ᠲᠡᠷᠢᠭᠦᠨ ᠨᠢᠭᠤᠷ>ᠬᠦᠮᠦᠨ ᠨᠡᠢᠭᠡᠮ>ᠵᠢᠷᠤᠭᠲᠤ ᠮᠡᠳᠡᠭᠡ

2026-10-23 12:29:57

ᠵᠣᠬᠢᠶᠠᠭ᠍ᠴᠢ᠄ ᠰᠢᠶᠠᠩ ᠲᠤᠤ ᠣᠩᠱᠢᠭ᠍ᠰᠠᠨ ᠣᠳᠠᠭ᠎ᠠ᠄ 3

ᠱᠦᠬᠦᠷ ᠡᠪᠡᠰᠦ ᠨᠢ ᠪᠠᠭᠠᠷᠢᠨ ᠵᠡᠬᠦᠨ ᠬᠤᠰᠢᠭᠤᠨ᠎ᠤ ᠤᠷᠤᠯᠭ᠎ᠠ ᠪᠠᠨ ᠨᠡᠮᠡᠭᠳᠡᠬᠦᠯᠵᠦ ᠠᠷᠠᠳ᠎ᠶ᠋ᠢᠡᠨ ᠪᠠᠶᠠᠵᠢᠭᠤᠯᠬᠤ ᠲᠤᠮᠤ ᠠᠵᠦ ᠦᠢᠯᠡᠰ ᠪᠤᠯᠪᠠ᠃ ᠲᠡᠷᠡ ᠪᠡᠷ ᠮᠢᠨᠭᠭᠠᠨ  ᠤᠨ᠎ᠤ ᠰᠤᠶᠤᠯ᠎ᠢ ᠠᠴᠢᠶᠠᠯᠠᠵᠦ᠂ ᠤᠷᠤᠨ ᠨᠤᠲᠤᠭ᠎ᠤᠨ ᠬᠦᠭᠵᠢᠯᠳᠡ᠂ ᠠᠷᠠᠳ ᠤᠯᠠᠨ᠎ᠤ ᠴᠢᠨᠡᠭᠡᠯᠢᠭᠵᠢᠯ᠎ᠤᠨ ᠬᠦᠰᠡᠯ᠎ᠢ ᠲᠡᠭᠡᠭᠡᠵᠦ᠂ ᠤᠨᠴᠠᠯᠢᠬᠲᠦ ᠠᠵᠦ ᠦᠢᠯᠡᠰ᠎ᠶ᠋ᠢᠡᠷ ᠬᠦᠳᠡᠭᠡ ᠲᠤᠰᠬᠤᠨ᠎ᠢ ᠬᠦᠭᠵᠢᠬᠦᠯᠦᠨ ᠮᠠᠨᠲᠤᠭᠤᠯᠬᠤ ᠰᠢᠨ᠎ᠡ ᠬᠠᠭᠤᠲᠠᠰᠦ᠎ᠶᠢ ᠪᠢᠴᠢᠭᠯᠡᠪᠡ᠃




ᠬᠦᠳᠡᠬᠡ ᠲᠤᠰᠬᠤᠨ᠎ᠤ ᠠᠵᠦ ᠦᠢᠯᠡᠰ᠎ᠤᠨ ᠬᠦᠭᠵᠢᠯᠳᠡ᠎ᠶᠢᠨ ᠠᠮᠢᠵᠢᠷᠠᠯ᠎ᠤᠨ ᠬᠦᠴᠦ ᠨᠢ ᠡᠬᠢ ᠪᠠᠶᠠᠯᠢᠭ᠎ᠤᠨ ᠲᠠᠪᠠᠭᠤᠯᠢᠭ ᠪᠠ ᠬᠦᠨ ᠵᠤᠵᠠᠭᠠᠨ ᠰᠤᠶᠤᠯ ᠲᠡᠦᠭᠡ᠎ᠳᠡᠭᠡᠨ ᠪᠠᠢᠲᠠᠭ᠃ ᠪᠠᠭᠠᠷᠢᠨ ᠵᠡᠭᠦᠨ ᠬᠣᠰᠢᠭᠤᠨ᠎ᠤ ᠰᠢᠮᠡᠯᠢᠭ ᠬᠦᠷᠦᠰᠦ ᠡᠴᠡ ᠰᠢᠯᠢᠳᠡᠭ ᠶᠠᠰᠦ ᠴᠢᠨᠠᠷ ᠲᠠᠢ ᠱᠦᠭᠦᠷ ᠡᠪᠡᠰᠦ ᠤᠷᠭᠤᠵᠦ᠂ ᠯᠢᠶᠣᠤ ᠤᠯᠤᠰ᠎ᠡᠴᠡ ᠣᠲᠣ ᠪᠣᠯᠲᠠᠯ᠎ᠠ ᠤᠯᠠᠮᠵᠢᠯᠠᠬᠰᠠᠭᠠᠷ ᠢᠷᠡᠭᠰᠡᠨ ᠬᠦᠷᠦᠵᠦ ᠤᠷᠠᠯᠠᠬᠤ ᠮᠡᠷᠭᠡᠵᠢᠯ᠎ᠨᠢ ᠡᠨᠡ ᠬᠦ᠌ ᠵᠢᠵᠢᠭᠭᠡᠨ ᠱᠦᠬᠦᠷ ᠡᠪᠡᠰᠦ᠎ᠶᠢ ᠰᠣᠶᠣᠯ᠎ᠤᠨ ᠳᠡᠪᠢᠰᠬᠡᠷ ᠥᠩᠭᠡ᠎ᠲᠡᠶ ᠪᠣᠯᠭᠠᠵᠠᠶ᠃ ᠲᠤᠬᠠᠶ᠎ᠶᠢᠨ ᠭᠠᠵᠠᠷ᠎ᠤᠨ᠎ᠬᠢᠨ ᠱᠦᠬᠦᠷ ᠡᠪᠡᠰᠦᠨ᠎ᠤ ᠠᠵᠦ ᠦᠢᠯᠡᠰ᠎ᠢ ᠵᠦᠪᠭᠡᠨ ᠤᠯᠠᠮᠵᠢᠯᠠᠯᠲᠤ᠌ ᠬᠡᠷ ᠪᠦᠯᠢ᠎ᠶᠢᠨ ᠲᠤᠰᠠᠯᠠᠬᠤ ᠠᠵᠤ ᠠᠬᠤᠶ ᠪᠤᠯᠭᠠᠬᠤ ᠲᠡᠭᠡᠷ᠎ᠡ ᠵᠤᠬᠰᠤᠩᠭᠤᠢᠷᠠᠬᠰᠠᠨ ᠪᠢᠰᠢ᠂ ᠬᠠᠷᠢᠨ 《ᠲᠣᠯᠤᠭᠠᠢ᠌ᠯᠠᠭᠴᠢ ᠠᠵᠤ ᠠᠬᠤᠢ᠌ᠯᠠᠯ +  ᠬᠣᠷᠰᠢᠶᠠᠵᠢᠯ + ᠰᠠᠭᠤᠷᠢᠨ ᠭᠠᠵᠠᠷ + ᠲᠠᠷᠢᠶᠠᠴᠢᠨ ᠡᠷᠦᠬᠡ》 ᠎ᠶ᠋ᠢᠨ ᠠᠵᠤ ᠦᠢᠯᠡᠰᠵᠢᠯᠲᠡ᠎ᠶᠢᠨ ᠵᠠᠬᠪᠦᠷ᠎ᠢ ᠡᠬᠦᠳᠴᠦ᠂ ᠱᠦᠬᠦᠷ ᠡᠪᠡᠰᠦᠨ᠎ᠤ ᠠᠵᠦ ᠦᠢᠯᠡᠰ᠎ᠤᠨ ᠬᠦᠷᠢᠶᠡᠯᠡᠩ ᠲᠣᠭᠣᠷᠢᠭ ᠪᠠᠶ᠋ᠢᠭᠤᠯᠵᠤ᠂ ᠤᠷ᠎ᠠ ᠮᠡᠷᠭᠡᠵᠢᠯ ᠤᠯᠠᠮᠵᠢᠯᠠᠵᠤ᠂ ᠦᠢᠯᠡᠳᠭᠡᠯ᠎ᠦᠨ ᠭᠠᠵᠠᠷ᠎ᠢ ᠬᠥᠭᠵᠢᠭᠦᠯᠵᠦ᠍᠂ ᠲᠠᠷᠠᠬᠠᠶ ᠪᠤᠲᠠᠷᠬᠠᠶ ᠲᠠᠷᠢᠶᠠᠴᠢᠨ ᠡᠷᠦᠬᠡ᠎ᠶᠢ ᠠᠵᠤ ᠦᠢᠯᠡᠰ᠎ᠤᠨ ᠬᠡᠯᠬᠢᠶᠡᠵᠢᠯ᠎ᠳᠡᠭᠡᠨ ᠪᠠᠭᠲᠠᠭᠠᠨ ᠣᠷᠣᠭᠤᠯᠵᠤ᠂ ᠦᠶ ᠣᠯᠠᠨ ᠡᠮᠡᠭᠲᠡᠶ᠋ᠢᠴᠦᠳ ᠲᠦ᠍ ᠠᠮᠢᠲᠤᠯᠢᠭ᠎ᠶ᠋ᠢᠡᠷ ᠠᠵᠢᠯ ᠤᠯᠭᠤᠵᠦ ᠣᠷᠣᠯᠭ᠎ᠠ᠎ᠶᠢ᠎ᠨᠢ ᠨᠡᠮᠡᠭᠳᠡᠭᠦᠯᠪᠠ᠃

ᠲᠠᠰᠤᠷᠠᠯᠲᠠ ᠦᠬᠡᠢ ᠰᠢᠨ᠎ᠡ᠎ᠶᠢ ᠡᠬᠦᠲᠦᠨ᠂ ᠤᠯᠠᠮᠵᠢᠯᠠᠯᠲᠤ᠌ ᠭᠠᠷ ᠤᠷᠠᠯᠠᠯ᠎ᠢ ᠨᠠᠷᠢᠯᠢᠭ ᠡᠳ᠋ᠰᠢᠬᠦᠯᠬᠦ ᠲᠡᠢᠰᠢ ᠬᠦᠭᠵᠢᠬᠦᠯᠪᠡ᠃ ᠲᠤᠬᠠᠢ᠎ᠶᠢᠨ ᠭᠠᠵᠠᠷ᠎ᠤᠨ ᠬᠢᠨ 《ᠵᠦᠪᠭᠡᠨ ᠱᠦᠬᠦᠷ᠎ᠶ᠋ᠢᠡᠨ ᠯᠡ ᠬᠤᠲᠠᠯᠲᠤᠬᠤ》 ᠬᠢᠵᠠᠭᠠᠷᠯᠠᠯ᠎ᠠᠴᠠ ᠮᠤᠯᠲᠤᠷᠠᠵᠤ᠂ ᠨᠢᠭᠡ ᠲᠠᠯ᠎ᠠ᠎ᠪᠠᠷ ᠮᠠᠰᠢᠨ ᠲᠥᠬᠥᠭᠡᠷᠦᠮᠵᠢ ᠣᠷᠣᠭᠤᠯᠤᠨ ᠠᠪᠴᠢᠷᠠᠵᠤ ᠦᠢᠯᠡᠳᠪᠦᠷᠢᠯᠡᠯ᠎ᠤᠨ ᠦᠷ᠎ᠡ ᠪᠦᠲᠦᠮᠵᠢ᠎ᠪᠡᠨ ᠳᠡᠭᠡᠭᠰᠢᠯᠡᠭᠦᠯᠵᠦ᠍᠂ ᠨᠦᠭᠦᠭᠡ ᠲᠠᠯ᠎ᠠ᠎ᠪᠠᠷ ᠶᠡᠬᠡ ᠳᠡᠭᠡᠳᠦ ᠰᠤᠷᠭᠠᠭᠤᠯᠢ᠎ᠲᠠᠶ ᠬᠠᠮᠲᠤᠷᠠᠨ ᠠᠵᠢᠯᠯᠠᠵᠦ ᠰᠣᠶᠣᠯ᠎ᠤᠨ ᠪᠦᠲᠦᠭᠡᠯᠴᠢ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠵᠦ᠍᠂ ᠤᠯᠠᠮᠵᠢᠯᠠᠯᠲᠦ ᠤᠷ᠎ᠠ ᠮᠡᠷᠭᠡᠵᠢᠯ᠎ᠢ ᠰᠣᠶᠣᠯ᠎ᠤᠨ ᠪᠦᠲᠦᠭᠡᠯᠴᠢ ᠪᠦᠲᠦᠭᠡᠭᠳᠡᠬᠦᠨ ᠪᠣᠯᠭᠠᠵᠤ᠂ ᠦᠢᠯᠡᠳᠬᠦᠨ᠎ᠦ ᠲᠦᠷᠦᠯ ᠵᠦᠢᠯ᠎ᠢ ᠲᠠᠰᠤᠷᠠᠯᠳᠠ ᠦᠭᠡᠢ ᠪᠠᠶᠠᠯᠢᠭᠵᠢᠭᠤᠯᠵᠤ᠂ ᠨᠡᠮᠡᠯᠲᠡ ᠦᠷᠳᠡᠭ᠎ᠢ ᠨᠢ ᠲᠠᠬᠢᠨ᠎ᠢᠶᠠᠷ ᠳᠡᠭᠡᠭᠰᠢᠯᠡᠬᠦᠯᠪᠡ᠃ ᠬᠤᠰᠢᠭᠤ ᠵᠠᠰᠠᠭ᠎ᠤᠨ ᠤᠷᠲᠤᠨ ᠡᠴᠡ ᠠᠷᠭ᠎ᠠ ᠪᠦᠬᠦᠨ᠎ᠢ ᠰᠦᠪᠡᠭᠴᠢᠯᠡᠨ᠂ ᠪᠤᠷᠤᠯᠠᠭᠤᠯᠭ᠎ᠠ᠎ᠶᠢᠨ ᠵᠠᠮ᠎ᠶ᠋ᠢᠡᠨ ᠦᠷᠭᠡᠳᠭᠡᠵᠦ᠂ ᠱᠦᠭᠦᠷ ᠡᠪᠡᠰᠦ ᠪᠠᠭᠠᠷᠢᠨ ᠵᠡᠬᠦᠨ ᠬᠤᠰᠢᠭᠤ᠎ᠠᠴᠠ ᠪᠦᠬᠦ᠌ ᠤᠯᠤᠰ᠎ᠤᠨ ᠵᠠᠬ᠎ᠠ ᠳᠡᠯᠭᠡᠭᠦᠷ᠂ ᠴᠢᠨᠠᠬᠰᠢᠯᠠᠪᠠᠯ ᠎ᠤᠯᠤᠰ᠎ᠤᠨ ᠭᠠᠳᠠᠭᠠᠳᠤ᠎ᠳᠤ ᠪᠣᠷᠣᠯᠠᠭᠤᠯᠤᠭᠳᠠᠵᠤ᠂ 《ᠪᠠᠭᠠᠷᠢᠨ ᠵᠡᠭᠦᠨ ᠬᠣᠰᠢᠭᠤᠨ᠎ᠤ ᠱᠦᠭᠦᠷ ᠡᠪᠡᠰᠦ》 ᠬᠡᠮᠡᠬᠦ ᠭᠠᠵᠠᠷ ᠵᠦᠢ᠎ᠶᠢᠨ ᠢᠯᠡᠷᠭᠡᠢᠯᠡᠯᠲᠦ ᠲᠦᠷᠦᠯ ᠲᠡᠮᠳᠡᠭ᠎ᠦᠨ ᠳᠠᠪᠠᠭᠤᠯᠢᠭ᠎ᠶ᠋ᠢᠡᠨ ᠵᠠᠬ᠎ᠠ ᠲᠡᠯᠭᠡᠬᠦᠷ ᠲᠦ᠍ ᠰᠠᠭᠠᠳ ᠦᠬᠡᠢ ᠨᠡᠪᠳᠡᠷᠡᠬᠦ ᠨᠡᠷ᠎ᠡ᠎ᠶᠢᠨ ᠬᠠᠭᠤᠲᠠᠰᠦ ᠪᠤᠯᠭᠠᠵᠠᠢ᠃

ᠠᠵᠤ ᠦᠢᠯᠡᠰ᠎ᠦᠨ ᠬᠥᠭᠵᠢᠯᠲᠡ ᠨᠢ ᠵᠠᠰᠠᠭ᠎ᠤᠨ ᠣᠷᠳᠣᠨ᠎ᠤ ᠨᠢᠬᠡᠲᠦᠯᠳᠡᠢ ᠲᠦᠯᠦᠪᠵᠢᠬᠦᠯᠬᠡ᠎ᠡᠴᠡ ᠰᠠᠯᠵᠤ ᠴᠢᠳᠠᠬᠤ ᠦᠭᠡᠢ᠃ ᠱᠦᠬᠦᠷ ᠡᠪᠡᠰᠦ᠎ᠶᠢᠨ ᠠᠵᠦ ᠦᠢᠯᠡᠰ᠎ᠢ ᠬᠦᠭᠵᠢᠬᠦᠯᠬᠦ ᠶᠠᠪᠤᠴᠠ᠎ᠳᠠᠭᠠᠨ᠂ ᠪᠠᠭᠠᠷᠢᠨ ᠵᠡᠬᠦᠨ ᠬᠤᠰᠢᠭᠤᠨ᠎ᠤ ᠵᠠᠰᠠᠭ᠎ᠤᠨ ᠤᠷᠲᠤᠨ ᠡᠴᠡ ᠲᠥᠷᠥ᠎ᠶᠢᠨ ᠪᠣᠳᠣᠯᠭ᠎ᠠ᠎ᠪᠠᠷ ᠲᠡᠳᠬᠦᠵᠦ᠂ ᠨᠠᠷᠠᠲᠤ᠌ ᠲᠡᠮᠳᠡᠭ᠎ᠢ ᠡᠬᠦᠲᠦᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠪᠣᠷᠣᠯᠠᠭᠤᠯᠬᠤ ᠵᠠᠮ᠎ᠢ ᠥᠷᠭᠡᠳᠬᠡᠵᠦ᠍᠂ ᠳᠠᠷᠢᠬᠤ ᠪᠣᠯᠪᠠᠰᠤᠷᠠᠭᠤᠯᠬᠤ ᠪᠣᠷᠣᠯᠠᠭᠤᠯᠬᠤ ᠪᠥᠬᠥ᠌ ᠬᠡᠯᠬᠢᠶ᠎ᠡ᠎ᠶᠢ ᠨᠡᠪᠲᠡᠷᠡᠭᠦᠯᠵᠦ᠍᠂ ᠲᠠᠷᠢᠶᠠᠴᠢᠨ ᠡᠷᠦᠬᠡ᠎ᠶᠢᠨ ᠦᠢᠯᠡᠳᠪᠦᠷᠢᠯᠡᠯ ᠪᠠ ᠪᠣᠷᠣᠯᠠᠭᠤᠯᠭ᠎ᠠ᠎ᠶᠢᠨ ᠪᠡᠷᠬᠡ ᠰᠡᠳᠦᠪ᠎ᠢ ᠰᠢᠢᠳᠪᠦᠷᠢᠯᠡᠵᠦ ᠦᠭᠬᠦᠭᠰᠡᠨ ᠪᠠᠢᠨ᠎ᠠ᠃

ᠵᠢᠵᠢᠭ ᠱᠦᠬᠦᠷ ᠡᠪᠡᠰᠤᠨ᠎ᠤ ᠭᠠᠷᠤᠯᠳᠡ ᠪᠠᠨ ᠲᠤᠮᠤ ᠠᠵᠦ ᠦᠢᠯᠡᠰ ᠪᠤᠯᠭᠠᠬᠰᠠᠨ ᠪᠠᠭᠠᠷᠢᠨ ᠵᠡᠬᠦᠨ ᠬᠤᠰᠢᠭᠤᠨ᠎ᠤ ᠲᠤᠷᠰᠢᠯᠭ᠎ᠠ ᠨᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠲᠤᠮᠤ ᠲᠦᠷᠦᠯ ᠵᠦᠢᠯ᠎ᠢ ᠬᠥᠭᠡᠭᠡᠴᠡᠯᠳᠦᠬᠦ᠌ ᠬᠡᠷᠡᠭ ᠦᠭᠡᠢ᠂ ᠬᠠᠷᠢᠨ ᠣᠷᠣᠨ ᠨᠤᠲᠤᠭ᠎ᠤᠨ ᠡᠬᠢ ᠪᠠᠶᠠᠯᠢᠭ ᠲᠠᠭᠠᠨ ᠰᠠᠭᠤᠷᠢᠯᠠᠵᠤ᠂ ᠰᠣᠶᠣᠯ᠎ᠤᠨ ᠠᠭᠤᠯᠤᠭᠳᠠᠬᠤᠨ᠎ᠢ ᠭᠦᠨᠵᠡᠭᠡᠢ ᠠᠭᠤᠳᠠᠯᠵᠤ᠂ ᠤᠷᠤᠨ ᠨᠤᠲᠤᠭ᠎ᠤᠨ ᠤᠨᠴᠠᠯᠢᠬᠲᠦ ᠪᠦᠲᠦᠭᠡᠭᠳᠡᠬᠦᠨ᠎ᠶ᠋ᠢᠡᠨ ᠰᠠᠶ᠋ᠢᠲᠤᠷ ᠦᠢᠯᠡᠳᠪᠦᠷᠢᠯᠡᠵᠦ ᠡᠵᠡᠩᠨᠡᠪᠡᠯ ᠵᠤᠬᠢᠨ᠎ᠠ ᠭᠡᠳᠡᠭ᠎ᠢ ᠮᠡᠳᠡᠬᠦᠯᠦᠭᠰᠡᠨ ᠪᠠᠢᠨ᠎ᠠ᠃ ᠪᠠᠭᠠᠷᠢᠨ ᠵᠡᠬᠦᠨ ᠬᠤᠰᠢᠭᠤᠨ᠎ᠤ ᠦᠢᠯᠡᠲᠦᠯᠬᠡ ᠨᠢ᠂ ᠣᠷᠣᠨ ᠨᠤᠲᠤᠭ᠎ᠤᠨ ᠡᠬᠢ ᠪᠠᠶᠠᠯᠢᠭ᠎ᠢ ᠠᠮᠢᠯᠠᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠷ᠎ᠠ ᠮᠡᠷᠭᠡᠵᠢᠯ᠎ᠢ ᠠᠵᠦ ᠦᠢᠯᠡᠰ᠎ᠤᠨ ᠬᠦᠭᠵᠢᠯᠳᠡ᠎ᠳᠡᠭᠡᠨ ᠠᠭᠤᠰᠤᠯᠴᠠᠭᠤᠯᠵᠦ᠂ ᠠᠵᠦ ᠦᠢᠯᠡᠰ᠎ᠤᠨ ᠬᠡᠯᠬᠢᠶ᠎ᠡ ᠪᠠᠨ ᠦᠷᠭᠦᠯᠵᠢᠯᠡᠨ ᠤᠷᠲᠤᠳᠬᠠᠪᠠᠯ ᠰᠠᠶᠢ ᠨᠠᠩ ᠣᠯᠠ 《ᠨᠤᠲᠤᠭ᠎ᠤᠨ ᠭᠠᠷᠤᠯᠲᠠ》᠎ᠶᠢ 《ᠨᠡᠷᠡᠲᠦ ᠲᠡᠮᠳᠡᠭ》 ᠪᠣᠯᠭᠠᠨ ᠬᠤᠪᠢᠷᠠᠭᠤᠯᠵᠤ᠂ ᠰᠣᠶᠣᠯ᠎ᠢ ᠤᠯᠠᠮᠵᠢᠯᠠᠬᠤ᠂ ᠠᠵᠤ ᠦᠢᠯᠡᠰ᠎ᠦᠨ ᠦᠷ᠎ᠡ ᠠᠰᠢᠭ᠎ᠢ ᠨᠡᠮᠡᠭᠳᠡᠭᠦᠯᠬᠦ᠌᠂ ᠣᠯᠠᠨ ᠲᠦᠮᠡᠨ᠎ᠢ ᠪᠠᠶᠠᠵᠢᠭᠤᠯᠬᠤ ᠵᠠᠮ᠎ᠢᠶᠠᠷ ᠵᠠᠮᠨᠠᠵᠤ ᠴᠢᠳᠠᠨ᠎ᠠ ᠭᠡᠳᠡᠭ᠎ᠢ ᠪᠢᠳᠡᠨ᠎ᠳᠦ ᠲᠠᠨᠢᠭᠤᠯᠤᠬᠰᠠᠨ ᠶᠤᠮ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面