ᠲᠡᠷᠢᠭᠦᠨ ᠨᠢᠭᠤᠷ>ᠬᠦᠮᠦᠨ ᠨᠡᠢᠭᠡᠮ>ᠮᠡᠳᠡᠭᠡ

2026-10-15 09:33:32

ᠵᠣᠬᠢᠶᠠᠭ᠍ᠴᠢ᠄ ᠬᠠᠨ ᠯᠢᠩ ᠯᠢᠩ ᠣᠩᠱᠢᠭ᠍ᠰᠠᠨ ᠣᠳᠠᠭ᠎ᠠ᠄ 3

ᠰᠤᠷᠪᠤᠯᠵᠢᠯᠠᠬᠴᠢ ᠦᠪᠡᠷᠲᠡᠭᠡᠨ ᠵᠠᠰᠠᠬᠤ ᠤᠷᠤᠨ᠎ᠤ ᠠᠵᠢᠯᠴᠢᠨ᠎ᠤ ᠶᠡᠷᠦᠩᠬᠡᠢ ᠡᠪᠯᠡᠯ ᠡᠴᠡ ᠤᠢᠯᠠᠭᠠᠬᠰᠠᠨ ᠢ᠋ᠢᠡᠷ᠂ ᠤᠢᠷ᠎ᠠ ᠳ᠋ᠤ ᠪᠦᠬᠦ ᠣᠷᠣᠨ᠎ᠤ ᠠᠵᠢᠯᠲᠠᠨ ᠠᠵᠢᠯᠴᠢᠨ᠎ᠤ 《ᠠᠨ ᠺᠠᠩ ᠬᠤᠨᠳᠠᠭᠠᠲᠤ》 ᠮᠡᠳᠡᠯᠭᠡ᠎ᠶᠢᠨ ᠤᠷᠤᠯᠳᠤᠭᠠᠨ᠎ᠤ ᠰᠢᠢᠳᠪᠦᠷᠢᠲᠦ ᠤᠷᠤᠯᠳᠤᠭᠠᠨ ᠪᠤᠭᠤᠲᠤ ᠬᠤᠲᠠ᠎ᠳᠤ ᠶᠠᠪᠤᠭᠳᠠᠵᠤ᠂ ᠪᠦᠬᠦ ᠣᠷᠣᠨ᠎ᠤ ᠡᠯ᠎ᠡ ᠠᠢᠮᠠᠭ ᠬᠤᠳᠠ ᠵᠢᠴᠢ ᠭᠣᠣᠯᠳᠠᠯᠭ᠎ᠠ᠎ᠲᠠᠢ ᠠᠵᠤ ᠠᠬᠤᠢᠯᠠᠯ᠎ᠤᠨ 19 ᠲᠥᠯᠥᠭᠡᠯᠡᠭᠴᠢᠳ᠎ᠦᠨ ᠠᠩᠭᠢ ᠤᠷᠤᠯᠳᠤᠭᠠᠨ᠎ᠳᠤ ᠣᠷᠣᠯᠴᠠᠪᠠ᠃

ᠤᠷᠤᠯᠳᠤᠭᠠᠨ ᠨᠢ ᠠᠶᠤᠯᠬᠦᠢ ᠦᠢᠯᠡᠳᠪᠦᠷᠢᠯᠡᠯ᠎ᠦᠨ ᠬᠠᠤᠯᠢ ᠴᠠᠭᠠᠵᠠ ᠬᠠᠤᠯᠢ ᠲᠣᠭᠲᠠᠭᠠᠯ᠂ ᠠᠶᠤᠯᠬᠦᠢ ᠢ᠋ᠢᠨ ᠬᠠᠮᠢᠶᠠᠷᠤᠯᠲᠠ᠎ᠶᠢᠨ ᠮᠡᠳᠡᠯᠭᠡ᠂ ᠠᠭᠤᠷᠬᠠᠢ᠎ᠶᠢᠨ ᠬᠢᠮᠢ᠎ᠶᠢᠨ ᠠᠵᠤ ᠦᠢᠯᠡᠳᠪᠦᠷᠢ ᠵᠡᠷᠭᠡ ᠭᠣᠣᠯᠳᠠᠯᠭ᠎ᠠ᠎ᠲᠠᠢ ᠠᠵᠢᠯ ᠲᠥᠷᠥᠯ᠎ᠦᠨ ᠠᠶᠤᠯᠬᠦᠢ ᠮᠡᠷᠭᠡᠵᠢᠯ᠂ ᠠᠵᠢᠯ ᠮᠡᠷᠭᠡᠵᠢᠯ᠎ᠦᠨ ᠡᠷᠡᠭᠦᠯ ᠮᠡᠨᠳᠦ᠎ᠶᠢᠨ ᠰᠡᠷᠭᠡᠢᠯᠡᠯᠲᠡ᠂ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠵᠤ ᠰᠢᠢᠳᠪᠦᠷᠢᠯᠡᠬᠦ᠂ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠂ ᠠᠶᠤᠯᠬᠦᠢ ᠢ᠋ᠢᠨ ᠰᠣᠶᠣᠯ ᠵᠢᠴᠢ ᠠᠵᠢᠯᠴᠢᠨ᠎ᠤ ᠡᠪᠯᠡᠯ᠎ᠦᠨ ᠬᠥᠳᠡᠯᠮᠦᠷᠢ᠎ᠶᠢᠨ ᠬᠠᠮᠠᠭᠠᠯᠠᠯᠲᠠ᠎ᠶᠢᠨ ᠬᠠᠮᠢᠶ᠎ᠠ ᠪᠦᠬᠦᠢ ᠲᠤᠬᠠᠢᠯᠠᠭᠰᠠᠨ ᠠᠵᠢᠯ᠎ᠤᠨ ᠮᠡᠳᠡᠯᠭᠡ᠎ᠶᠢ ᠬᠠᠮᠤᠷᠴᠤ᠂ ᠠᠭᠤᠯᠭ᠎ᠠ᠎ᠶᠢᠨ ᠬᠠᠮᠤᠷᠬᠤ ᠬᠡᠪᠴᠢᠶ᠎ᠡ ᠨᠢ ᠥᠷᠭᠡᠨ᠂ ᠦᠢᠯᠡᠳᠪᠦᠷᠢᠯᠡᠯ᠎ᠦᠨ ᠪᠣᠳᠠᠲᠤ ᠪᠠᠢᠳᠠᠯ᠎ᠲᠠᠢ ᠨᠡᠢᠴᠡᠵᠦ᠂ ᠠᠵᠢᠯᠲᠠᠨ ᠠᠵᠢᠯᠴᠢᠨ᠎ᠤ ᠠᠶᠤᠯᠬᠦᠢ ᠢ᠋ᠢᠨ ᠣᠨᠣᠯ᠎ᠤᠨ ᠨᠥᠭᠡᠴᠡ ᠬᠢᠭᠡᠳ ᠠᠵᠢᠯ᠎ᠤᠨ ᠪᠠᠢᠷᠢ᠎ᠶᠢᠨ ᠠᠶᠤᠯᠬᠦᠢ᠎ᠶᠢᠨ ᠤᠬᠠᠮᠰᠠᠷ᠎ᠢ ᠪᠥᠬᠥ ᠲᠠᠯ᠎ᠠ᠎ᠪᠠᠷ ᠰᠢᠯᠭᠠᠨ ᠪᠠᠢᠴᠠᠭᠠᠪᠠ᠃

ᠲᠣᠰ ᠤᠳᠠᠭᠠᠨ᠎ᠤ ᠤᠷᠤᠯᠳᠤᠭᠠᠨ᠎ᠢ ᠰᠦᠯᠵᠢᠶᠡᠨ ᠳᠡᠭᠡᠷᠡᠬᠢ ᠤᠷᠤᠯᠳᠤᠭᠠᠨ ᠪᠠ ᠲᠤᠬᠠᠢ ᠢ᠋ᠢᠨ ᠲᠠᠯᠠᠪᠤᠷ᠎ᠤᠨ ᠤᠷᠤᠯᠳᠤᠭᠠᠨ ᠭᠡᠵᠦ ᠬᠣᠶᠠᠷ ᠬᠡᠰᠡᠭ ᠬᠤᠪᠢᠶᠠᠪᠠ᠃ ᠰᠦᠯᠵᠢᠶᠡᠨ ᠳᠡᠭᠡᠷᠡᠬᠢ ᠤᠷᠤᠯᠳᠤᠭᠠᠨ᠎ᠳᠤ 3 ᠲᠦᠮᠡ ᠰᠢᠬᠠᠮ ᠬᠥᠮᠥᠨ ᠤᠳᠠᠭ᠎ᠠ᠎ᠶᠢᠨ ᠠᠵᠢᠯᠲᠠᠨ ᠣᠷᠣᠯᠴᠠᠵᠦ᠂ ᠰᠢᠢᠳᠪᠦᠷᠢᠲᠦ ᠤᠷᠤᠯᠳᠤᠭᠠᠨ᠎ᠤ ᠲᠤᠬᠠᠢ᠎ᠶᠢᠨ ᠲᠠᠯᠠᠪᠤᠷ᠎ᠲᠤ᠂ 19 ᠲᠥᠯᠥᠭᠡᠯᠡᠭᠴᠢᠳ᠎ᠦᠨ ᠠᠩᠭᠢ ᠳᠤᠭᠤᠢᠯᠠᠩ ᠬᠤᠪᠢᠶᠠᠨ ᠮᠥᠷᠥᠢᠴᠡᠵᠦ᠂ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ᠂ ᠦᠨᠳᠤᠷ ᠬᠤᠪᠢ᠎ᠶᠢᠨ ᠰᠡᠳᠦᠪ ᠢ᠋ᠢᠡᠷ ᠲᠠᠮᠵᠢᠨ ᠨᠢᠭᠡᠳᠦᠭᠡᠷ ᠹᠷᠣᠨᠲ᠎ᠤᠨ ᠠᠵᠢᠯᠲᠠᠨ ᠠᠵᠢᠯᠴᠢᠨ᠎ᠤ ᠠᠶᠤᠯᠬᠦᠢ ᠢ᠋ᠢᠨ ᠮᠡᠳᠡᠯᠭᠡ᠎ᠶᠢᠨ ᠲᠦᠪᠰᠢᠨ ᠪᠣᠯᠣᠨ ᠪᠦᠯᠬᠦᠮ ᠨᠡᠶ᠋ᠢᠲᠡ᠎ᠶᠢᠨ ᠬᠠᠮᠵᠢᠯᠴᠠᠭᠠᠨ᠎ᠤ ᠴᠣᠭ ᠵᠢᠪᠬᠤᠭ᠎ᠠ᠎ᠶᠢ ᠭᠦᠢᠴᠡᠳ ᠢᠯᠡᠷᠡᠭᠦᠯᠪᠡ᠃

ᠬᠤᠷᠴᠠ ᠰᠢᠷᠦᠭᠦᠨ ᠥᠷᠢᠰᠦᠯᠳᠦᠭᠡᠨ᠎ᠢᠶᠡᠷ ᠲᠠᠮᠵᠢᠨ᠂ ᠡᠨᠧᠷᠭᠢ ᠬᠢᠮᠢ ᠭᠠᠵᠠᠷ ᠰᠢᠨᠵᠢᠯᠡᠭᠡᠨ᠎ᠦ ᠲᠥᠯᠥᠭᠡᠯᠡᠭᠴᠢᠳ᠎ᠦᠨ ᠠᠩᠭᠢ᠂ ᠪᠠᠶᠠᠨᠨᠠᠭᠤᠷ ᠬᠤᠳᠠ᠎ᠶᠢᠨ ᠲᠥᠯᠥᠭᠡᠯᠡᠭᠴᠢᠳ᠎ᠦᠨ ᠠᠩᠭᠢ᠂ ᠰᠢᠯᠢ᠎ᠶᠢᠨ ᠭᠣᠣᠯ ᠠᠢᠮᠠᠭ᠎ᠤᠨ ᠲᠥᠯᠥᠭᠡᠯᠡᠭᠴᠢᠳ᠎ᠦᠨ ᠠᠩᠭᠢ ᠲᠤᠰ ᠲᠤᠰ ᠤᠷᠤᠯᠳᠤᠭᠠᠨ᠎ᠤ ᠡᠮᠦᠨ᠎ᠡ ᠭᠤᠷᠪᠠ᠎ᠳᠤ ᠣᠷᠣᠪᠠ᠃ ᠲᠣᠰ ᠤᠳᠠᠭᠠᠨ᠎ᠤ ᠤᠷᠤᠯᠳᠤᠭᠠᠨ᠎ᠳᠤ ᠤᠷᠤᠯᠳᠤᠭᠠᠨ᠎ᠢᠶᠠᠷ ᠰᠤᠷᠤᠯᠴᠠᠯᠭ᠎ᠠ᠎ᠶᠢ ᠠᠬᠢᠭᠤᠯᠬᠤ᠂ ᠰᠤᠷᠤᠯᠴᠠᠯᠭ᠎ᠠ᠎ᠪᠠᠷ ᠰᠡᠷᠭᠡᠢᠯᠡᠯᠲᠡ᠎ᠶᠢ ᠠᠬᠢᠭᠤᠯᠬᠤ᠎ᠶᠢ ᠪᠠᠷᠢᠮᠲᠠᠯᠠᠵᠤ᠂ ᠤᠷᠤᠯᠳᠤᠭᠠᠨ ᠪᠠ ᠠᠵᠤ ᠠᠬᠤᠢᠯᠠᠯ᠎ᠤᠨ ᠠᠶᠤᠯᠬᠦᠢ ᠢ᠋ᠢᠨ ᠬᠠᠮᠢᠶᠠᠷᠤᠯᠲᠠ᠂ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠵᠠᠰᠠᠬᠤ᠎ᠶᠢ ᠨᠢᠭ᠍ᠲᠠ ᠤᠶᠠᠯᠳᠤᠭᠤᠯᠵᠤ᠂ 《ᠬᠥᠮᠥᠨ ᠪᠣᠯᠭᠠᠨ ᠠᠮᠤᠷ ᠲᠦᠪᠰᠢᠨ᠎ᠢ ᠡᠷᠬᠢᠮᠯᠡᠬᠦ᠂ ᠠᠮᠤᠷ ᠲᠦᠪᠰᠢᠨ᠎ᠢ ᠰᠤᠷᠤᠯᠴᠠᠬᠤ᠂ ᠠᠮᠤᠷ ᠲᠦᠪᠰᠢᠨ᠎ᠢ ᠴᠢᠬᠤᠯᠠᠴᠢᠯᠠᠬᠤ》 ᠰᠠᠢᠨ ᠰᠠᠢᠬᠠᠨ ᠠᠭᠤᠷ ᠠᠮᠢᠰᠬᠤᠯ᠎ᠢ ᠪᠣᠶ ᠪᠣᠯᠭᠠᠪᠠ᠃

ᠪᠥᠬᠥ ᠣᠷᠣᠨ᠎ᠤ ᠡᠯ᠎ᠡ ᠱᠠᠲᠤᠨ᠎ᠤ ᠠᠵᠢᠯᠴᠢᠨ᠎ᠤ ᠡᠪᠯᠡᠯ᠎ᠤᠨ ᠬᠢᠨ ᠦᠷᠭᠦᠯᠵᠢᠯᠡᠨ 《ᠠᠨ ᠺᠠᠩ ᠬᠤᠨᠳᠠᠭᠠᠲᠤ》 ᠤᠷᠤᠯᠳᠤᠭᠠᠨ᠎ᠤ ᠴᠢᠬᠤᠯᠠ ᠠᠴᠢᠶᠠᠯᠠᠪᠤᠷᠢ᠎ᠪᠠᠷ ᠠᠵᠢᠯᠲᠠᠨ ᠠᠵᠢᠯᠴᠢᠨ᠎ᠤ ᠠᠮᠤᠷ ᠲᠦᠪᠰᠢᠨ᠎ᠦ ᠬᠠᠮᠠᠭᠠᠯᠠᠯᠲᠠ᠎ᠶᠢᠨ ᠤᠬᠠᠮᠰᠠᠷ᠎ᠢ ᠲᠠᠰᠤᠷᠠᠯᠲᠠ ᠦᠭᠡᠢ ᠴᠢᠩᠭᠠᠳᠬᠠᠵᠤ᠂ ᠠᠵᠢᠯᠲᠠᠨ ᠠᠵᠢᠯᠴᠢᠨ᠎ᠢ ᠬᠥᠲᠥᠯᠥᠨ ᠵᠢᠯᠤᠭᠣᠳᠴᠤ ᠪᠠᠢᠭᠠᠳ ᠰᠠᠨᠠᠭᠠᠴᠢᠯᠠᠭ᠎ᠠ ᠠ᠋ᠴᠠ᠎ᠪᠠᠨ ᠠᠶᠤᠯᠬᠦᠢ ᠢ᠋ᠢᠨ ᠮᠡᠳᠡᠯᠭᠡ᠎ᠶᠢ ᠰᠤᠷᠤᠯᠴᠠᠭᠤᠯᠵᠤ᠂ ᠠᠵᠢᠯ᠎ᠤᠨ ᠪᠠᠢᠷᠢ᠎ᠶᠢᠨ ᠲᠦᠭᠰᠢᠭᠦᠷᠢ᠎ᠶᠢ ᠢᠯᠭᠠᠨ ᠲᠠᠨᠢᠭᠤᠯᠵᠤ᠂ ᠠᠶᠤᠯᠭᠦᠢ ᠦᠢᠯᠡᠳᠪᠦᠷᠢᠯᠡᠯ ᠪᠠ ᠠᠵᠢᠯ᠎ᠤᠨ ᠨᠥᠯᠥᠭᠡᠨ᠎ᠦ ᠡᠪᠡᠳᠴᠢᠨ᠎ᠢ ᠰᠡᠷᠭᠡᠢᠯᠡᠨ ᠵᠠᠰᠠᠬᠤ ᠪᠠᠢᠳᠠᠯ᠎ᠤᠨ ᠦᠷᠭᠦᠯᠵᠢᠯᠡᠨ ᠰᠠᠢᠵᠢᠷᠠᠬᠤ᠎ᠶᠢ ᠠᠬᠢᠭᠤᠯᠵᠤ᠂ ᠠᠮᠤᠭᠤᠯᠠᠩᠲᠦ ᠥᠪᠥᠷ ᠮᠣᠩᠭᠣᠯ᠎ᠢ ᠪᠦᠲᠦᠭᠡᠨ ᠪᠠᠶ᠋ᠢᠭᠤᠯᠬᠤ᠎ᠳᠤ ᠠᠵᠢᠯᠴᠢᠨ᠎ᠤ ᠡᠪᠯᠡᠯ᠎ᠦᠨ ᠬᠦᠴᠦᠨ ᠴᠢᠳᠠᠯ᠎ᠢᠶᠠᠨ ᠡᠷᠭᠦᠬᠦ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面