ᠲᠡᠷᠢᠭᠦᠨ ᠨᠢᠭᠤᠷ>ᠬᠦᠮᠦᠨ ᠨᠡᠢᠭᠡᠮ>ᠮᠡᠳᠡᠭᠡ

2025-07-16 11:28:40

ᠵᠣᠬᠢᠶᠠᠭ᠍ᠴᠢ᠄ ᠬᠦᠭᠵᠢᠯᠳᠦ ᠣᠩᠱᠢᠭ᠍ᠰᠠᠨ ᠣᠳᠠᠭ᠎ᠠ᠄ 3

ᠠᠩᠬᠠᠳᠤᠭᠠᠷ ᠬᠤᠭᠤᠴᠠᠭᠠᠨ ᠤ᠋ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠢᠵᠢᠭ ᠪᠠᠷ ᠵᠢᠷᠤᠭ ᠵᠢᠴᠢ ᠨᠣᠮ ᠬᠠᠳᠠᠭᠠᠯᠠᠬᠤ ᠺᠠᠷᠲ ᠤ᠋ᠨ ᠰᠣᠳᠣᠨ ᠪᠦᠲᠦᠭᠡᠯ ᠤ᠋ᠨ ᠦᠵᠡᠬᠦᠯᠬᠡ ᠲᠦᠷᠦᠬᠦᠬᠡᠨ ᠥᠪᠥᠷ ᠮᠣᠩᠭᠣᠯ ᠤ᠋ᠨ ᠰᠣᠶᠣᠯ ᠤ᠋ᠨ ᠣᠷᠳᠣᠨ ᠳ᠋ᠤ ᠡᠬᠢᠯᠡᠵᠦ ᠂ ᠪᠠᠷ ᠵᠢᠷᠤᠭ ᠤ᠋ᠨ ᠪᠠᠬᠠᠳᠠᠳ ᠤ᠋ᠨ ᠬᠦᠷᠢᠶᠡᠯᠡᠯ ᠢ᠋ ᠤᠯᠪᠠ᠃

2025 ᠣᠨ ᠤ᠋ ᠥᠪᠡᠷᠲᠡᠭᠡᠨ ᠵᠠᠰᠠᠬᠤ ᠣᠷᠣᠨ ᠤ᠋ ᠰᠣᠶᠣᠯ ᠤ᠋ᠨ ᠣᠷᠳᠣᠨ ᠤ᠋ ᠰᠣᠶᠣᠯ ᠤ᠋ᠨ ᠦᠶ᠋ᠯᠡᠴᠢᠯᠡᠭᠡ ᠤᠬᠠᠭᠤᠯᠭ᠎ᠠ ᠵᠢᠨ ᠭᠠᠷᠠᠭ ᠤ᠋ᠨ ᠴᠢᠬᠤᠯᠠ ᠠᠵᠢᠯᠯᠠᠭ᠎ᠠ ᠪᠣᠯᠤᠭ᠍ᠰᠠᠨ ᠲᠣᠰ ᠤᠳᠠᠭᠠᠨ ᠤ᠋ ᠦᠵᠡᠬᠦᠯᠬᠡ ᠳ᠋ᠤ 100 ᠵᠢᠵᠢᠭ ᠪᠠᠷ ᠵᠢᠷᠤᠭ ᠪᠣᠯᠤᠨ ᠡᠳᠦᠢ ᠳᠡᠳᠦᠢ ᠨᠣᠮ ᠬᠠᠳᠠᠭᠠᠯᠠᠬᠤ ᠺᠠᠷᠲ ᠢ᠋ ᠳᠡᠯᠭᠡᠨ ᠦᠵᠡᠬᠦᠯᠵᠡᠢ᠃ ᠦᠪᠦᠷ ᠮᠤᠨᠭᠭᠤᠯ᠎ᠤᠨ ᠤᠷᠠᠯᠢᠭ᠎ᠤᠨ ᠳᠡᠭᠡᠳᠦ ᠰᠤᠷᠭᠠᠭᠤᠯᠢ ᠪᠤᠯᠤᠨ ᠥᠪᠥᠷ ᠮᠣᠩᠭᠣᠯ ᠤ᠋ᠨ ᠰᠣᠶᠣᠯ ᠤ᠋ᠨ ᠣᠷᠳᠣᠨ ᠡᠴᠡ ᠭᠤᠤᠯᠯᠠᠨ ᠡᠷᠬᠢᠯᠡᠭᠰᠡᠨ ᠡᠨᠡ ᠬᠦ᠌ ᠦᠵᠡᠬᠦᠯᠬᠡ ᠨᠢ ᠬᠣᠲᠣᠭᠣᠷ᠂ ᠭᠦᠳᠦᠭᠦᠷ ᠂ ᠬᠠᠪᠲᠠᠭᠠᠶ᠂ ᠴᠤᠭᠤᠯᠤᠮᠠᠯ ᠵᠢᠴᠢ ᠶᠡᠷᠦᠩᠬᠡᠢᠯᠡᠭ᠌ᠰᠡᠨ ᠭᠡᠬᠦ᠌ 5 ᠶᠡᠬᠡ ᠪᠠᠷ ᠵᠢᠷᠤᠭ ᠤ᠋ᠨ ᠲᠥᠷᠥᠯ ᠢ᠋ ᠡᠮᠬᠢᠳᠭᠡᠵᠦ᠍᠂ ᠪᠠᠷ ᠵᠢᠷᠤᠭ ᠤ᠋ᠨ ᠤᠷᠠᠯᠢᠭ ᠤ᠋ᠨ ᠪᠠᠶᠠᠯᠢᠭ ᠰᠠᠢᠬᠠᠨ ᠤᠷ᠎ᠠ ᠮᠡᠷᠭᠡᠵᠢᠯ ᠢ᠋ ᠪᠦᠬᠦ᠌ ᠲᠠᠯ᠎ᠠ ᠪᠠᠷ ᠳᠡᠯᠭᠡᠨ ᠦᠵᠡᠬᠦᠯᠵᠦ᠂ ᠲᠠᠯ᠎ᠠ ᠨᠤᠲᠤᠭ ᠤ᠋ᠨ ᠰᠦᠷᠯᠢᠭ ᠰᠠᠢᠬᠠᠨ᠂ ᠲᠡᠦᠬᠡ ᠵᠢᠨ ᠬᠦᠨ ᠵᠤᠵᠠᠭᠠᠨ ᠪᠠ ᠠᠮᠢᠳᠤᠷᠠᠯ ᠤ᠋ᠨ ᠬᠠᠯᠠᠭᠤᠨ ᠳᠣᠲᠣᠨᠣ ᠵᠢ ᠶᠡᠷᠤᠳᠡ ᠵᠢᠨ ᠦᠵᠡᠬᠦᠯᠬᠡ ᠵᠢᠨ ᠬᠡᠯᠪᠡᠷᠢ ᠪᠡᠷ ᠤᠯᠠᠨ ᠳ᠋ᠤ ᠦᠵᠡᠬᠦᠯᠵᠤ ᠪᠠᠢᠨ᠎ᠠ᠃ ᠦᠵᠡᠬᠦᠯᠬᠡ ᠳ᠋ᠤ ᠥᠪᠥᠷ ᠮᠣᠩᠭᠣᠯ ᠤ᠋ᠨ ᠤᠷᠠᠯᠢᠭ ᠤ᠋ᠨ ᠳᠡᠭᠡᠳᠦ ᠰᠤᠷᠭᠠᠭᠤᠯᠢ ᠵᠢᠨ ᠤᠷᠠᠨ ᠵᠢᠷᠤᠭ ᠤ᠋ᠨ ᠳᠡᠭᠡᠳᠦ ᠰᠤᠷᠭᠠᠭᠤᠯᠢ ᠵᠢᠨ ᠪᠠᠷ ᠵᠢᠷᠤᠭ ᠤ᠋ᠨ ᠲᠤᠰᠭᠠᠶ ᠮᠡᠷᠭᠡᠵᠢᠯ ᠤ᠋ᠨ ᠪᠠᠭ᠍ᠰᠢ ᠰᠤᠷᠤᠭᠴᠢᠳ 《 ᠰᠣᠶᠣᠯ ᠤ᠋ᠨ ᠰᠠᠢᠨ ᠳᠤᠷ᠎ᠠ ᠵᠢᠨ ᠠᠵᠢᠯᠯᠠᠭ᠍ᠴᠢ 》ᠵᠢᠨ ᠬᠤᠪᠢ ᠪᠠᠷ ᠦᠵᠡᠭ᠌ᠴᠢᠳ ᠲᠦ᠍ ᠲᠤᠰᠭᠠᠶ ᠮᠡᠷᠭᠡᠵᠢᠯ ᠤ᠋ᠨ ᠦᠶ᠋ᠯᠡᠴᠢᠯᠡᠭᠡ ᠬᠠᠩᠭᠠᠨ᠂ ᠲᠤᠬᠠᠶ ᠵᠢᠨ ᠲᠠᠯᠠᠪᠠᠶ ᠳ᠋ᠤ ᠲᠤᠰᠭᠠᠢᠯᠠᠨ ᠲᠣᠬᠢᠷᠠᠭᠤᠯᠤᠭ᠍ᠰᠠᠨ ᠪᠠᠷ ᠵᠢᠷᠤᠭ ᠤ᠋ᠨ ᠪᠡᠶᠡᠴᠢᠯᠡᠨ ᠣᠢᠯᠠᠭᠠᠬᠤ ᠲᠣᠭᠣᠷᠢᠭ ᠲᠦ᠍ ᠦᠵᠡᠭᠴᠢᠳ ᠲᠦ᠍ ᠭᠦᠨᠵᠡᠭᠡᠶ ᠪᠥᠭᠡᠳ ᠣᠢᠯᠠᠭᠠᠮᠵᠢᠲᠠᠶ ᠲᠠᠢᠯᠤᠮᠵᠢ ᠬᠢᠵᠦ᠍᠂ ᠦᠵᠡᠭ᠌ᠴᠢᠳ ᠲᠦ᠍ ᠪᠠᠷ ᠵᠢᠷᠤᠭ ᠤ᠋ᠨ ᠵᠣᠬᠢᠶᠠᠨ ᠪᠦᠲᠦᠭᠡᠯᠭᠡ ᠵᠢᠨ ᠠᠷᠭ᠎ᠠ ᠪᠠ ᠪᠦᠲᠦᠭᠡᠯ ᠤ᠋ᠨ ᠠᠷᠤ ᠳ᠋ᠠᠬᠢ ᠰᠣᠶᠣᠯ ᠤ᠋ᠨ ᠠᠭᠤᠯᠬᠤᠨ ᠢ᠋ ᠤᠢᠯᠠᠭᠠᠭᠤᠯᠬᠤ ᠵᠢᠨ ᠬᠠᠮᠳᠤ ᠪᠠᠷ ᠦᠶ᠋ᠯᠡᠳᠴᠦ ᠬᠡᠪᠯᠡᠭᠦ᠌ ᠪᠥᠬᠥ᠌ ᠶᠠᠪᠤᠴᠠ ᠵᠢ ᠳᠠᠭᠠᠭᠤᠯᠤᠨ ᠬᠢᠯᠬᠡᠵᠦ ᠂ ᠪᠠᠷ ᠵᠢᠷᠤᠭ ᠤ᠋ᠨ ᠤᠷᠠᠯᠢᠭ ᠤ᠋ᠨ ᠥᠪᠡᠷᠮᠢᠴᠡ ᠰᠢᠨᠵᠢ ᠵᠢ ᠬᠦᠨᠵᠡᠬᠡᠢ ᠮᠡᠳᠡᠷᠡᠬᠦᠯᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面