2025-06-09 10:41:53
6 ᠰᠠᠷ᠎ᠠ᠎ᠶ᠋ᠢᠨ 7 — 8 ᠤ᠋ ᠡᠳᠦᠷ᠂《ᠳᠤᠮᠳᠠᠳᠤ ᠤᠯᠤᠰ᠎ᠤᠨ ᠠᠯᠲᠠᠶ ᠬᠡᠯᠡ ᠰᠤᠳᠤᠯᠤᠯ᠎ᠦᠨ 2025 ᠣᠨ᠎ᠤ ᠪᠥᠬᠥ᠌ ᠤᠯᠤᠰ᠎ᠤᠨ ᠡᠷᠳᠡᠮ ᠱᠢᠨᠵᠢᠯᠡᠭᠡᠨ᠎ᠦ ᠡᠬᠡᠯᠵᠢᠳᠤ ᠬᠤᠷᠠᠯ 》 ᠬᠦᠬᠡᠬᠤᠳᠡ᠎ᠳᠤ ᠶᠠᠪᠤᠬᠳᠠᠪᠠ᠃ ᠲᠣᠰ ᠤᠳᠠᠭᠠᠨ᠎ᠤ ᠬᠤᠷᠠᠯ᠎ᠢ ᠳᠤᠮᠳᠠᠳᠤ ᠤᠯᠤᠰ᠎ᠤᠨ ᠦᠨᠳᠦᠰᠦᠲᠡᠨ᠎ᠦ ᠬᠡᠯᠡ ᠱᠢᠨᠵᠢᠯᠡᠯᠤᠨ ᠨᠡᠢᠭᠡᠮᠯᠢᠭ᠎ᠦᠨ ᠠᠯᠲᠠᠶ ᠬᠡᠯᠡᠨ᠎ᠦ ᠰᠤᠳᠤᠯᠤᠯᠤᠨᠲᠤᠰᠭᠠᠶ ᠵᠥᠪᠯᠡᠯ ᠪᠤᠯᠤᠨ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠮᠣᠩᠭᠣᠯ ᠰᠤᠳᠤᠯᠤᠯ᠎ᠤᠨ ᠳᠡᠭᠡᠳᠦ ᠰᠤᠷᠭᠠᠭᠤᠯᠢ ᠬᠠᠮᠲᠤᠷᠠᠨ ᠭᠤᠤᠯᠯᠠᠨ ᠡᠷᠭᠢᠯᠡᠵᠠᠢ᠃
ᠲᠤᠰ ᠤᠳᠠᠭᠠᠨ᠎ᠤ ᠬᠤᠷᠠᠯ ᠨᠢ《ᠠᠯᠲᠠᠢ ᠬᠡᠯᠡ ᠰᠤᠳᠤᠯᠤᠯ᠎ᠤᠨ ᠬᠤᠰᠢᠭᠤᠷᠠᠯ ᠰᠤᠳᠤᠯᠭᠠᠨ᠎ᠢ ᠠᠬᠢᠭᠤᠯᠤᠨ ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠲᠠ᠎ᠶ᠋ᠢᠨ ᠦᠢᠯᠡᠰ᠎ᠲᠦ ᠦᠢᠯᠡᠴᠢᠯᠡᠬᠦ᠌》᠎ᠪᠡᠷ ᠭᠣᠣᠯ ᠰᠡᠳᠦᠪ ᠪᠤᠯᠭᠠᠨ᠂ ᠠᠯᠲᠠᠶ ᠢᠵᠠᠭᠤᠷ ᠬᠡᠯᠡᠨ᠎ᠤ ᠰᠤᠳᠤᠯᠤᠯ᠎ᠤᠨ ᠬᠤᠰᠢᠭᠤᠷᠠᠯ ᠰᠤᠳᠤᠯᠭᠠᠨ᠎ᠢ ᠭᠦᠨᠵᠡᠭᠡᠢᠷᠡᠭᠦᠯᠵᠦ᠍᠂ ᠤᠯᠤᠰ᠎ᠤᠨ ᠬᠢᠯᠢ ᠬᠢᠵᠠᠭᠠᠷ᠎ᠤᠨ ᠰᠣᠶᠣᠯ᠎ᠤᠨ ᠪᠠᠢᠯᠳᠤᠬᠤ ᠪᠣᠳᠣᠯᠭ᠎ᠠ᠎ᠳᠤ ᠦᠶ᠋ᠯᠡᠴᠢᠯᠡᠬᠦ᠌᠎ᠪᠡᠷ ᠵᠣᠷᠢᠯᠳᠡ᠎ᠪᠠᠨ ᠪᠣᠯᠭᠠᠵᠠᠶ᠃
ᠲᠤᠰ ᠤᠳᠠᠭᠠᠨ᠎ᠤ ᠬᠤᠷᠠᠯ᠎ᠳᠤ ᠳᠤᠮᠳᠠᠳᠤ ᠤᠯᠤᠰ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ ᠂ ᠪᠡᠭᠡᠵᠢᠩ ᠶᠡᠬᠡ ᠰᠤᠷᠭᠠᠭᠤᠯᠢ᠂ ᠯᠠᠨᠵᠧᠦ ᠶᠡᠬᠡ ᠰᠤᠷᠭᠠᠭᠤᠯᠢ᠂ ᠲᠥᠪ᠎ᠦᠨ ᠦᠨᠳᠦᠰᠦᠲᠡᠨ᠎ᠦ ᠶᠡᠬᠡ ᠰᠤᠷᠭᠠᠭᠤᠯᠢ᠂ ᠬᠠᠷᠠᠮᠥ᠋ᠷᠡᠨ ᠶᠡᠬᠡ ᠰᠤᠷᠭᠠᠭᠤᠯᠢ᠂ ᠱᠢᠨᠵᠢᠶᠠᠩ ᠶᠡᠬᠡ ᠰᠤᠷᠭᠠᠭᠤᠯᠢ ᠵᠡᠷᠭᠡ 30 ᠭᠠᠷᠤᠢ ᠶᠡᠬᠡ ᠳᠡᠭᠡᠳᠦ ᠰᠤᠷᠭᠠᠭᠤᠯᠢ ᠵᠢᠴᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶ᠋ᠢᠨ ᠵᠠᠭᠤ ᠱᠢᠬᠠᠮ ᠲᠤᠰᠭᠠᠢ ᠮᠡᠷᠭᠡᠵᠢᠯᠲᠡᠨ ᠪᠠ ᠡᠷᠳᠡᠮᠲᠡᠳ ᠤᠷᠤᠯᠴᠠᠵᠠᠢ᠃《ᠲᠤᠰ ᠤᠳᠠᠭ᠎ᠠ᠎ᠶ᠋ᠢᠨ ᠬᠤᠷᠠᠯ᠎ᠢᠶᠠᠷ ᠳᠠᠮᠵᠢᠭᠤᠯᠤᠨ᠂ ᠠᠯᠲᠠᠢ ᠢᠵᠠᠭᠤᠷ ᠬᠡᠯᠡᠨ᠎ᠦ ᠡᠯ᠎ᠡ ᠬᠡᠯᠡ ᠪᠣᠯᠤᠨ ᠳᠤᠮᠳᠠᠳᠤ᠎ᠶ᠋ᠢᠨ ᠪᠣᠯᠪᠠᠰᠤᠨ᠎ᠤ ᠤᠯᠠᠨ ᠡᠱᠢᠵᠢᠭ᠌ᠰᠡᠨ ᠨᠢᠭᠡ ᠴᠣᠭ᠍ᠴᠠ᠎ᠶ᠋ᠢᠨ ᠪᠠᠢᠷᠢᠱᠢᠯ᠎ᠤᠨ ᠬᠣᠭᠣᠷᠣᠨᠳᠣᠬᠢ ᠬᠠᠷᠢᠯᠴᠠᠭ᠎ᠠ᠎ᠶ᠋ᠢᠨ ᠰᠤᠳᠤᠯᠭᠠᠨ᠎ᠢ ᠤᠯᠠᠮ ᠴᠢᠨᠠᠭ᠍ᠰᠢᠳᠠ ᠭᠦᠨᠵᠡᠭᠡᠢᠷᠡᠭᠦᠯᠵᠦ᠍᠂ ᠲᠡᠭᠦᠨ᠎ᠦ ᠤᠮᠠᠷᠠᠲᠤ ᠬᠢᠯᠢ᠎ᠶ᠋ᠢᠨ ᠰᠣᠶᠣᠯ᠎ᠢ ᠤᠯᠠᠮᠵᠢᠯᠠᠨ ᠵᠠᠯᠭᠠᠮᠵᠢᠯᠠᠬᠤ᠂ ᠬᠢᠯᠢ ᠬᠢᠵᠠᠭᠠᠷ᠎ᠤᠨ ᠵᠠᠰᠠᠯᠲᠠ᠂ ᠤᠯᠠᠨ ᠤᠯᠤᠰ᠎ᠤᠨ ᠳᠠᠮᠵᠢᠭᠤᠯᠭ᠎ᠠ ᠵᠡᠷᠭᠡ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠦᠨ᠎ᠡ ᠦᠷᠳᠡᠭ᠎ᠢ ᠥᠷᠭᠡᠳᠭᠡᠵᠦ ᠪᠠᠢᠨ᠎ᠠ᠃ ᠡᠭᠦᠨ᠎ᠦ ᠬᠠᠮᠲᠤ᠂ ᠡᠯ᠎ᠡ ᠠᠬ᠎ᠠ ᠳᠡᠭᠦᠦ ᠶᠡᠬᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠯᠤᠭ᠎ᠠ᠎ᠶ᠋ᠢᠨ ᠬᠠᠮᠲᠤᠷᠠᠯᠴᠠᠭᠠᠨ᠎ᠤ ᠲᠣᠭ᠍ᠲᠠᠴᠠ ᠪᠠᠨ ᠤᠯᠠᠮ ᠴᠢᠨᠠᠭ᠍ᠰᠢᠳᠠ ᠭᠦᠨᠵᠡᠭᠡᠢᠷᠡᠭᠦᠯᠵᠦ᠍ ᠂ ᠠᠯᠲᠠᠶ ᠬᠡᠯᠡᠨ᠎ᠦ ᠱᠢᠨᠵᠢᠯᠡᠭᠡᠨ᠎ᠦ ᠱᠢᠰᠲ᠋ᠧᠮ ᠂ ᠴᠢᠳᠠᠪᠤᠷᠢᠲᠠᠨ᠎ᠢ ᠬᠥᠮᠦᠵᠢᠭᠦᠯᠬᠦ᠌ ᠱᠢᠰᠲ᠋ᠧᠮ᠂ ᠬᠡᠯᠡᠨ᠎ᠦ ᠡᠬᠢ ᠪᠠᠶᠠᠯᠢᠭ᠎ᠢ ᠨᠡᠭᠡᠭᠡᠨ ᠬᠥᠭ᠌ᠵᠢᠭᠦᠯᠬᠦ᠌ ᠪᠠ ᠬᠠᠮᠲᠤ᠎ᠪᠠᠷ ᠡᠳ᠋ᠯᠡᠬᠦ᠌ ᠲᠣᠭ᠍ᠲᠠᠴᠠ᠎ᠶ᠋ᠢᠨ ᠬᠠᠮᠵᠢᠯᠴᠠᠨ ᠬᠥᠭ᠌ᠵᠢᠬᠦ᠌᠎ᠶ᠋ᠢ ᠠᠬᠢᠭᠤᠯᠵᠤ᠂ ᠮᠠᠨ᠎ᠤ ᠤᠯᠤᠰ᠎ᠤᠨ ᠬᠡᠯᠡᠨ ᠰᠤᠳᠤᠯᠤᠯ᠎ᠤᠨ ᠦᠶ᠋ᠯᠡᠰ᠎ᠦᠨ ᠬᠥᠭ᠌ᠵᠢᠯᠲᠡ᠎ᠳᠦ ᠱᠢᠨ᠎ᠡ ᠠᠮᠢᠵᠢᠷᠠᠯ᠎ᠤᠨ ᠬᠦᠴᠦᠨ ᠪᠠ ᠬᠥᠳᠡᠯᠭᠡᠬᠦ᠌ ᠬᠦᠴᠦᠨ ᠨᠡᠮᠡᠷᠢᠯᠡᠪᠡ》 ᠬᠡᠵᠦ ᠦᠪᠦᠷ ᠮᠤᠡᠭᠭᠤᠯ᠎ᠤᠨ ᠪᠠᠬᠰᠢ᠎ᠶᠢᠨ ᠶᠡᠬᠡ ᠰᠤᠷᠭᠠᠭᠤᠯᠢ᠎ᠶᠢᠨ ᠮᠤᠡᠭᠭᠤᠯ ᠰᠤᠳᠤᠯᠤᠯ᠎ᠤᠨ ᠳᠡᠭᠡᠳᠦ ᠰᠤᠷᠭᠠᠭᠤᠯᠢ᠎ᠶᠢᠨ ᠵᠠᠬᠢᠷᠤᠯ ᠲᠤᠷᠤᠨᠠᠲ᠋ᠡᠭᠷᠢ ᠬᠡᠯᠡᠪᠠ᠃
ᠲᠤᠰ ᠤᠳᠠᠭᠠᠨ᠎ᠤ ᠬᠤᠷᠠᠯ ᠨᠢ ᠭᠤᠤᠯ ᠰᠡᠳᠤᠪᠳᠤ ᠬᠤᠷᠠᠯ ᠪᠤᠯᠤᠨ 6 ᠬᠤᠪᠢᠶᠠᠷᠢ ᠳᠠᠯᠠᠪᠠᠢ ᠬᠤᠷᠠᠯ ᠲᠤᠬᠢᠷᠠᠭᠤᠯᠤᠨ᠂ ᠬᠤᠷᠠᠯ᠎ᠤᠨ ᠠᠭᠤᠯᠭ᠎ᠠ ᠨᠢ ᠠᠯᠲᠠᠢ ᠢᠵᠠᠭᠤᠷ ᠬᠡᠯᠡᠨ᠎ᠦ ᠲᠡᠦᠬᠡᠨ ᠬᠠᠷᠢᠴᠠᠭᠤᠯᠤᠯ᠂ ᠤᠳᠤ ᠦᠶ᠎ᠡ᠎ᠶ᠋ᠢᠨ ᠬᠡᠷᠡᠭ᠌ᠯᠡᠭᠡ᠂ ᠰᠣᠶᠣᠯ᠎ᠤᠨ ᠤᠯᠠᠮᠵᠢᠯᠠᠯ ᠪᠣᠯᠤᠨ ᠨᠡᠢᠭᠡᠮ᠎ᠦᠨ ᠬᠡᠷᠡᠭᠯᠡᠬᠡ ᠵᠡᠷᠭᠡ ᠰᠡᠳᠦᠪ᠎ᠦᠨ ᠲᠣᠭᠣᠷᠢᠨ᠎ᠳᠤ ᠭᠦᠨᠵᠡᠭᠡᠢ ᠰᠤᠳᠤᠯᠤᠨ ᠶᠠᠷᠢᠯᠴᠠᠵᠤ᠂ ᠠᠭᠤᠯᠭ᠎ᠠ ᠨᠢ ᠰᠤᠷᠪᠤᠯᠵᠢ ᠪᠢᠴᠢᠭ᠎ᠦᠨ ᠬᠡᠯᠨᠱᠢᠨᠵᠢᠯᠡᠯ᠂ ᠲᠡᠦᠬᠡᠨ ᠬᠡᠯᠡ ᠱᠢᠨᠵᠢᠯᠡᠯ᠂ ᠰᠣᠶᠣᠯ ᠬᠡᠯᠡ ᠱᠢᠨᠵᠢᠯᠡᠯ᠂ ᠲᠠᠨᠢᠨ ᠮᠡᠳᠡᠬᠦᠢ᠎ᠶ᠋ᠢᠨ ᠬᠡᠯᠡ ᠱᠢᠨᠵᠢᠯᠡᠯ᠂ ᠲᠤᠷᠱᠢᠯᠲᠠ ᠵᠢᠨ ᠬᠡᠯᠡ ᠱᠢᠨᠵᠢᠯᠡᠯ᠂ ᠬᠡᠷᠡᠭ᠌ᠯᠡᠭᠡᠨ᠎ᠦ ᠬᠡᠯᠡ ᠱᠢᠨᠵᠢᠯᠡᠯ᠂ ᠬᠡᠯᠡᠨ᠎ᠦ ᠬᠡᠯᠪᠡᠷᠢ ᠱᠢᠨᠵᠢᠯᠡᠯ ᠵᠡᠷᠭᠡ ᠤᠯᠠᠨ ᠬᠦᠷᠢᠶ᠎ᠠ ᠴᠠᠷᠠᠭ᠎ᠠ᠎ᠶ᠋ᠢ ᠬᠠᠮᠤᠷᠴᠠᠢ᠃ 《ᠲᠤᠰ ᠤᠳᠠᠭᠠᠨ᠎ᠤ ᠬᠤᠷᠠᠯ᠎ᠳᠤ ᠪᠦᠬᠦ ᠤᠯᠤᠰ᠎ᠤᠨ ᠡᠯ᠎ᠠ ᠭᠠᠵᠠᠷ᠎ᠤᠨ ᠡᠷᠳᠡᠮᠳᠡᠨ ᠰᠤᠳᠤᠯᠭᠠᠳᠠᠳ ᠠᠯᠳᠠᠢ ᠢᠵᠡᠭᠤᠷ ᠬᠡᠯᠡ ᠴᠢᠨᠠᠬᠰᠢᠯᠠᠨ ᠠᠯᠳᠠᠢ ᠢᠵᠠᠭᠤᠷ᠎ᠤᠨ ᠬᠡᠯᠡᠨ᠎ᠳᠤ ᠬᠤᠯᠪᠤᠬᠳᠠᠬᠰᠠᠨ ᠰᠤᠷᠪᠤᠯᠵᠢ ᠪᠢᠴᠢᠭ᠂ ᠲᠦᠷᠦᠯ ᠬᠡᠯᠨ᠂ ᠨᠤᠳᠤᠬ᠎ᠤᠨ ᠠᠶᠠᠯᠭᠤ ᠲᠠᠢ ᠰᠤᠯᠪᠢᠴᠠᠭᠤᠯᠤᠨ ᠦᠷᠬᠡᠨ ᠬᠡᠪᠴᠢᠶᠠᠨ᠎ᠳᠤ ᠮᠠᠰᠢ ᠬᠦᠨᠵᠡᠬᠡᠢ ᠰᠤᠳᠤᠯᠭᠠᠨ᠎ᠤ ᠲᠦᠪᠰᠢᠨ᠎ᠳᠤ ᠰᠤᠳᠤᠯᠤᠨ ᠶᠠᠷᠢᠯᠴᠠᠵᠦ᠂ ᠲᠤᠰ ᠬᠤᠷᠠᠯ ᠨᠢ ᠲᠤᠰᠬᠠᠢ ᠮᠡᠷᠭᠡᠵᠢᠯᠳᠡᠨ ᠪᠠ ᠡᠷᠳᠡᠮᠳᠡᠳ᠎ᠲᠦ ᠨᠡᠭᠡᠭᠡᠯᠳᠡᠳᠡᠢ ᠦᠨᠳᠦᠷ ᠲᠦᠪᠰᠢᠨ ᠪᠦᠬᠦᠢ ᠡᠷᠳᠡᠮ ᠰᠢᠨᠵᠢᠯᠡᠬᠡᠨ᠎ᠤ ᠲᠠᠪᠴᠠᠡᠭ ᠬᠠᠨᠭᠭᠠᠨ ᠦᠭᠴᠠᠢ》 ᠬᠡᠵᠦ ᠦᠪᠦᠷ ᠮᠤᠡᠭᠭᠤᠯ᠎ᠤᠨ ᠪᠠᠬᠰᠢ᠎ᠶᠢᠨ ᠶᠡᠬᠡ ᠰᠤᠷᠭᠠᠭᠤᠯᠢ᠎ᠶᠢᠨ ᠮᠤᠡᠭᠭᠤᠯ ᠰᠤᠳᠤᠯᠤᠯ᠎ᠤᠨ ᠳᠡᠭᠡᠳᠦ ᠰᠤᠷᠭᠠᠭᠤᠯᠢ᠎ᠶᠢᠨ ᠳᠠᠳ᠋ ᠫᠷᠤᠹᠸᠰᠰᠦᠷ ᠴᠢᠨᠳᠠᠮᠦᠨᠢ ᠰᠤᠷᠪᠤᠯᠵᠢᠯᠠᠭ᠎ᠠ ᠬᠦᠯᠢᠶᠡᠬᠦ᠎ᠳᠡᠭᠡᠨ ᠬᠡᠯᠡᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃