᠡᠮᠡᠭᠲᠡᠶᠢᠴᠦᠳ᠎ᠤᠨ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ᠎ᠶᠢ ᠪᠦᠲᠦᠮᠵᠢᠲᠡᠶ ᠠᠬᠢᠭᠤᠯᠪᠠ ᠃

ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠡᠮᠡᠭᠲᠡᠶᠢᠴᠦᠳ᠎ᠤᠨ ᠠᠵᠢᠯᠯᠠᠭ᠎ᠠ᠎ᠳ᠋ᠤ ᠂ ︽ ᠦᠵᠡᠰᠬᠦᠯᠡᠩᠲᠦ ᠰᠠᠶᠢᠬᠠᠨ ᠭᠡᠷ ᠣᠷᠣᠨ ︾᠎ᠤ ᠪᠦᠲᠦᠭᠡᠨ ᠪᠠᠶᠢᠭᠤᠯᠤᠯᠲᠠ᠎ᠶᠢᠨ ᠵᠢᠱᠢᠶ᠎ᠡ ᠦᠵᠡᠭᠦᠯᠬᠦ ᠴᠡᠭ ᠪᠠᠶᠢᠭᠤᠯᠵᠤ ᠂ ᠮᠠᠯᠵᠢᠬᠤ ᠲᠠᠷᠢᠶᠠᠯᠠᠬᠤ ᠣᠷᠣᠨ᠎ᠤ ᠡᠮᠡᠭᠲᠡᠶᠢᠴᠦᠳ᠎ᠢ ᠥᠷᠭᠡᠨ᠎ᠢᠶᠠᠷ ᠳᠠᠶᠢᠴᠢᠯᠠᠨ ᠮᠠᠯᠵᠢᠬᠤ ᠲᠠᠷᠢᠶᠠᠯᠠᠬᠤ ᠣᠷᠣᠨ᠎ᠤ ᠣᠷᠴᠢᠨ ᠲᠣᠭᠣᠷᠢᠨ᠎ᠢᠶᠡᠨ ᠴᠡᠭᠴᠡᠯᠡᠨ ᠰᠠᠢᠵᠢᠷᠠᠭᠤᠯᠬᠤ ᠠᠵᠢᠯ᠎ᠳ᠋ᠤ ᠣᠷᠣᠯᠴᠠᠭᠤᠯᠵᠠᠢ ᠃ ︽ ᠡᠮᠡᠭᠲᠡᠶ ᠮᠠᠯᠴᠢᠨ ᠲᠠᠷᠢᠶᠠᠴᠢᠨ᠎ᠤ ᠬᠡᠪ ᠪᠣᠯᠪᠠᠰᠣᠷᠠᠯ᠎ᠢ ᠳᠡᠭᠡᠭᠰᠢᠯᠡᠭᠦᠯᠬᠦ ᠲᠥᠯᠥᠪᠯᠡᠭᠡ ︾᠎ᠶᠢ ᠬᠡᠷᠡᠭᠵᠢᠬᠦᠯᠵᠦ ᠂ ᠰᠢᠨ᠎ᠡ ᠬᠡᠯᠪᠡᠷᠢ᠎ᠶᠢᠨ ᠠᠵᠢᠯ ᠮᠡᠷᠭᠡᠵᠢᠯ᠎ᠤᠨ ᠡᠮᠡᠭᠲᠡᠶ ᠲᠠᠷᠢᠶᠠᠴᠢᠨ ᠮᠠᠯᠴᠢᠳ᠎ᠤᠨ ᠪᠣᠯᠪᠠᠰᠤᠷᠠᠯ ᠡᠷᠬᠢᠯᠡᠪᠡ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠼᠠᠢ ᠬᠤᠩ

ᠣᠷᠴᠢᠭᠤᠯᠤᠭ᠍ᠴᠢ᠄

ᠢᠷᠡᠯᠲᠡ᠄ ᠦᠪᠦᠷ ᠮᠤᠩᠭᠤᠯ ‍ᠤᠨ ᠡᠳᠦᠷ ‍ᠤᠨ ᠰᠤᠨᠢᠨ
兼容浏览器的HTML页面