2026-10-13 17:37:08
ᠤᠢᠷ᠎ᠠ ᠳ᠋ᠤ᠂ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠬᠥᠬᠡᠬᠤᠲᠠ ᠳ᠋ᠤ ᠢᠳᠡᠭᠡᠨ ᠤ᠋ ᠠᠮᠤᠷ ᠲᠦᠪᠰᠢᠨ ᠤ᠋ ᠪᠠᠴᠢᠮ ᠪᠠᠶ᠋ᠢᠳᠠᠯ ᠢ᠋ ᠠᠷᠭᠠᠴᠠᠭᠠᠬᠤ ᠡᠩᠨᠡᠭᠡ ᠵᠢ ᠪᠠᠶ᠋ᠢᠭᠤᠯᠪᠠ᠃ ᠡᠨᠡ ᠨᠢ ᠥᠪᠦᠷ ᠮᠣᠩᠭᠤᠯ ᠤ᠋ᠨ ᠢᠳᠡᠭᠡᠨ ᠤ᠋ ᠠᠮᠤᠷ ᠲᠦᠪᠰᠢᠨ ᠤ᠋ ᠭᠡᠨᠡᠳᠲᠡ ᠶ᠋ᠢᠨ ᠬᠡᠷᠡᠭ ᠢ᠋ ᠰᠢᠢᠳᠪᠦᠷᠢᠯᠡᠬᠦ᠌ ᠲᠠᠯ᠎ᠠ ᠪᠡᠷ ᠲᠤᠰᠭᠠᠶ᠋ᠢᠵᠢᠭᠰᠠᠨ᠂ ᠪᠠᠶ᠋ᠢᠩᠭᠤᠵᠢᠭᠰᠠᠨ ᠮᠡᠷᠭᠡᠵᠢᠯ ᠤ᠋ᠨ ᠲᠤᠯᠭᠠᠭᠤᠷᠢᠯᠠᠬᠤ ᠬᠦᠴᠦᠨ ᠲᠠᠢ ᠪᠣᠯᠤᠭᠰᠠᠨ ᠢ᠋ ᠬᠠᠷᠠᠭᠤᠯᠵᠤ ᠪᠤᠢ᠃
ᠲᠣᠰ ᠤᠳᠠᠭ᠎ᠠ ᠢᠳᠡᠭᠡᠨ ᠤ᠋ ᠠᠮᠤᠷ ᠲᠦᠪᠰᠢᠨ ᠤ᠋ ᠪᠠᠴᠢᠮ ᠪᠠᠶ᠋ᠢᠳᠠᠯ ᠢ᠋ ᠠᠷᠭᠠᠴᠠᠭᠠᠬᠤ ᠡᠩᠨᠡᠭᠡ ᠵᠢ ᠪᠠᠶ᠋ᠢᠭᠤᠯᠤᠭᠰᠠᠨᠨᠢ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠤ᠋ᠨ ᠢᠳᠡᠭᠡᠨ ᠤ᠋ ᠠᠮᠤᠷ ᠲᠦᠪᠰᠢᠨ ᠤ᠋ 《ᠳᠥᠷᠪᠡᠨ ᠬᠠᠮᠤᠭ ᠤ᠋ᠨ ᠴᠢᠩᠭ᠎ᠠ》 ᠱᠠᠭᠠᠷᠳᠠᠯᠭ᠎ᠠ ᠵᠢ ᠨᠠᠶ᠋ᠢᠳᠠᠪᠤᠷᠢᠵᠢᠭᠤᠯᠬᠤ ᠪᠣᠳᠠᠲᠤ ᠠᠷᠭ᠎ᠠ ᠬᠡᠮᠵᠢᠶ᠎ᠡ ᠪᠠᠶ᠋ᠢᠵᠤ᠂ ᠥᠪᠦᠷ ᠮᠣᠩᠭᠤᠯ ᠤ᠋ᠨ ᠢᠳᠡᠭᠡᠨ ᠤ᠋ ᠠᠮᠤᠷ ᠲᠦᠪᠰᠢᠨ ᠤ᠋ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ᠌ ᠪᠠ ᠪᠠᠴᠢᠮ ᠪᠠᠶ᠋ᠢᠳᠠᠯ ᠢ᠋ ᠠᠷᠭᠠᠴᠠᠭᠠᠨ ᠰᠢᠢᠳᠪᠦᠷᠢᠯᠡᠬᠦ᠌ ᠰᠢᠰᠲᠧᠮ ᠢ᠋ ᠤᠯᠠᠮ ᠴᠢᠨᠠᠬᠰᠢᠲᠠ ᠪᠦᠷᠢᠨᠰᠢᠭᠦᠯᠵᠡᠢ᠃ ᠢᠳᠡᠭᠡᠨ ᠤ᠋ ᠠᠮᠤᠷ ᠲᠦᠪᠰᠢᠨ ᠤ᠋ ᠪᠠᠴᠢᠮ ᠪᠠᠶ᠋ᠢᠳᠠᠯ ᠢ᠋ ᠠᠷᠭᠠᠴᠠᠭᠠᠬᠤ ᠡᠩᠨᠡᠭᠡ ᠳ᠋ᠤ ᠨᠡᠶ᠋ᠢᠲᠡ 36 ᠬᠥᠮᠦᠨ ᠪᠠᠶ᠋ᠢᠵᠤ᠂ ᠥᠪᠦᠷ ᠮᠣᠩᠭᠤᠯ ᠤ᠋ᠨ ᠢᠳᠡᠭᠡᠨ ᠤ᠋ ᠠᠮᠤᠷ ᠲᠦᠪᠰᠢᠨ ᠤ᠋ ᠭᠡᠨᠡᠳᠲᠡ ᠶ᠋ᠢᠨ ᠬᠡᠷᠡᠭ ᠢ᠋ ᠰᠢᠢᠳᠪᠦᠷᠢᠯᠡᠬᠦ᠂ ᠠᠶᠤᠯ ᠲᠦᠭᠰᠢᠭᠦᠷᠢ ᠶ᠋ᠢᠨ ᠭᠡᠮ ᠰᠤᠭᠤᠭ ᠢ᠋ ᠵᠢᠭᠰᠠᠭᠠᠨ ᠪᠠᠶ᠋ᠢᠴᠠᠭᠠᠬᠤ᠂ ᠮᠡᠷᠭᠡᠵᠢᠯ ᠤ᠋ᠨ ᠵᠢᠯᠤᠭᠤᠳᠤᠯᠭ᠎ᠠ ᠬᠠᠨᠭᠭᠠᠬᠤ ᠵᠡᠷᠭᠡ ᠭᠤᠤᠯ ᠠᠵᠢᠯ ᠢ᠋ ᠤᠷᠲᠤ᠌ ᠬᠤᠭᠤᠴᠠᠭ᠎ᠠ ᠪᠡᠷ ᠡᠭᠦᠷᠭᠡᠯᠡᠬᠦ᠌ ᠪᠣᠯᠤᠨ᠎ᠠ᠃
ᠪᠠᠴᠢᠮ ᠪᠠᠶ᠋ᠢᠳᠠᠯ ᠢ᠋ ᠠᠷᠭᠠᠴᠠᠭᠠᠨ ᠰᠢᠢᠳᠪᠦᠷᠢᠯᠡᠬᠦ᠌ ᠪᠣᠳᠠᠲᠤ᠌ ᠬᠦᠴᠦᠨ ᠢ᠋ ᠦᠷᠭᠦᠯᠵᠢᠯᠡᠨ ᠴᠢᠨᠭᠭᠠᠳᠬᠠᠬᠤ ᠶ᠋ᠢᠨ ᠲᠥᠯᠦᠭᠡ ᠢᠳᠡᠭᠡᠨ ᠤ᠋ ᠠᠮᠤᠷ ᠲᠦᠪᠰᠢᠨ ᠤ᠋ ᠪᠠᠴᠢᠮ ᠪᠠᠶ᠋ᠢᠳᠠᠯ ᠢ᠋ ᠠᠷᠭᠠᠴᠠᠭᠠᠬᠤ ᠡᠩᠨᠡᠭᠡ ᠨᠢ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠬᠢᠨᠠᠨ ᠦᠨᠡᠯᠡᠵᠦ᠍ ᠪᠠᠶ᠋ᠢᠴᠠᠭᠠᠨ ᠰᠢᠯᠭᠠᠬᠤ ᠲᠥᠪ ᠲᠦ᠍ ᠲᠦᠰᠢᠭᠯᠡᠨ ᠡᠳᠦᠷ ᠲᠤᠲᠤᠮ ᠤ᠋ᠨ ᠠᠵᠢᠯᠯᠠᠭᠠᠨ ᠢ᠋ ᠥᠷᠨᠢᠭᠦᠯᠵᠦ᠍᠂ ᠵᠣᠬᠢᠶᠠᠨ ᠪᠠᠶ᠋ᠢᠭᠤᠯᠤᠯᠲᠠ ᠶ᠋ᠢᠨ ᠪᠦᠲᠦᠴᠡ ᠵᠢ ᠲᠠᠰᠤᠷᠠᠯᠲᠠ ᠥᠬᠡᠢ ᠲᠡᠭᠦᠯᠳᠡᠷᠵᠢᠭᠦᠯᠦᠨ᠂ ᠲᠤᠰᠭᠠᠢ ᠮᠡᠷᠭᠡᠵᠢᠯ ᠤ᠋ᠨ ᠲᠣᠨᠤᠭᠯᠠᠯ ᠡᠳ᠋ ᠪᠣᠳᠠᠰ ᠢ᠋ ᠪᠦᠷᠢᠨ ᠳᠣᠭᠢᠷᠠᠭᠤᠯᠵᠤ᠂ ᠪᠣᠯᠪᠠᠰᠤᠷᠠᠯ᠂ ᠰᠣᠷᠢᠯᠲᠠ᠂ ᠬᠢᠨᠠᠨ ᠰᠢᠯᠭᠠᠯᠲᠠ ᠵᠢ ᠡᠳᠦᠷ ᠲᠤᠲᠤᠮ ᠤ᠋ᠨ ᠬᠠᠮᠢᠶᠠᠷᠤᠯᠲᠠ ᠳ᠋ᠤ ᠠᠭᠤᠰᠤᠯᠴᠠᠭᠤᠯᠵᠤ᠂ ᠥᠪᠦᠷ ᠮᠣᠩᠭᠤᠯ ᠤ᠋ᠨ ᠡᠳᠦᠷ ᠲᠤᠲᠤᠮ ᠤ᠋ᠨ ᠢᠳᠡᠭᠡᠨ ᠤ᠋ ᠠᠮᠤᠷ ᠲᠦᠪᠰᠢᠨ ᠤ᠋ ᠬᠢᠨᠠᠯᠲᠠ ᠬᠠᠮᠢᠶᠠᠷᠤᠯᠲᠠ᠂ ᠭᠡᠨᠡᠳᠲᠡ ᠶ᠋ᠢᠨ ᠬᠡᠷᠡᠭ ᠤ᠋ᠨ ᠪᠠᠴᠢᠮ ᠪᠠᠶ᠋ᠢᠳᠠᠯ ᠢ᠋ ᠠᠷᠭᠠᠴᠠᠭᠠᠨ ᠰᠢᠢᠳᠪᠦᠷᠢᠯᠡᠬᠦ᠂ ᠴᠢᠬᠤᠯᠠ ᠶᠡᠭᠡ ᠠᠵᠢᠯᠯᠠᠭ᠎ᠠ ᠶ᠋ᠢᠨ ᠢᠳᠡᠭᠡᠨ ᠤ᠋ ᠠᠮᠤᠷ ᠲᠦᠪᠰᠢᠨ ᠤ᠋ ᠪᠠᠲᠤᠯᠠᠭ᠎ᠠ ᠳ᠋ᠤ ᠲᠣᠭᠲᠠᠭᠤᠨ᠂ ᠲᠤᠰᠬᠠᠢᠵᠢᠬᠰᠠᠨ᠂ ᠨᠠᠶ᠋ᠢᠳᠠᠪᠤᠷᠢᠲᠠᠢ ᠮᠡᠷᠭᠡᠵᠢᠯ ᠤ᠋ᠨ ᠲᠤᠯᠭᠠᠭᠤᠷᠢᠯᠠᠯ ᠬᠠᠨᠭᠭᠠᠬᠤ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃