ᠲᠡᠷᠢᠭᠦᠨ ᠨᠢᠭᠤᠷ>ᠬᠦᠮᠦᠨ ᠨᠡᠢᠭᠡᠮ>ᠮᠡᠳᠡᠭᠡ

2025-10-22 10:18:41

ᠵᠣᠬᠢᠶᠠᠭ᠍ᠴᠢ᠄ ᠤᠷᠭᠤᠮᠠᠯ ᠣᠩᠱᠢᠭ᠍ᠰᠠᠨ ᠣᠳᠠᠭ᠎ᠠ᠄ 3

ᠬᠣᠶᠠᠷ ᠵᠢᠯ ᠥᠭᠡᠷᠡᠴᠢᠯᠡᠨ ᠲᠡᠰ ᠳᠡᠪᠱᠢᠭᠦᠯᠬᠦ᠌᠎ᠪᠡᠷ ᠲᠠᠮᠵᠢᠨ ᠬᠥᠯᠥᠨ ᠪᠤᠢ᠌ᠷ ᠤ᠋ᠨ ᠪᠠᠢᠭᠠᠯᠢ ᠵᠢᠨ ᠮᠦᠽᠧᠢ ᠲᠦᠷᠤᠬᠦᠭᠡᠨ ᠡᠭᠦᠳᠡ ᠪᠡᠨ ᠨᠡᠭᠡᠭᠡᠵᠦ ᠡᠷᠦᠭᠡ ᠪᠡᠨ ᠰᠡᠬᠦᠨ᠂ ᠴᠤ᠋ ᠰᠢᠨ᠎ᠠ ᠲᠦᠷᠢ ᠲᠦᠷᠬᠦ ᠪᠡᠷ ᠲᠦᠷᠪᠡᠨ ᠵᠦᠭ ᠨᠢ᠋ᠮᠠᠨ ᠵᠤᠪᠬᠢᠰ᠎ᠤᠨ ᠵᠢᠭᠤᠯᠴᠢᠯᠠᠬᠰᠠᠳ ᠵᠢᠡᠨ ᠤᠬᠳᠤᠯ᠎ᠠ᠃

ᠲᠣᠰ ᠮᠦᠽᠧᠶ ᠨᠢ ᠬᠥᠯᠥᠨ ᠪᠣᠢᠷ ᠬᠣᠲᠠ ᠵᠢᠨ ᠬᠠᠢᠯᠠᠷ ᠲᠣᠭᠣᠷᠢᠭ ᠤ᠋ᠨ ᠪᠠᠷᠠᠭᠤᠨ ᠠᠭᠤᠯᠠ ᠵᠢᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ᠎ᠳᠤ ᠪᠠᠢᠷᠢᠯᠠᠵᠤ᠂ ᠬᠠᠢᠯᠠᠷ ᠤ᠋ᠨ ᠤᠯᠤᠰ ᠤ᠋ᠨ ᠣᠶ ᠱᠢᠭᠤᠶ ᠵᠢᠨ ᠴᠡᠴᠡᠷᠯᠢᠭ᠎ᠲᠡᠶ ᠬᠥᠷᠱᠢᠯᠡᠵᠦ᠍᠂ ᠬᠦᠮᠤᠨ ᠬᠢᠭᠡᠳ ᠪᠠᠢᠭᠠᠯᠢ ᠡᠶ᠎ᠠ ᠵᠤᠬᠢᠴᠠᠡᠭᠭᠤᠢ ᠪᠡᠷ ᠬᠠᠮᠳᠤ ᠪᠡᠷ ᠤᠷᠤᠰᠢᠬᠤ ᠪᠡᠷ ᠦᠢᠯᠠᠭᠠᠬᠳᠠᠬᠤᠨ ᠵᠢᠡᠨ ᠪᠤᠯᠭᠠᠵᠤ᠂ ᠦᠯᠢᠭᠡᠷ ᠬᠡᠪ ᠢ᠋ ᠬᠣᠷᠢᠶᠠᠨ ᠬᠠᠳᠠᠭᠠᠯᠠᠬᠤ᠂ ᠡᠷᠳᠡᠮ ᠰᠢᠨᠵᠢᠯᠡᠭᠡᠨ᠎ᠤ ᠰᠤᠯᠢᠯᠴᠠᠭ᠎ᠠ᠂ ᠱᠢᠨᠵᠢᠯᠡᠬᠦ᠌ ᠤᠬᠠᠭᠠᠨ ᠢ᠋ ᠲᠦᠭᠡᠮᠡᠯᠵᠢᠭᠦᠯᠬᠦ᠌ ᠬᠥᠮᠦᠵᠢᠯ᠂ ᠵᠢᠭᠤᠯᠴᠢᠯᠠᠯ ᠤ᠋ᠨ ᠦᠶ᠋ᠯᠡᠴᠢᠯᠡᠭᠡ ᠵᠡᠷᠭᠡ᠎ᠶ᠋ᠢ ᠨᠢᠭᠡ ᠴᠣᠭ᠍ᠴᠠᠵᠢᠭᠤᠯᠤᠭ᠍ᠰᠠᠨ ᠲᠠᠪᠴᠠᠩ ᠪᠠᠢᠵᠤ᠂ ᠮᠦᠨ ᠴᠸ᠋ ᠦᠢ ᠤᠯᠠᠨ ᠦᠵᠡᠭ᠌ᠴᠢᠳ ᠲᠣ᠌ ᠬᠥᠯᠥᠨ ᠪᠤᠢ᠌ᠷ ᠤ᠋ᠨ ᠪᠠᠢᠭᠠᠯᠢ ᠵᠢᠨ ᠷᠢᠳᠢ ᠱᠢᠳᠢ᠎ᠶ᠋ᠢ ᠭᠠᠢᠬᠠᠭᠤᠯᠬᠤ ᠲᠠᠬᠰᠢᠨ ᠤᠷᠤᠨ ᠪᠤᠯᠤᠨ᠎ᠠ᠃

ᠮᠦᠽᠧᠶ ᠵᠢᠨ ᠶᠡᠷᠦᠩᠬᠡᠶ ᠲᠠᠯᠠᠪᠠᠶ 16646 ᠲᠡᠭ᠌ᠰᠢ ᠳᠥᠷᠪᠡᠯᠵᠢᠨ ᠮᠧᠲ᠋ᠷ᠂ ᠡᠬᠦᠨ᠎ᠳᠤ ᠦᠵᠡᠭᠦᠯᠭᠡ ᠵᠢᠨ ᠲᠢᠩᠬᠢᠮ᠎ᠦᠨ ᠲᠠᠯᠠᠪᠠᠶ 7000 ᠲᠡᠭ᠌ᠰᠢ ᠳᠥᠷᠪᠡᠯᠵᠢᠨ ᠮᠧᠲ᠋ᠷ ᠎ᠢ ᠡᠵᠡᠯᠡᠵᠤ ᠪᠠᠢᠳᠠᠭ᠃ ᠦᠵᠡᠬᠦᠯᠭᠡ ᠵᠢᠨ ᠲᠢᠩᠬᠢᠮ ᠎ᠨᠢ 《ᠤᠮᠠᠷᠠᠲᠤ ᠬᠢᠯᠢ ᠵᠢᠨ ᠠᠮᠢ ᠠᠬᠤᠶ ᠵᠢᠨ ᠵᠢᠷᠤᠭᠯᠠᠯ·ᠦᠵᠡᠰᠭᠦᠯᠡᠩᠲᠦ ᠰᠠᠢᠬᠠᠨ ᠬᠥᠯᠥᠨ ᠪᠣᠢᠷ》 ᠵᠢᠡᠷ ᠭᠤᠤᠯ ᠱᠢᠵᠢᠮ ᠪᠣᠯᠭᠠᠵᠤ᠂ ᠠᠮᠢ ᠠᠬᠤᠶ᠂ ᠠᠭᠤᠷᠬᠠᠶ᠂ ᠣᠶ ᠱᠢᠭᠤᠶ᠂ ᠱᠢᠪᠠᠵᠢ᠂ ᠲᠠᠯ᠎ᠠ ᠨᠤᠲᠤᠭ᠂ ᠨᠤᠭᠤ ᠭᠠᠵᠠᠷ᠂ ᠴᠠᠰᠤᠲᠤ ᠲᠠᠯ᠎ᠠ ᠵᠡᠷᠭᠡ 8 ᠶᠡᠭᠡ ᠳᠡᠯᠭᠡᠨ ᠦᠵᠡᠭᠦᠯᠬᠦ᠌ ᠨᠢᠭᠡᠴᠢ ᠵᠢ ᠲᠤᠬᠢᠷᠠᠭᠤᠯᠵᠤ᠂ ᠪᠦᠬᠦ ᠲᠠᠯ᠎ᠠ ᠡᠴᠡ ᠬᠦᠯᠤᠨ ᠪᠤᠢᠷ᠎ᠤᠨ ᠪᠠᠢᠭᠠᠯᠢ ᠵᠢᠨ ᠦᠡᠭᠭᠡ ᠦᠵᠡᠮᠵᠢ ᠪᠠ ᠡᠬᠢ ᠪᠠᠶᠠᠯᠢᠭ᠎ᠤᠨ ᠤᠨᠴᠠᠯᠢᠭ᠎ᠢ ᠬᠠᠷᠠᠭᠤᠯᠵᠠᠢ᠃ ᠮᠦᠽᠧᠶ ᠵᠢᠨ ᠬᠠᠳᠠᠭᠠᠯᠠᠮᠵᠢ ᠡᠯᠪᠡᠭ ᠭᠠᠵᠠᠷ ᠱᠢᠨᠵᠢᠯᠡᠭᠡᠨ᠎ᠦ ᠤᠬᠠᠭᠠᠨ᠂ ᠠᠮᠢᠳᠤ ᠪᠣᠳᠠᠰ ᠤ᠋ᠨ ᠤᠬᠠᠭᠠᠨ ᠵᠢᠴᠢ ᠡᠷᠲᠡᠨ᠎ᠦ ᠠᠮᠢᠳᠤ ᠪᠣᠳᠠᠰ ᠤ᠋ᠨ ᠤᠬᠠᠭᠠᠨ ᠵᠡᠷᠭᠡ ᠬᠦᠷᠢᠶᠡᠨ ᠤ᠋ 2440 ᠬᠤᠪᠢ ᠥᠯᠢᠭᠡᠷ ᠬᠡᠪ᠎ᠢ ᠪᠠᠬᠳᠠᠭᠠᠵᠤ᠂ ᠡᠭᠦᠨ ᠳ᠋ᠦ ᠬᠠᠨᠳᠠᠭᠠᠶ᠂ ᠬᠠᠯᠵᠠᠨ ᠪᠦᠷᠭᠦᠳ᠂ ᠴᠠᠭᠠᠨ ᠤᠭᠤᠯᠢ ᠵᠡᠷᠭᠡ 159 ᠲᠦᠷᠦᠯ᠎ᠦᠨ 455 ᠵᠦᠶ᠋ᠯ᠎ᠦᠨ ᠤᠯᠤᠰ ᠤ᠋ᠨ ᠭᠤᠤᠯᠳᠠᠯᠭ᠎ᠠ᠎ᠲᠠᠶ ᠬᠠᠮᠠᠭᠠᠯᠠᠯᠲᠠ ᠵᠢᠴᠢ 《ᠭᠤᠷᠪᠠ ᠵᠢ ᠪᠦᠷᠢᠳᠦᠬᠦᠯᠬᠦ》 ᠬᠠᠮᠠᠭᠠᠯᠠᠯᠲᠠ ᠵᠢᠨ ᠠᠮᠢᠲᠠᠨ ᠤ᠋ ᠥᠯᠢᠭᠡᠷ ᠬᠡᠪ ᠪᠠᠭ᠍ᠲᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面