ᠲᠡᠷᠢᠭᠦᠨ ᠨᠢᠭᠤᠷ>ᠬᠦᠮᠦᠨ ᠨᠡᠢᠭᠡᠮ>ᠬᠦᠮᠦᠨ ᠵᠣᠨ

2026-11-09 08:58:02

ᠵᠣᠬᠢᠶᠠᠭ᠍ᠴᠢ᠄ ​ ᠪᠢᠯᠢᠭᠪᠡᠭᠠᠳᠤᠷ ᠣᠩᠱᠢᠭ᠍ᠰᠠᠨ ᠣᠳᠠᠭ᠎ᠠ᠄ 3

11 ᠰᠠᠷ᠎ᠠ᠎ᠶᠢᠨ 2 ᠎ᠤ᠋ᠨ ᠡᠳᠦᠷ᠂ ᠰᠢᠯᠢ᠎ᠶᠢᠨ ᠭᠤᠤᠯ ᠠᠶ᠋ᠢᠮᠠᠭ᠎ᠤᠨ ᠨᠠᠮ᠎ᠤᠨ ᠬᠣᠷᠢᠶ᠎ᠠ ᠵᠢᠨ ᠤᠯᠤᠰ ᠲᠥᠷᠥ᠍ ᠬᠠᠤᠯᠢ ᠴᠠᠭᠠᠵᠠ᠎ᠶᠢᠨ ᠬᠣᠷᠢᠶ᠎ᠠ᠂ ᠠᠶ᠋ᠢᠮᠠᠭ᠎ᠤᠨ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠠᠶ᠋ᠢᠮᠠᠭ᠎ᠤᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠡᠴᠠ ᠭᠤᠤᠯᠯᠠᠨ ᠡᠷᠭᠢᠯᠡᠭᠰᠡᠨ 《ᠴᠠᠰᠤᠳᠤ ᠲᠠᠯ᠎ᠠ ᠵᠢᠨ ᠰᠢᠳᠤᠷᠭᠤ ᠬᠦᠪᠡᠬᠦᠨ》 ᠵᠠᠩ ᠪᠢᠩ  ᠢ ᠨᠥᠬᠥᠷ᠎ᠦᠨ ᠲᠡᠷᠢᠭᠦᠨ᠎ᠦ ᠦᠢᠯᠡ ᠠᠵᠢᠯᠯᠠᠭ᠎ᠠ᠎ᠶᠢᠨ ᠮᠡᠳᠡᠭᠦᠯᠦᠯᠲᠡ᠎ᠶᠢᠨ ᠬᠤᠷᠠᠯ ᠰᠢᠯᠢ᠎ᠶᠢᠨ ᠭᠤᠤᠯ ᠠᠶ᠋ᠢᠮᠠᠭ᠎ᠤᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠮᠡᠳᠡᠭᠦᠯᠦᠯᠲᠡ᠎ᠶᠢᠨ ᠲᠢᠩᠬᠢᠮ᠎ᠳᠦ ᠶᠠᠪᠤᠭᠳᠠᠪᠠ᠃ ᠡᠯ᠎ᠡ ᠬᠣᠰᠢᠭᠤ ᠰᠢᠶᠠᠨ ᠬᠣᠲᠠ(ᠲᠣᠭᠣᠷᠢᠭ)ᠳ᠋ᠤ ᠬᠤᠪᠢᠶᠠᠷᠢ ᠬᠤᠷᠠᠯ᠎ᠤᠨ ᠲᠠᠯᠠᠪᠠᠶ ᠭᠠᠷᠭᠠᠵᠤ᠂ ᠪᠥᠬᠥ᠌ ᠠᠶ᠋ᠢᠮᠠᠭ᠎ᠤᠨ ᠰᠢᠭᠤᠳ ᠬᠠᠷᠢᠶ᠎ᠠ ᠪᠠᠶ᠋ᠢᠭᠤᠯᠭ᠎ᠠ᠂᠎ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠲᠥᠯᠥᠭᠡᠯᠡᠭᠴᠢ᠂ ᠰᠢᠭᠦᠭᠴᠢ᠂ ᠪᠠᠶ᠋ᠢᠴᠠᠭᠠᠭᠴᠢ᠂ ᠳᠣᠲᠣᠭᠠᠳᠤ᠎ᠶᠢ ᠬᠠᠮᠠᠭᠠᠯᠠᠬᠤ ᠹᠷᠤᠨᠲ ᠤ᠋ᠨ ᠺᠠᠳ᠋ᠷ ᠴᠠᠭᠳᠠᠭ᠎ᠠ᠎ᠶᠢᠨ ᠲᠥᠯᠥᠭᠡᠯᠡᠭᠴᠢ ᠨᠡᠶ᠋ᠢᠲᠡ 1200 ᠭᠠᠷᠤᠶ ᠬᠥᠮᠦᠨ ᠲᠤᠬᠠᠢ ᠵᠢᠨ ᠲᠠᠯᠠᠪᠠᠢ᠎ᠳᠤ ᠪᠤᠶᠤ ᠰᠢᠭᠤᠳ ᠨᠡᠪᠲᠡᠷᠡᠭᠦᠯᠭᠡ ᠪᠡᠷ ᠬᠤᠷᠠᠯ᠎ᠳᠤ ᠣᠷᠣᠯᠴᠠᠵᠤ ᠰᠤᠷᠤᠯᠴᠠᠪᠠ᠃

ᠮᠡᠳᠡᠭᠦᠯᠦᠯᠲᠡ᠎ᠶᠢᠨ ᠬᠤᠷᠠᠯ ᠳᠡᠭᠡᠷ᠎ᠡ᠂ ᠵᠠᠩ ᠪᠢᠩ  ᠢ ᠵᠢᠨ ᠬᠠᠮᠲᠤ᠌ ᠠᠵᠢᠯᠯᠠᠭᠴᠢ ᠸᠠᠩ ᠯᠢ ᠫᠢᠩ᠂ ᠢᠦᠶ ᠽᠢ ᠲᠦᠩ᠂ ᠯᠢ ᠯᠸᠢ᠂ ᠯᠢ ᠲᠦᠩ ᠵᠢᠴᠢ ᠰᠢᠨᠬᠤᠸᠠ ᠬᠣᠷᠢᠶᠠᠨ᠎ᠤ ᠥᠪᠥᠷ ᠮᠣᠩᠭᠣᠯ᠎ᠤᠨ ᠬᠤᠪᠢᠶᠠᠷᠢ ᠬᠣᠷᠢᠶᠠᠨ᠎ᠤ ᠰᠤᠷᠪᠤᠯᠵᠢᠯᠠᠭᠴᠢ ᠾᠧ ᠱᠸ᠋ ᠴᠧᠨ ᠨᠠᠷ ᠡᠴᠡ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ᠌ ᠂ ᠡᠮᠦᠨ᠎ᠡ ᠹᠷᠣᠨᠲ᠎ᠲᠤ᠌ ᠪᠣᠭᠣᠮᠲᠠ ᠰᠢᠪᠲᠤᠯᠬᠤ᠂ ᠵᠣᠷᠢᠭ ᠰᠠᠨᠠᠭ᠎ᠠ᠎ᠶᠢ ᠤᠯᠠᠮᠵᠢᠯᠠᠨ ᠵᠠᠯᠭᠠᠮᠵᠢᠯᠠᠬᠤ ᠵᠡᠷᠭᠡ ᠲᠠᠯ᠎ᠠ᠎ᠡᠴᠡ ᠵᠠᠩ ᠪᠢᠩ  ᠢ ᠨᠥᠬᠥᠷ᠎ᠦᠨ ᠠᠮᠢᠳᠤ ᠰᠡᠷᠡᠭᠦᠨ ᠪᠠᠶ᠋ᠢᠬᠤ᠎ᠳᠠᠭᠠᠨ ᠦᠨᠳᠦᠰᠦᠨ ᠱᠠᠲᠤᠨ᠎ᠤ ᠲᠤᠳᠤᠭᠠᠳᠤ  ᠵᠢ ᠬᠠᠮᠠᠭᠠᠯᠠᠬᠤ ᠠᠵᠢᠯ᠎ᠤᠨ ᠪᠠᠢᠷᠢᠨ ᠳ᠋ᠠᠭᠠᠨ ᠮᠡᠷᠡᠢᠨ ᠠᠵᠢᠯᠯᠠᠵᠦ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ᠌ ᠰᠠᠬᠢᠭᠰᠠᠨ ᠬᠥᠮᠦᠰ᠎ᠦᠨ ᠰᠡᠳᠬᠢᠯ᠎ᠢ ᠬᠥᠳᠡᠯᠭᠡᠮ᠎ᠡ ᠦᠨᠡᠨ ᠪᠣᠳᠠᠲᠠᠶ ᠥᠯᠢᠭᠡᠷ᠎ᠢ ᠶᠠᠷᠢᠪᠠ᠃ ᠦᠨᠡᠨᠴᠢ ᠪᠣᠷᠣᠭᠵᠢᠭᠤᠨ ᠦᠭᠡ ᠶᠡᠷᠢᠶ᠎ᠡ᠂ ᠠᠮᠢᠳᠤᠯᠢᠭ ᠪᠣᠳᠠᠲᠠᠢ ᠦᠢᠯᠡ ᠠᠵᠢᠯᠯᠠᠭ᠎ᠠ ᠨᠢ ᠦᠨᠳᠦᠰᠦᠨ ᠱᠠᠲᠤᠨ᠎ᠤ ᠤᠯᠤᠰ ᠲᠦᠷᠦ᠍ ᠬᠠᠤᠯᠢ ᠴᠠᠭᠠᠵᠠ ᠳᠣᠲᠣᠭᠠᠳᠤ᠎ᠶᠢ ᠬᠠᠮᠠᠭᠠᠯᠠᠬᠤ ᠺᠠᠳ᠋ᠷ ᠴᠠᠭᠳᠠᠭ᠎ᠠ᠎ᠶᠢᠨ ᠨᠠᠮ᠎ᠳᠠᠭᠠᠨ ᠦᠨᠡᠨᠴᠢ᠂ ᠠᠷᠠᠳ ᠲᠦᠮᠡᠨ ᠳ᠋ᠡᠭᠡᠨ ᠰᠢᠳᠤᠷᠭᠤ᠂ ᠡᠭᠦᠷᠭᠡ ᠲᠤᠰᠢᠶᠠᠯ ᠳ᠋ᠠᠭᠠᠨ ᠬᠢᠴᠢᠶᠡᠡᠭᠭᠦᠢ᠂ ᠠᠵᠢᠯ ᠦᠢᠯᠡᠰ ᠲᠡᠭᠡᠨ ᠠᠯᠢᠪᠠ ᠪᠡᠨ ᠬᠠᠷᠠᠮ ᠦᠭᠡᠢ ᠵᠣᠷᠢᠭᠤᠯᠬᠤ ᠡᠷᠬᠢᠮ ᠳᠡᠭᠡᠳᠦ ᠵᠠᠩ ᠴᠢᠨᠠᠷ᠎ᠢ ᠬᠠᠷᠠᠭᠤᠯᠵᠠᠢ᠃

ᠵᠠᠩ ᠪᠢᠩ  ᠢ ᠨᠥᠬᠥᠷ ᠠᠮᠢᠳᠤ ᠰᠡᠷᠡᠭᠦᠨ ᠪᠠᠶ᠋ᠢᠬᠤ᠎ᠳᠠᠭᠠᠨ ᠰᠢᠯᠢ᠎ᠶᠢᠨ ᠭᠤᠤᠯ ᠠᠶ᠋ᠢᠮᠠᠭ᠎ᠤᠨ ᠵᠡᠭᠦᠨ ᠦᠵᠦᠮᠦᠴᠢᠨ ᠬᠣᠰᠢᠭᠤᠨ᠎ᠤ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠶᠡᠬᠡ ᠠᠩᠭᠢ᠎ᠶᠢᠨ ᠵᠢᠭᠠᠨ ᠵᠢᠯᠣᠭᠣᠳᠣᠭᠴᠢ᠂ ᠨᠢᠭᠡᠳᠦᠭᠡᠷ ᠳᠡᠰ᠎ᠤᠨ ᠪᠠᠶ᠋ᠢᠴᠠᠭᠠᠭᠴᠢ ᠴᠠᠭᠳᠠᠭ᠎ᠠ ᠪᠠᠶ᠋ᠢᠪᠠ᠃ 23 ᠵᠢᠯ ᠲᠤᠳᠤᠭᠠᠳᠤ  ᠵᠢ ᠬᠠᠮᠠᠭᠠᠯᠠᠬᠤ ᠠᠵᠢᠯ᠎ᠤᠨ ᠹᠷᠤᠨᠲ᠎ᠲᠦ ᠬᠦᠯᠦᠰᠦ ᠤᠷᠤᠰᠬᠠᠨ ᠲᠡᠮᠡᠴᠡᠵᠦ᠂ ᠤᠷᠢᠳ ᠬᠣᠵᠢᠳ ᠬᠢᠨᠠᠯᠲᠠ ᠬᠠᠮᠢᠶᠠᠷᠤᠯᠲᠠ᠂ ᠡᠷᠡᠭᠦᠦ ᠵᠢᠨ ᠬᠡᠷᠡᠭ᠎ᠤᠨ ᠮᠦᠷᠳᠡᠨ ᠪᠠᠢᠴᠠᠭᠠᠯᠳᠠ᠂ ᠵᠠᠮ ᠬᠠᠷᠢᠯᠴᠠᠭᠠᠨ᠎ᠤ ᠬᠠᠮᠢᠶᠠᠷᠤᠯᠲᠠ ᠵᠡᠷᠭᠡ ᠤᠯᠠᠨ ᠠᠵᠢᠯ᠎ᠤᠨ ᠪᠠᠶ᠋ᠢᠷᠢᠨ᠎ᠳᠤ ᠠᠵᠢᠯᠯᠠᠵᠦ᠂ ᠭᠠᠯ ᠵᠠᠯᠠᠭᠤ ᠨᠠᠰᠤ᠎ᠪᠠᠨ ᠳᠣᠲᠣᠭᠠᠳᠤ᠎ᠶᠢ ᠬᠠᠮᠠᠭᠠᠯᠠᠬᠤ ᠦᠢᠯᠡᠰ᠎ᠲᠦ᠍ ᠵᠣᠷᠢᠭᠤᠯᠵᠠᠢ᠃ 2024 ᠣᠨ᠎ᠤ 1 ᠰᠠᠷ᠎ᠠ᠎ᠶᠢᠨ 13᠎ᠪ ᠡᠳᠦᠷ᠂ ᠵᠡᠭᠦᠨ ᠦᠵᠦᠮᠦᠴᠢᠨ ᠬᠣᠰᠢᠭᠤᠨ᠎ᠤ ᠬᠡᠰᠡᠭ᠎ᠲᠦ ᠵᠤᠳ ᠰᠢᠭᠤᠷᠭᠠᠨ ᠲᠠᠢ ᠴᠠᠭ ᠠᠭᠤᠷ ᠢᠯᠡᠷᠡᠵᠦ ᠵᠠᠮ ᠱᠤᠭᠤᠮ ᠮᠥᠰᠥᠳᠦᠨ ᠲᠦᠭᠵᠢᠷᠡᠵᠠᠢ᠃ ᠵᠠᠩ ᠪᠢᠩ  ᠢ  ᠵᠢᠵᠢᠭᠦᠷ᠎ᠤᠨ ᠠᠯᠪᠠ ᠭᠦᠢᠴᠡᠳᠭᠡᠵᠦ ᠶᠠᠪᠤᠬᠤ ᠳ᠋ᠠᠭᠠᠨ ᠵᠣᠯ ᠪᠤᠰᠤ᠎ᠪᠠᠷ ᠪᠡᠶ᠎ᠡ ᠦᠷᠡᠭᠳᠡᠵᠦ᠍᠂ ᠲᠦᠴᠢᠨ ᠨᠠᠢ᠍ᠮᠠᠳᠠᠢ ᠨᠠᠰᠤ ᠪᠠᠷᠠᠪᠠ᠃

ᠵᠠᠩ ᠪᠢᠩ  ᠢ ᠨᠥᠬᠥᠷ ᠪᠡᠶ᠎ᠡ ᠦᠷᠡᠭᠳᠡᠭᠰᠡᠨ᠎ᠦ ᠳᠠᠷᠠᠭ᠎ᠠ᠂ ᠤᠷᠢᠳ ᠬᠣᠵᠢᠳ ᠰᠢᠯᠢ᠎ᠶᠢᠨ ᠭᠣᠣᠯ ᠠᠶ᠋ᠢᠮᠠᠭ᠎ᠤᠨ ᠰᠢᠯᠢᠳᠡᠭ ᠡᠪ ᠬᠠᠮᠲᠤ᠌ ᠨᠠᠮ᠎ᠤᠨ ᠭᠡᠰᠢᠭᠦᠨ᠂ ᠵᠢᠷᠭᠤᠳᠤᠭᠠᠷ ᠬᠤᠭᠤᠴᠠᠭᠠᠨ᠎ᠤ 《ᠤᠮᠠᠷᠠᠲᠤ᠌ ᠬᠢᠯᠢ᠎ᠶᠢ ᠳᠣᠭᠳᠣᠯᠤᠭᠤᠯᠤᠭᠰᠠᠨ ᠬᠠᠮᠤᠭ᠎ᠤᠨ ᠭᠤᠶᠤ ᠴᠠᠭᠳᠠᠭ᠎ᠠ》 ᠪᠡᠷ ᠨᠡᠬᠡᠮᠵᠢᠯᠡᠨ ᠡᠷᠭᠦᠮᠵᠢᠯᠡᠭᠳᠡᠪᠡ᠃ 2025 ᠣᠨ᠎ᠤ 12 ᠰᠠᠷ᠎ᠠ᠎ᠳᠤ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠶᠠᠮᠤᠨ᠂ ᠳᠣᠲᠣᠭᠠᠳᠤ᠎ᠶᠢ ᠬᠠᠮᠠᠭᠠᠯᠠᠬᠤ ᠶᠠᠮᠤᠨ ᠡᠴᠡ ᠪᠥᠬᠥ᠌ ᠤᠯᠤᠰ᠎ᠤᠨ ᠳᠣᠲᠣᠭᠠᠳᠤ᠎ᠶᠢ ᠬᠠᠮᠠᠭᠠᠯᠠᠬᠤ ᠰᠢᠰᠲ᠋ᠧᠮ᠎ᠦᠨ ᠬᠣᠶᠠᠳᠤᠭᠠᠷ ᠳᠡᠰ᠎ᠤᠨ ᠪᠠᠭᠠᠲᠤᠷ ᠵᠢᠱ᠌ᠢᠶᠡᠴᠢ᠎ᠶᠢᠨ ᠴᠣᠯᠠ  ᠨᠡᠬᠡᠮᠵᠢᠯᠡᠨ ᠣᠯᠭᠣᠪᠠ᠃

ᠬᠤᠷᠠᠯ᠎ᠳᠤ ᠣᠷᠣᠯᠴᠠᠭᠰᠠᠨ ᠠᠷᠠᠳ᠎ᠤᠨ ᠴᠠᠭᠳᠠᠭ᠎ᠠ ᠨᠠᠷ ᠢᠯᠡᠷᠬᠡᠢᠯᠡᠬᠦ ᠳ᠋ᠡᠭᠡᠨ ᠂ ᠵᠠᠩ ᠪᠢᠩ  ᠢ  ᠨᠥᠬᠥᠷ᠎ᠢᠶᠡᠷ ᠳᠠᠭᠤᠷᠢᠶᠠᠯ ᠪᠣᠯᠭᠠᠵᠤ᠂ ᠪᠠᠭᠠᠲᠤᠷ ᠵᠢᠱ᠌ᠢᠶᠡᠴᠢ᠎ᠶᠢᠨ ᠵᠣᠷᠢᠭ ᠰᠠᠨᠠᠭ᠎ᠠ᠎ᠶᠢ ᠤᠯᠠᠮᠵᠢᠯᠠᠨ ᠵᠠᠯᠭᠠᠮᠵᠢᠯᠠᠵᠦ᠂ ᠪᠣᠳᠠᠲᠤ᠌ ᠠᠵᠢᠯᠯᠠᠭ᠎ᠠ ᠪᠡᠷ ᠵᠢᠠᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠵᠦ᠂ ᠬᠢᠯᠢ ᠬᠢᠵᠠᠭᠠᠷ ᠮᠠᠯᠵᠢᠬᠤ ᠣᠷᠣᠨ᠎ᠤ ᠠᠮᠤᠷ ᠲᠣᠭᠲᠠᠭᠤᠨ ᠪᠠᠶ᠋ᠢᠳᠠᠯ᠎ᠢ ᠪᠦᠬᠦ᠌ ᠬᠦᠴᠦᠨ᠎ᠢᠶᠡᠷ᠎ᠢᠶᠡᠨ ᠰᠠᠬᠢᠨ ᠬᠠᠮᠠᠭᠠᠯᠠᠨ᠎ᠠ ᠭᠡᠵᠦ᠍ ᠢᠯᠡᠳᠬᠡᠵᠡᠭᠡᠪᠡ᠃

《ᠮᠡᠳᠡᠭᠦᠯᠦᠯᠲᠡ᠎ᠶᠢᠨ ᠬᠤᠷᠠᠯ᠎ᠢ ᠰᠣᠨᠣᠰᠬᠤ᠎ᠪᠠᠷ ᠳᠠᠮᠵᠢᠨ᠂ ᠪᠢ ᠵᠠᠩ ᠪᠢᠩ  ᠢ ᠨᠥᠬᠥᠷ᠎ᠦᠨ ᠠᠵᠢᠯ᠎ᠤᠨ ᠪᠠᠶ᠋ᠢᠷᠢ᠎ᠪᠠᠨ ᠪᠠᠲᠤ᠌ ᠰᠠᠬᠢᠬᠤ ᠡᠷᠬᠢᠮ ᠵᠤᠷᠢᠭ᠎ᠢ ᠤᠯᠠᠮ ᠪᠠᠬᠠᠳᠤᠨ ᠪᠢᠰᠢᠷᠡᠪᠡ᠃ ᠲᠡᠷᠡ ᠴᠠᠭᠳᠠᠭᠠᠨ᠎ᠤ ᠠᠵᠢᠯ ᠨᠢᠭᠡᠪᠦᠷᠢ ᠪᠡᠨ ᠰᠡᠳᠬᠢᠯ ᠲᠠᠯᠪᠢᠨ ᠰᠠᠶ᠋ᠢᠲᠤᠷ ᠰᠢ᠌ᠳᠪᠦᠷᠢᠯᠡᠵᠦ᠍᠂ ᠤᠯᠠᠨ ᠲᠦᠮᠡᠨ᠎ᠦ ᠶᠠᠪᠤᠳᠠᠯ᠎ᠢ ᠰᠡᠳᠬᠢᠯ᠎ᠳᠡᠭᠡᠨ ᠪᠤᠳᠤᠵᠥ᠍᠂ ᠨᠢᠭᠡᠨ ᠡᠭᠡᠯ ᠵᠢᠷ᠎ᠤᠨ ᠠᠷᠠᠳ᠎ᠤᠨ ᠴᠠᠭᠳᠠᠭ᠎ᠠ ᠵᠢᠨ ᠡᠷᠬᠢᠮ ᠨᠠᠨᠳᠢᠨ ᠬᠡᠪ ᠰᠤᠷᠳᠠᠯ᠎ᠢ ᠪᠤᠢ ᠪᠤᠯᠭᠠᠪᠠ᠃ ᠬᠣᠶ᠋ᠢᠰᠢᠳᠠ ᠪᠢ ᠡᠳᠦᠷ ᠲᠤᠲᠤᠮ᠎ᠤᠨ ᠠᠵᠢᠯ᠎ᠢᠶᠠᠨ ᠨᠠᠷᠢᠨ ᠬᠢᠨᠠᠮᠠᠭᠠᠢ ᠬᠢᠵᠦ᠍᠂ ᠠᠷᠠᠳ ᠣᠯᠠᠨ᠎ᠤ ᠬᠦᠰᠡᠵᠦ᠍ ᠪᠠᠶ᠋ᠢᠭ᠎ᠠ ᠠᠵᠢᠯ᠎ᠢᠶᠠᠷ ᠪᠣᠶ ᠪᠥᠬᠥᠶ ᠠᠵᠢᠯ᠎ᠤᠨ ᠡᠭᠦᠰᠦᠯᠲᠡ ᠪᠠ ᠲᠡᠭᠦᠰᠦᠯᠲᠡ ᠪᠣᠯᠭᠠᠵᠤ᠂ ᠠᠷᠠᠳ᠎ᠲᠤ᠌ ᠲᠥᠬᠥᠮ ᠦᠵᠡᠭᠦᠯᠵᠦ᠍ ᠠᠰᠢᠭ ᠬᠦᠷᠲᠡᠭᠡᠬᠦ᠌ ᠠᠷᠭ᠎ᠠ ᠬᠡᠮᠵᠢᠶ᠎ᠡ ᠨᠢᠭᠡᠪᠦᠷᠢ᠎ᠶᠢ ᠯᠠᠪᠳᠠᠭᠤᠨ ᠪᠠᠲᠤᠲᠠᠶ ᠰᠠᠶ᠋ᠢᠲᠤᠷ ᠨᠠᠶ᠋ᠢᠳᠠᠪᠤᠷᠢᠵᠢᠭᠤᠯᠵᠤ᠂ ᠠᠪᠤᠨ ᠳᠤᠤᠷ᠎ᠠ᠎ᠪᠠᠨ ᠠᠰᠢᠭ ᠤᠯᠬᠤ᠎ᠶᠢ ᠬᠥᠭᠡᠭᠡᠴᠡᠯᠳᠦᠬᠦ᠌ ᠥᠬᠡᠶ᠂ ᠠᠯᠪᠠ ᠬᠠᠰᠢᠵᠤ ᠠᠮᠠ ᠪᠥᠭᠯᠡᠬᠦ᠌ ᠥᠬᠡᠶ᠂ ᠴᠠᠭᠳᠠᠭ᠎ᠠ ᠪᠤᠯᠤᠭᠰᠠᠨ ᠣᠭ ᠰᠠᠨᠠᠭ᠎ᠠ᠎ᠪᠠᠨ ᠪᠠᠲᠤ᠌ ᠰᠠᠬᠢᠵᠤ᠂ ᠡᠭᠦᠷᠭᠡ ᠬᠠᠷᠢᠭᠤᠴᠠᠯᠭ᠎ᠠ ᠪᠡᠨ ᠰᠠᠢᠳᠤᠷ ᠪᠡᠶᠡᠯᠡᠭᠦᠯᠦᠨ᠎ᠡ》ᠭᠡᠵᠤ ᠰᠢᠯᠢ᠎ᠶᠢᠨ ᠭᠤᠤᠯ ᠠᠶ᠋ᠢᠮᠠᠭ᠎ᠤᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠪᠤᠷᠢ ᠠᠩᠭᠢ᠎ᠶᠢᠨ ᠵᠢᠯᠣᠭᠣᠴᠢ᠎ᠶᠢᠨ ᠰᠢᠯᠭᠠᠯᠲᠠ᠎ᠶᠢᠨ ᠶᠡᠬᠡ ᠠᠩᠭᠢ᠎ᠶᠢᠨ ᠳᠠᠷᠤᠭ᠎ᠠ ᠴᠢᠡᠭᠬᠦᠦ ᠬᠡᠯᠡᠨ᠎ᠡ᠃

ᠪᠠᠭᠠᠲᠤᠷ ᠵᠢᠱ᠌ᠢᠶᠡᠴᠢ ᠵᠢᠨ ᠠᠯᠳᠠᠨ ᠠᠮᠢ ᠡᠷᠡᠰᠳᠡᠵᠦ᠂ ᠠᠯᠳᠠ ᠪᠡᠶ᠎ᠡ ᠨᠢ ᠡᠨᠡ ᠬᠤᠷᠣ᠎ᠠ ᠡᠴᠡ ᠨᠢᠭᠡᠨᠳᠡ ᠠᠡᠭᠭᠢᠵᠢᠷᠠᠭᠰᠠᠨ᠎ᠴᠦ ᠲᠡᠭᠦᠨ᠎ᠤ ᠡᠷᠬᠢᠮ ᠨᠠᠨᠳᠢᠨ ᠵᠤᠷᠢᠭ ᠰᠠᠨᠠᠭᠠᠨ᠎ᠤ ᠭᠡᠷᠡᠯ ᠭᠢᠯᠪᠠᠭ᠎ᠠ ᠡᠭᠦᠷᠢᠳᠡ ᠪᠢᠳᠡᠨᠡᠷ᠎ᠢ ᠭᠡᠷᠡᠯᠳᠦᠭᠦᠯᠬᠦ ᠪᠤᠯᠤᠨ᠎ᠠ᠃ ᠲᠠᠯ᠎ᠠ ᠨᠤᠲᠤᠭ᠎ᠤᠨ ᠰᠠᠯᠬᠢ ᠰᠢᠭᠤᠷᠭᠠᠨᠳᠤ ᠴᠠᠭ ᠠᠭᠤᠷ ᠡᠴᠡ ᠵᠢᠷᠦᠬᠡᠰᠢᠶᠡᠯ ᠦᠭᠡᠢ ᠠᠯᠳᠠᠨ ᠠᠮᠢ ᠪᠡᠨ ᠠᠵᠢᠯ᠎ᠤᠨ ᠪᠠᠢᠷᠢᠨ ᠳ᠋ᠠᠭᠠᠨ ᠵᠤᠷᠢᠭᠤᠯᠤᠭᠰᠠᠨ ᠲᠡᠭᠦᠨ᠎ᠤ ᠲᠠᠭᠤᠷᠢᠶᠠᠯ᠎ᠤᠨ ᠬᠦᠴᠦᠨ ᠪᠢᠳᠡᠨ᠎ᠳᠤ ᠶᠠᠭᠤ ᠨᠢᠭᠡ ᠵᠢ ᠬᠡᠯᠡᠨ᠎ᠡ᠃ ᠰᠢᠯᠢ᠎ᠶᠢᠨ ᠭᠤᠤᠯ ᠠᠶ᠋ᠢᠮᠠᠭ᠎ᠤᠨ ᠥᠷᠭᠡᠨ ᠣᠯᠠᠨ ᠤᠯᠤᠰ ᠲᠥᠷᠥ᠍ ᠬᠠᠤᠯᠢ ᠴᠠᠭᠠᠵᠠ᠎ᠶᠢᠨ ᠺᠠᠳ᠋ᠷ ᠴᠠᠭᠳᠠᠭ᠎ᠠ ᠪᠠᠭᠠᠲᠤᠷ ᠵᠢᠱ᠌ᠢᠶᠡᠴᠢ᠎ᠶᠢᠨ ᠤᠯᠠ ᠮᠥᠷ᠎ᠢ ᠳᠠᠭᠠᠵᠤ᠂ ᠦᠨᠡᠨᠴᠢ ᠰᠢᠳᠤᠷᠭᠤ ᠪᠠᠶ᠋ᠢᠬᠤ᠎ᠪᠠᠨ ᠬᠢᠯᠢ ᠬᠢᠵᠠᠭᠠᠷ᠎ᠤᠨ ᠲᠠᠯ᠎ᠠ ᠨᠤᠲᠤᠭ᠎ᠲᠤ᠌ ᠦᠷᠭᠦᠯᠵᠢᠯᠡᠨ ᠪᠢᠴᠢᠭᠯᠡᠵᠦ᠍᠂ ᠪᠣᠳᠠᠲᠤ ᠠᠵᠢᠯᠯᠠᠭ᠎ᠠ ᠨᠠᠨᠳᠢᠨ ᠬᠠᠷᠢᠭᠤᠴᠠᠯᠭ᠎ᠠ ᠪᠡᠷ ᠵᠢᠠᠨ ᠲᠦᠭ ᠲᠦᠮᠡᠨ ᠬᠡᠷ ᠪᠦᠯᠢ᠎ᠶᠢᠨ ᠠᠮᠤᠷ ᠠᠮᠤᠭᠤᠯᠠᠩ᠎ᠢ ᠰᠠᠬᠢᠨ ᠬᠠᠮᠠᠭᠠᠯᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面