2025-05-19 16:08:30
ᠥᠪᠡᠷᠲᠡᠭᠡᠨ ᠵᠠᠰᠠᠬᠤ ᠣᠷᠣᠨ ᠤ ᠴᠡᠷᠢᠭ ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠢᠩᠬᠢᠮ ᠡᠴᠡ ᠣᠢᠯᠠᠭᠠᠭ᠍ᠰᠠᠨ ᠵᠢᠨᠷ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠡᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠲᠡᠢᠨ᠎ᠤ ᠢᠯᠠᠯᠲᠠ ᠣᠯᠤᠭ᠍ᠰᠠᠨ 80 ᠵᠢᠯ ᠦᠨ ᠣᠶ ᠶ᠋ᠢ ᠳᠤᠷᠠᠰᠭᠠᠬᠤ᠎ᠶ᠋ᠢᠨ ᠲᠥᠯᠥᠭᠡ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠶᠠᠮᠤᠨ᠎ᠤ ᠨᠢᠭᠡᠳᠦᠯᠲᠡᠶ ᠪᠠᠢᠷᠢᠯᠠᠭᠤᠯᠤᠯᠲᠠ ᠶᠣᠰᠣᠭᠠᠷ᠂ ᠮᠠᠨ ᠤ᠋ ᠤᠷᠤᠨ ᠤ᠋ ᠡᠯ᠎ᠡ ᠭᠠᠵᠠᠷ᠎ᠤᠨ᠎ᠬᠢᠨ 《ᠠᠭᠤᠯᠠ ᠤᠰᠤ ᠠᠷᠢᠭᠤᠨ ᠰᠦᠨᠡᠰᠤ ᠵᠢ ᠰᠠᠨᠠᠭᠠᠯᠵᠠᠨ᠎ᠠ》 ᠭᠡᠬᠦ ᠦᠷᠡᠭ᠌ᠳᠡᠭ᠌ᠰᠡᠨ ᠪᠠᠭᠠᠲᠤᠷᠴᠤᠳ ᠤᠨ ᠦᠯᠢᠭᠡᠷ ᠤ᠋ᠨ ᠤᠬᠠᠭᠤᠯᠤᠨ ᠲᠠᠢᠯᠪᠤᠷᠢᠯᠠᠭ᠍ᠴᠢ᠎ᠶ᠋ᠢᠨ ᠤᠷᠤᠯᠳᠤᠭᠠᠨ᠎ᠢ ᠵᠠᠯᠭᠠᠭ᠎ᠠ᠎ᠪᠠᠷ ᠥᠷᠨᠢᠭᠦᠯᠵᠦ᠍᠂ ᠪᠥᠬᠥ᠌ ᠣᠷᠣᠨ᠎ᠤ ᠦᠷᠡᠭ᠌ᠳᠡᠭ᠌ᠰᠡᠨ ᠪᠠᠭᠠᠲᠤᠷᠴᠤᠳ᠎ᠤᠨ ᠦᠯᠢᠭᠡᠷ ᠤ᠋ᠨ ᠤᠬᠠᠭᠤᠯᠤᠨ ᠲᠠᠢᠯᠪᠤᠷᠢᠯᠠᠭ᠍ᠴᠢ᠎ᠶ᠋ᠢᠨ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠂ ᠦᠷᠡᠭ᠌ᠳᠡᠭ᠌ᠰᠡᠨ ᠪᠠᠭᠠᠲᠤᠷᠴᠤᠳ᠎ᠤᠨ ᠵᠣᠷᠢᠭ ᠰᠠᠨᠠᠭ᠎ᠠ᠎ᠶ᠋ᠢ ᠦᠷᠭᠦᠯᠵᠢᠯᠡᠨ ᠪᠠᠳᠠᠷᠠᠭᠤᠯᠵᠤ᠂ ᠬᠤᠪᠢᠰᠭᠠᠯ ᠤᠨ ᠰᠣᠶᠣᠯ ᠢ ᠤᠯᠠᠮᠵᠢᠯᠠᠨ᠂ ᠪᠠᠭᠠᠲᠤᠷᠴᠤᠳ᠎ᠢ ᠬᠦᠨᠳᠦᠳᠭᠡᠬᠦ᠌᠂ ᠦᠷᠡᠭ᠌ᠳᠡᠭ᠌ᠰᠡᠨ ᠪᠠᠭᠠᠲᠤᠷᠴᠤᠳ᠎ᠤᠨ ᠬᠡᠷ ᠪᠦᠯᠢ ᠵᠢᠨ ᠬᠢ᠎ᠶ᠋ᠢ ᠬᠠᠯᠠᠮᠵᠢᠯᠠᠬᠤ ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠬᠤ᠎ᠵᠢ ᠵᠣᠷᠢᠪᠠ᠃
ᠣᠢᠯᠠᠭᠠᠭ᠍ᠰᠠᠨ᠎ᠢᠶᠠᠷ᠂ ᠤᠷᠤᠯᠳᠤᠭᠠᠨ ᠡᠬᠢᠯᠡᠭ᠌ᠰᠡᠨ᠎ᠡᠴᠡ ᠨᠠᠭᠠᠰᠢ᠂ ᠦᠷᠡᠭ᠌ᠳᠡᠭ᠌ᠰᠡᠨ ᠪᠠᠭᠠᠲᠤᠷᠴᠤᠳ᠎ᠢ ᠳᠤᠷᠠᠰᠭᠠᠬᠤ ᠲᠥᠬᠥᠭᠡᠷᠦᠮᠵᠢ᠎ᠶ᠋ᠢ ᠬᠠᠮᠠᠭᠠᠯᠠᠬᠤ ᠨᠢᠭᠡᠴᠢ᠎ᠶ᠋ᠢᠨ ᠲᠤᠰᠭᠠᠶ ᠲᠠᠢᠯᠪᠤᠷᠢᠯᠠᠭ᠍ᠴᠢ᠂ ᠴᠡᠷᠢᠭ ᠦᠨ ᠠᠯᠪᠠ᠎ᠠᠴᠠ ᠬᠠᠯᠠᠬᠳᠠᠬᠰᠠᠳ᠎ᠤᠨ ᠶᠠᠪᠤᠳᠠᠯ᠎ᠤᠨ ᠱᠢᠰᠲ᠋ᠧᠮ᠎ᠦᠨ ᠠᠵᠢᠯᠲᠠᠨ᠂ ᠨᠡᠢᠭᠡᠮ ᠦᠨ ᠡᠯ᠎ᠡ ᠡᠲᠡᠭᠡᠳ᠎ᠦᠨ ᠬᠤᠪᠢᠰᠭᠠᠯᠲᠤ ᠰᠠᠢᠨ ᠳᠤᠷ᠎ᠠ᠎ᠶ᠋ᠢᠨ ᠲᠠᠢᠯᠪᠤᠷᠢᠯᠠᠭ᠍ᠴᠢ ᠵᠡᠷᠭᠡ᠎ᠶ᠋ᠢ ᠪᠠᠭ᠍ᠲᠠᠭᠠᠭ᠍ᠰᠠᠨ ᠡᠯ᠎ᠡ ᠠᠵᠢᠯ ᠲᠥᠷᠥᠯ᠎ᠡᠴᠡ ᠢᠷᠡᠭ᠌ᠰᠡᠨ ᠬᠦᠮᠦᠰ ᠤᠷᠤᠯᠳᠤᠭᠠᠨ ᠳ᠋ᠤ ᠤᠷᠤᠯᠴᠠᠵᠤ᠂ ᠥᠪᠥᠷ ᠮᠣᠩᠭᠣᠯ᠎ᠤᠨ ᠬᠤᠪᠢᠰᠭᠠᠯ᠎ᠤᠨ ᠲᠡᠦᠬᠡᠨ ᠳᠡᠭᠡᠷᠡᠬᠢ ᠦᠷᠡᠭ᠌ᠳᠡᠭ᠌ᠰᠡᠨ ᠪᠠᠭᠠᠲᠤᠷᠴᠤᠳ᠎ᠤᠨ ᠦᠢᠯᠡ ᠶᠠᠪᠤᠳᠠᠯ᠎ᠢᠶᠠᠷ ᠭᠣᠣᠯᠳᠠᠭᠤᠯᠵᠤ᠂ ᠦᠷᠡᠭ᠌ᠳᠡᠭ᠌ᠰᠡᠨ ᠪᠠᠭᠠᠲᠤᠷᠴᠤᠳ᠎ᠤᠨ ᠦᠯᠡᠳᠡᠭᠡᠭ᠌ᠰᠡᠨ ᠡᠳ᠋ ᠪᠤᠳᠠᠰ᠂ ᠵᠠᠬᠢᠳᠠᠯ᠂ ᠡᠳᠦᠷ᠎ᠦᠨ ᠲᠡᠮᠳᠡᠭ᠌ᠯᠡᠯ ᠵᠡᠷᠭᠡ ᠬᠣᠪᠣᠷ ᠨᠠᠨᠳᠢᠨ ᠲᠡᠦᠬᠡᠨ ᠮᠠᠲᠧᠷᠢᠶᠠᠯ᠎ᠢ ᠠᠭᠤᠳᠠᠯᠬᠤ᠎ᠪᠠᠷ ᠲᠠᠮᠵᠢᠨ᠂ ᠦᠷᠡᠭ᠌ᠳᠡᠭ᠌ᠰᠡᠨ ᠪᠠᠭᠠᠲᠤᠷᠴᠤᠳ᠎ᠤᠨ ᠡᠷᠬᠢᠮ ᠳᠡᠭᠡᠳᠦ ᠵᠣᠷᠢᠭ ᠰᠠᠨᠠᠭ᠎ᠠ ᠪᠠ ᠠᠭᠤᠤ ᠶᠡᠬᠡ ᠬᠠᠢᠷ᠎ᠠ ᠰᠡᠳᠭᠢᠯᠭᠡ᠎ᠶ᠋ᠢ ᠠᠮᠢᠳᠤᠯᠢᠭ᠎ᠢᠶᠠᠷ ᠢᠯᠡᠷᠡᠭᠦᠯᠦᠭ᠌ᠰᠡᠨ ᠪᠠᠢᠨ᠎ᠠ᠃
ᠤᠷᠤᠯᠳᠤᠭᠠᠨ᠎ᠤ ᠲᠤᠬᠠᠶ᠎ᠶ᠋ᠢᠨ ᠲᠠᠯᠠᠪᠠᠢ᠎ᠳᠤ᠂ ᠤᠷᠤᠯᠳᠤᠭᠠᠨ ᠳ᠋ᠤ ᠤᠷᠤᠯᠴᠠᠬᠰᠠᠳ ᠴᠢᠩ ᠦᠨᠡᠨᠴᠢ ᠰᠡᠳᠭᠢᠯᠭᠡ ᠪᠠ ᠠᠮᠢᠳᠤᠯᠢᠭ ᠰᠠᠢᠬᠠᠨ ᠦᠭᠡ ᠬᠡᠯᠡ᠎ᠪᠡᠷ ᠦᠷᠡᠭ᠌ᠳᠡᠭ᠌ᠰᠡᠨ ᠪᠠᠭᠠᠲᠤᠷᠴᠤᠳ᠎ᠤᠨ ᠠᠷᠢᠭᠤᠨ ᠴᠢᠰᠤ᠎ᠪᠠᠨ ᠤᠷᠤᠰᠭᠠᠭ᠍ᠰᠠᠨ ᠦᠢᠯᠡ ᠶᠠᠪᠤᠳᠠᠯ ᠪᠤᠯᠤᠨ ᠱᠢᠨ᠎ᠡ ᠴᠠᠭ ᠦᠶ᠎ᠡ᠎ᠶ᠋ᠢᠨ ᠦᠷᠡᠭ᠌ᠳᠡᠭ᠌ᠰᠡᠨ ᠪᠠᠭᠠᠲᠤᠷᠴᠤᠳ᠎ᠤᠨ ᠵᠣᠷᠢᠭ ᠰᠠᠨᠠᠭ᠎ᠠ᠎ᠶ᠋ᠢ ᠵᠠᠯᠭᠠᠮᠵᠢᠯᠠᠭ᠍ᠰᠠᠨ ᠰᠡᠳᠭᠢᠯ ᠬᠥᠳᠡᠯᠭᠡᠮ᠎ᠡ ᠦᠯᠢᠭᠡᠷ᠎ᠢ ᠬᠤᠪᠢᠶᠠᠯᠴᠠᠵᠠᠢ᠃ ᠲᠡᠳᠡᠨᠡᠷ᠂ ᠲᠣᠰ ᠤᠳᠠᠭᠠᠨ᠎ᠤ ᠤᠷᠤᠯᠳᠤᠭᠠᠨ᠎ᠢᠶᠠᠷ ᠠᠵᠠ ᠲᠣᠬᠢᠶᠠᠯ ᠪᠣᠯᠭᠠᠵᠤ᠂ ᠦᠷᠡᠭ᠌ᠳᠡᠭ᠌ᠰᠡᠨ ᠪᠠᠭᠠᠲᠤᠷᠴᠤᠳ᠎ᠤᠨ ᠦᠶ᠋ᠯᠡ ᠠᠵᠢᠯᠯᠠᠭ᠎ᠠ᠎ᠶ᠋ᠢ ᠭᠦᠨᠵᠡᠭᠡᠶ ᠰᠤᠷᠤᠯᠴᠠᠵᠤ ᠤᠬᠠᠭᠤᠯᠤᠨ ᠲᠠᠢᠯᠪᠤᠷᠢᠯᠠᠬᠤ ᠲᠦᠪᠱᠢᠨ᠎ᠢᠶᠡᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠬᠤᠪᠢᠰᠭᠠᠯᠳᠤ ᠤᠳᠤᠮᠰᠢᠯ ᠤ᠋ᠨ ᠡᠷᠡᠰ ᠪᠠᠲᠤ ᠵᠠᠯᠭᠠᠮᠵᠢᠯᠠᠭ᠍ᠴᠢ᠂ ᠦᠷᠡᠭ᠌ᠳᠡᠭ᠌ᠰᠡᠨ ᠪᠠᠭᠠᠲᠤᠷᠴᠤᠳ᠎ᠤᠨ ᠥᠯᠢᠭᠡᠷ᠎ᠦᠨ ᠭᠣᠢᠳᠠ ᠰᠠᠢᠬᠠᠨ ᠲᠠᠢᠯᠪᠤᠷᠢᠯᠠᠭ᠍ᠴᠢ ᠪᠣᠯᠬᠤ᠎ᠪᠠᠷ ᠴᠢᠷᠮᠠᠢᠨ᠎ᠠ ᠭᠡᠵᠦ᠍ ᠢᠯᠡᠳᠭᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠢᠩᠬᠢᠮ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ ᠤ᠋ ᠲᠠᠨᠢᠯᠴᠠᠭᠤᠯᠤᠬᠰᠠᠨ ᠵᠢᠡᠷ᠂ ᠪᠥᠬᠥ᠌ ᠣᠷᠣᠨ᠎ᠤ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠱᠢᠰᠲ᠋ᠧᠮ ᠦᠷᠡᠭ᠌ᠳᠡᠭ᠌ᠰᠡᠨ ᠪᠠᠭᠠᠲᠤᠷᠴᠤᠳ᠎ᠢ ᠳᠤᠷᠠᠰᠭᠠᠬᠤ ᠲᠥᠬᠥᠭᠡᠷᠦᠮᠵᠢ ᠪᠠ ᠬᠤᠪᠢᠰᠭᠠᠯ᠎ᠤᠨ ᠬᠥᠮᠦᠵᠢᠯ᠎ᠦᠨ ᠰᠠᠭᠤᠷᠢᠨ᠎ᠳᠤ ᠲᠦᠱᠢᠭ᠌ᠯᠡᠨ᠂ ᠣᠯᠠᠨ ᠬᠡᠯᠪᠡᠷᠢ ᠶᠠᠩᠵᠤ᠎ᠶ᠋ᠢᠨ ᠭᠤᠤᠯ ᠰᠡᠳᠦᠪᠲᠦ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠨᠠᠩ ᠣᠯᠠᠨ ᠬᠥᠮᠦᠨ᠎ᠳᠦ ᠲᠡᠦᠬᠡ᠎ᠶ᠋ᠢ ᠪᠠᠲᠤ ᠴᠡᠭᠡᠵᠢᠯᠡᠭᠦᠯᠵᠦ᠍᠂ ᠦᠷᠡᠭ᠌ᠳᠡᠭ᠌ᠰᠡᠨ ᠪᠠᠭᠠᠲᠤᠷᠴᠤᠳ᠎ᠤᠨ ᠵᠣᠷᠢᠭ ᠰᠠᠨᠠᠭ᠎ᠠ᠎ᠠᠴᠠ ᠡᠷᠡᠯᠬᠡᠭ᠌ᠯᠡᠨ ᠤᠷᠤᠭ᠍ᠰᠢᠯᠠᠬᠤ ᠬᠦᠴᠦᠨ ᠴᠢᠳᠠᠯ ᠣᠯᠵᠤ᠂ ᠦᠷᠡᠭ᠌ᠳᠡᠭ᠌ᠰᠡᠨ ᠪᠠᠭᠠᠲᠤᠷᠴᠤᠳ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠬᠤᠪᠢᠰᠭᠠᠯ ᠤᠨ ᠤᠳᠤᠮᠱᠢᠯ᠎ᠢ ᠦᠶ᠎ᠡ ᠤᠯᠠᠮᠵᠢᠯᠠᠨ ᠵᠠᠯᠭᠠᠮᠵᠢᠯᠠᠬᠤ᠎ᠶ᠋ᠢ ᠬᠦᠳᠦᠯᠦᠨ ᠲᠠᠭᠠᠭᠤᠯᠤᠨ᠎ᠠ ᠭᠡᠵᠡᠢ᠃ ᠪᠥᠬᠥ᠌ ᠣᠷᠣᠨ᠎ᠤ ᠦᠷᠡᠭ᠌ᠳᠡᠭ᠌ᠰᠡᠨ ᠪᠠᠭᠠᠲᠤᠷᠴᠤᠳ᠎ᠤᠨ ᠦᠯᠢᠭᠡᠷ ᠤ᠋ᠨ ᠤᠬᠠᠭᠤᠯᠤᠨ ᠲᠠᠢᠯᠪᠤᠷᠢᠯᠠᠭ᠍ᠴᠢ᠎ᠶ᠋ᠢᠨ ᠤᠷᠤᠯᠳᠤᠭᠠᠨ ᠤ᠋ ᠳᠤᠮᠳᠠ᠎ᠠᠴᠠ ᠱᠢᠯᠢᠳᠡᠭ᠎ᠢ ᠨᠢ ᠰᠣᠩᠭᠣᠨ ᠪᠥᠬᠥ᠌ ᠤᠯᠤᠰ᠎ᠤᠨ ᠤᠷᠤᠯᠳᠤᠭᠠᠨ᠎ᠳᠤ ᠣᠷᠣᠯᠴᠠᠭᠤᠯᠬᠤ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃