2025-10-13 11:35:33
2025 ᠣᠨ᠎ᠤ 10 ᠰᠠᠷ᠎ᠠ᠎ᠶ᠋ᠢᠨ 1᠎ᠡᠴᠡ 8 ᠤ᠋ ᠡᠳᠦᠷ ᠪᠣᠯᠲᠠᠯ᠎ᠠ᠂ ᠥᠪᠥᠷ ᠮᠣᠩᠭᠣᠯ᠎ᠤᠨ ᠨᠣᠮ᠎ᠤᠨ ᠰᠠᠩ 《ᠬᠤᠤᠰ ᠪᠠᠶᠠᠷ᠎ᠢ ᠬᠠᠮᠲᠤ᠎ᠪᠠᠷ ᠪᠡᠯᠭᠡᠯᠡᠵᠦ᠍᠂ ᠨᠤᠮ᠎ᠤᠨ ᠬᠡᠰᠢᠭ᠎ᠢᠶᠡᠷ ᠰᠡᠳᠭᠢᠯ ᠤᠮᠳᠠᠯᠠᠬᠤ》 ᠭᠤᠤᠯ ᠰᠡᠳᠦᠪᠳᠤ ᠦᠶ᠋ᠯᠡᠴᠢᠯᠡᠭᠡ ᠪᠠ ᠠᠵᠢᠯᠯᠠᠭ᠎ᠠ᠎ᠪᠠᠨ ᠨᠠᠷᠢᠨ ᠨᠢᠮᠪᠠᠶ ᠪᠡᠯᠡᠳᠭᠡᠵᠦ᠍᠂ ᠤᠯᠤᠰ᠎ᠤᠨ ᠪᠠᠶᠠᠷ ᠪᠤᠯᠤᠨ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠎ᠤᠨ ᠠᠮᠠᠷᠠᠯᠳᠠ᠎ᠳᠦ 19225 ᠤᠩᠰᠢᠭᠴᠢ᠎ᠵᠢ ᠬᠦᠯᠢᠶᠡᠨ ᠠᠪᠴᠤ᠂ 9894 ᠢᠵᠢ ᠰᠤᠷᠪᠤᠯᠵᠢ ᠪᠢᠴᠢᠭ᠎ᠢ ᠵᠢᠭᠡᠯᠡᠬᠦᠯᠦᠨ᠂ ᠡᠯ᠎ᠡ ᠲᠥᠷᠥᠯ᠎ᠦᠨ ᠣᠨᠴᠠᠯᠢᠭ᠍ᠲᠤ ᠠᠵᠢᠯᠯᠠᠭ᠎ᠠ᠎ᠶ᠋ᠢ 14 ᠲᠠᠯᠠᠪᠠᠢ ᠡᠷᠬᠢᠯᠡᠨ᠂ 502 ᠬᠥᠮᠦᠨ ᠢᠳᠡᠪᠬᠢᠯᠡᠨ ᠤᠷᠤᠯᠴᠠᠵᠠᠢ᠃
ᠪᠠᠭᠠᠴᠤᠳ ᠬᠡᠦᠬᠡᠳ᠎ᠦᠨ ᠦᠢᠯᠡᠴᠢᠯᠡᠭᠡᠨ᠎ᠦ ᠬᠡᠯᠲᠡᠰ ᠬᠤᠪᠢᠰᠭᠠᠯ᠎ᠦᠨ ᠵᠤᠷᠢᠭ ᠰᠠᠨᠡᠭᠠ ᠵᠢ ᠤᠬᠠᠭᠤᠯᠤᠨ ᠲᠠᠢᠯᠪᠤᠷᠢᠯᠠᠬᠤ᠂ ᠮᠡᠳᠡᠯᠭᠡ᠎ᠶ᠋ᠢᠨ ᠰᠢᠯᠭᠠᠯᠳᠠ ᠪᠣᠯᠤᠨ ᠤᠯᠤᠰ᠎ᠤᠨ ᠪᠠᠶᠠᠷ᠎ᠤᠨ ᠭᠤᠤᠯ ᠰᠡᠳᠦᠪᠳᠦ ᠭᠠᠷ ᠤᠷᠠᠯᠠᠯ᠎ᠢᠶᠠᠷ ᠳᠠᠮᠵᠢᠭᠤᠯᠤᠨ ᠤᠯᠤᠰ᠎ᠢᠶᠠᠨ ᠬᠠᠢᠷᠠᠯᠠᠬᠤ ᠰᠡᠳᠭᠢᠯᠭᠡ᠎ᠶ᠋ᠢ ᠵᠤᠵᠠᠭᠠᠳᠭᠠᠨ᠂ ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ᠎ᠤᠨ ᠰᠣᠶᠣᠯ᠎ᠢ ᠪᠡᠶᠡᠴᠢᠯᠡᠨ ᠣᠢᠯᠠᠭᠠᠵᠤ᠂ ᠰᠣᠶᠣᠯ᠎ᠤᠨ ᠱᠢᠮ᠎ᠡ ᠪᠡᠷ ᠪᠠᠭᠠᠴᠤᠳ ᠬᠡᠥᠬᠡᠳ ᠪᠠᠶᠠᠷ ᠬᠥᠷ᠎ᠲᠡᠶ ᠦᠰᠦᠨ ᠪᠣᠢᠵᠢᠬᠤ᠎ᠳᠤ ᠬᠦᠴᠦᠨ ᠨᠡᠮᠡᠷᠢᠯᠡᠵᠠᠢ; ᠬᠠᠷᠠᠭ᠎ᠠ ᠮᠠᠭᠤᠳᠠᠢ ᠬᠦᠮᠦᠰ᠎ᠲᠦ ᠵᠤᠷᠢᠭᠤᠯᠤᠨ 8 ᠲᠠᠯᠠᠪᠠᠢ ᠰᠤᠳᠤᠨ ᠺᠢᠨᠣ᠋ ᠨᠡᠪᠲᠡᠷᠡᠭᠦᠯᠦᠨ᠂ ᠵᠡᠮᠳᠡᠭ ᠬᠦᠮᠦᠰ᠎ᠲᠤ 65 ᠤᠳᠠᠭ᠎ᠠ ᠦᠶ᠋ᠯᠡᠴᠢᠯᠡᠪᠡ; 《ᠬᠤᠪᠢᠰᠭᠠᠯ᠎ᠤᠨ ᠳᠤᠷᠠᠰᠤᠮᠵᠢ ᠬᠡᠷᠡᠯ ᠰᠡᠭᠦᠳᠡᠷ᠎ᠦᠨ ᠤᠯᠠᠮᠵᠢᠯᠠᠯ》 ᠭᠡᠬᠦ᠌ ᠭᠣᠣᠯ ᠰᠡᠳᠦᠪᠲᠦ ᠺᠢᠨᠣ᠋ᠭᠠᠷᠭᠠᠵᠦ᠍᠂ ᠬᠣᠣᠰ ᠪᠠᠶᠠᠷ᠎ᠤᠨ ᠡᠳᠦᠷ᠎ᠲᠦ ᠭᠦᠨ ᠵᠤᠵᠠᠭᠠᠨ ᠤᠯᠤᠰ᠎ᠢᠶᠡᠨ ᠬᠠᠢᠷᠠᠯᠠᠬᠤ ᠬᠠᠢᠷ᠎ᠠ ᠰᠡᠳᠭᠢᠯᠭᠡ᠎ᠶ᠋ᠢ ᠤᠬᠠᠭᠤᠯᠪᠠ;ᠤᠩᠱᠢᠭ᠍ᠴᠢᠳ᠎ᠲᠦ ᠵᠤᠷᠢᠭᠤᠯᠤᠨ ᠨᠠᠢ᠍ᠮᠠᠨ ᠰᠠᠷ᠎ᠠ᠎ᠶ᠋ᠢᠨ ᠲᠡᠷᠭᠡᠯ ᠪᠠᠶᠠᠷ᠎ᠤᠨ ᠱᠢᠯᠦᠭ ᠳᠠᠭᠤᠯᠠᠯ᠎ᠤᠨ ᠲᠤᠭᠯᠠᠭᠠᠮ᠂ ᠡᠯᠡᠰᠦᠨ ᠤᠭᠤᠲᠠ ᠱᠢᠳᠡᠬᠦ᠌ ᠲᠣᠭ᠍ᠯᠠᠭᠠᠮᠭᠠᠷᠭᠠᠨ᠂ ᠤᠩᠰᠢᠭᠴᠢᠳ᠎ᠤᠨ ᠲᠤᠷ᠎ᠠ ᠪᠠᠬ᠎ᠠ᠎ᠵᠢ ᠬᠦᠭᠵᠢᠬᠡᠵᠡᠢ᠃ ᠪᠠᠰᠠ ᠣᠯᠠᠨ ᠡᠱᠢᠲᠦ ᠰᠦᠯᠵᠢᠶᠡᠨ ᠳᠡᠭᠡᠷᠡᠬᠢ ᠠᠵᠢᠯᠯᠠᠭ᠎ᠠ ᠥᠷᠨᠢᠭᠦᠯᠵᠦ᠂ ᠤᠩᠱᠢᠭ᠍ᠴᠢᠳ᠎ᠲᠤ ᠰᠣᠶᠣᠯ᠎ᠤᠨ ᠦᠪᠡᠳᠡᠭ᠌ᠰᠢ ᠳᠠᠢᠯᠠᠯᠭ᠎ᠠ ᠡᠳ᠋ᠯᠡᠭᠦᠯᠵᠦ᠍᠂ ᠤᠯᠤᠰ᠎ᠢᠶᠠᠨ ᠬᠠᠢᠷᠠᠯᠠᠬᠤ ᠰᠡᠳᠭᠢᠯᠭᠡ᠎ᠶ᠋ᠢ ᠤᠮᠳᠠᠯᠠᠵᠠᠢ᠃
ᠲᠣᠰ ᠤᠳᠠᠭᠠᠨ᠎ᠤ ᠬᠤᠤᠰ ᠪᠠᠶᠠᠷ᠎ᠤᠨ ᠡᠳᠦᠷ᠎ᠦᠨ ᠦᠶ᠋ᠯᠡᠴᠢᠯᠡᠭᠡᠨ᠎ᠦ ᠠᠵᠢᠯᠯᠠᠭ᠎ᠠ ᠪᠣᠯ ᠥᠪᠥᠷ ᠮᠣᠩᠭᠣᠯ᠎ᠤᠨ ᠨᠣᠮ᠎ᠤᠨ ᠰᠠᠩ᠎ᠤᠨ ᠣᠯᠠᠨ ᠨᠡᠢᠲᠡ᠎ᠶ᠋ᠢᠨ ᠰᠣᠶᠣᠯ᠎ᠤᠨ ᠦᠶ᠋ᠯᠡᠴᠢᠯᠡᠭᠡᠨ᠎ᠦ ᠡᠭᠦᠷᠭᠡ᠎ᠶ᠋ᠢ ᠦᠶ᠋ᠯᠡᠳᠦᠯᠭᠡᠵᠢᠭᠦᠯᠦᠭ᠌ᠰᠡᠨ ᠠᠮᠢᠳᠤᠯᠢᠭ ᠦᠶ᠋ᠯᠡᠳᠦᠯᠭᠡ ᠪᠠᠢᠵᠦ᠂ ᠨᠣᠮ᠎ᠤᠨ ᠰᠠᠩ ᠰᠣᠶᠣᠯ᠎ᠤᠨ ᠬᠠᠩᠭᠠᠯᠭ᠎ᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠨᠠᠩ ᠡᠯᠪᠡᠭ ᠪᠠᠶᠠᠯᠢᠭ ᠠᠵᠢᠯᠯᠠᠭ᠎ᠠ᠂ ᠨᠠᠩ ᠴᠢᠨᠠᠷ ᠰᠠᠢᠲᠠᠶ ᠦᠶ᠋ᠯᠡᠴᠢᠯᠡᠭᠡ᠎ᠪᠡᠷ ᠤᠮᠠᠷᠠᠲᠤ ᠬᠢᠯᠢ᠎ᠶ᠋ᠢᠨ ᠰᠣᠶᠣᠯ᠎ᠤᠨ ᠲᠥᠷᠥᠯ ᠲᠡᠮᠳᠡᠭ᠎ᠦᠨ ᠪᠠᠢᠭᠤᠯᠤᠯᠲᠠ᠎ᠳᠤ ᠬᠦᠴᠦᠨ ᠨᠡᠮᠡᠷᠢᠯᠡᠵᠦ᠍᠂ ᠰᠣᠶᠣᠯ᠎ᠤᠨ ᠴᠡᠴᠡᠭ᠌ᠯᠡᠯ ᠬᠥᠭ᠌ᠵᠢᠯ᠎ᠳᠦ ᠨᠠᠩ ᠣᠯᠠᠨ ᠠᠮᠢᠵᠢᠷᠠᠯ᠎ᠤᠨ ᠬᠦᠴᠦᠨ ᠨᠡᠮᠡᠷᠢᠯᠡᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃