2026-10-15 09:38:45
ᠣᠢᠷ᠎ᠠ᠎ᠳᠤ᠂ ᠦᠪᠦᠷ ᠮᠤᠩᠭᠤᠯ᠎ᠤᠨ ᠵᠡᠮᠳᠡᠭᠴᠦᠳ᠎ᠦᠨ ᠬᠣᠯᠪᠣᠭ᠎ᠠ᠂ ᠦᠪᠦᠷ ᠮᠤᠩᠭᠤᠯ᠎ᠤᠨ ᠤᠶᠤᠨ ᠰᠠᠨᠠᠭ᠎ᠠ ᠵᠡᠷᠡᠮᠳᠡᠭ ᠬᠦᠮᠦᠰ ᠵᠢᠴᠢ ᠭᠡᠷ ᠪᠦᠯᠢ ᠨᠠᠢᠵᠠ ᠨᠦᠬᠦᠳ᠎ᠤᠨ ᠨᠡᠢᠬᠡᠮᠯᠢᠭ᠂ ᠦᠪᠦᠷ ᠮᠤᠩᠭᠤᠯ᠎ᠤᠨ ᠲᠠᠷᠢᠬᠢᠨ᠎ᠤ ᠰᠠᠯᠠᠭᠠᠨ᠎ᠤ ᠡᠮᠨᠡᠯᠭᠡ᠎ᠶᠢᠨ ᠬᠣᠷᠢᠶ᠎ᠠ᠂ ᠬᠥᠬᠡᠬᠣᠲᠠ᠎ᠶᠢᠨ ᠵᠡᠮᠳᠡᠭᠴᠦᠳ᠎ᠦᠨ ᠬᠣᠯᠪᠣᠭ᠎ᠠ ᠡᠴᠡ ᠬᠠᠮᠲᠤᠷᠠᠨ ᠡᠷᠭᠢᠯᠡᠭᠰᠡᠨ ᠲᠠᠪᠤᠳᠤᠭᠠᠷ ᠬᠤᠭᠤᠴᠠᠭᠠᠨ᠎ᠤ ᠣᠶᠤᠨ ᠰᠠᠨᠠᠭ᠎ᠠ ᠵᠡᠷᠡᠮᠳᠡᠭ ᠬᠥᠮᠥᠰ᠎ᠦᠨ ᠤᠷᠠᠨ ᠵᠢᠷᠤᠭ᠎ᠤᠨ ᠪᠦᠲᠦᠭᠡᠯ᠎ᠦᠨ ᠦᠵᠡᠰᠬᠦᠯᠡᠡᠭ ᠬᠥᠬᠡᠡᠡᠣᠲᠠ᠎ᠳᠤ ᠶᠠᠪᠤᠬᠳᠠᠪᠠ᠃
ᠲᠣᠰ ᠤᠳᠠᠭᠠᠨ᠎ᠤ ᠦᠵᠡᠰᠬᠦᠯᠡᠡᠭ ᠨᠢ 《ᠤᠷᠠᠯᠢᠭ᠋ ᠵᠢᠡᠷ ᠣᠶᠤᠨ ᠰᠠᠨᠠᠭ᠎ᠠ᠎ᠶᠢ ᠤᠮᠳᠠᠯᠠᠵᠤ᠂ ᠨᠡᠷᠡᠨ ᠵᠦᠭ ᠦᠭᠡᠳᠡᠯᠡᠨ ᠮᠠᠨᠳᠤᠨ᠎ᠠ》 ᠭᠡᠬᠦ ᠭᠤᠤᠯ ᠰᠡᠳᠦᠪ᠎ᠤᠨ ᠲᠤᠭᠤᠷᠢᠨ᠎ᠳᠤ᠂ ᠪᠥᠬᠥ ᠣᠷᠣᠨ᠎ᠤ ᠣᠶᠤᠨ ᠰᠠᠨᠠᠭᠠᠨ᠎ᠤ ᠡᠷᠡᠭᠦᠯ ᠬᠠᠮᠠᠭᠠᠯᠠᠯ᠎ᠤᠨ ᠪᠠᠢᠭᠤᠯᠤᠮᠵᠢ ᠵᠢᠴᠢ ᠬᠤᠪᠢ ᠬᠦᠮᠦᠨ᠎ᠡᠴᠡ ᠪᠦᠲᠦᠭᠡᠯ ᠡᠯᠰᠡᠵᠦ᠂ ᠡᠴᠦᠰ᠎ᠲᠦ 242 ᠬᠤᠪᠢ ᠪᠦᠲᠦᠭᠡᠯ᠎ᠢ ᠰᠤᠩᠭᠤᠨ ᠭᠠᠷᠭᠠᠵᠦ ᠳᠡᠯᠭᠡᠨ ᠦᠵᠡᠭᠦᠯᠵᠡᠢ᠃ ᠤᠷᠠᠨ ᠪᠦᠲᠦᠭᠡᠯ ᠨᠢ ᠰᠡᠳᠦᠪᠯᠡᠬᠦᠨ ᠪᠠᠶᠠᠯᠢᠭ᠋᠂ ᠥᠩᠭᠡ ᠪᠤᠳᠤᠭ ᠰᠢᠨ᠎ᠠ ᠰᠣᠷᠭᠣᠭ ᠪᠠᠢᠵᠦ᠂ ᠪᠠᠢᠭᠠᠯᠢ᠎ᠵᠢᠨ ᠦᠩᠭᠡ ᠦᠵᠡᠮᠵᠢ᠂ ᠠᠷᠠᠳ᠎ᠤᠨ ᠵᠠᠩ ᠦᠢᠯᠡ ᠵᠡᠷᠭᠡ᠎ᠵᠢ ᠬᠠᠮᠤᠷᠴᠦ᠂ ᠤᠯᠠᠨ᠎ᠤ ᠳᠤᠷ᠎ᠠ ᠰᠣᠨᠢᠷᠬᠠᠯ᠎ᠢ ᠲᠠᠲᠠᠵᠠᠢ᠃ ᠦᠪᠦᠷ ᠮᠤᠩᠭᠤᠯ᠎ᠤᠨ ᠲᠠᠷᠢᠬᠢᠨ᠎ᠤ ᠰᠠᠯᠠᠭᠠᠨ᠎ᠤ ᠡᠮᠨᠡᠯᠭᠡ᠎ᠶᠢᠨ ᠬᠣᠷᠢᠶ᠎ᠠ ᠨᠢ ᠤᠷᠠᠯᠢᠭ᠋᠎ᠤᠨ ᠵᠠᠰᠠᠯ᠎ᠢ ᠡᠳᠦᠷ ᠲᠤᠲᠤᠮ᠎ᠤᠨ ᠡᠷᠡᠭᠦᠯᠵᠢᠯ᠎ᠦᠨ ᠡᠮᠴᠢᠯᠡᠭᠡ᠎ᠳᠦ ᠠᠭᠤᠰᠤᠯᠴᠠᠭᠤᠯᠬᠤ᠎ᠶᠢ ᠪᠠᠷᠢᠮᠲᠠᠯᠠᠵᠤ᠂ ᠵᠢᠷᠤᠭ᠂ ᠭᠤᠸ᠎ᠠ ᠰᠠᠢᠬᠠᠨ᠂ ᠭᠠᠷ ᠤᠷᠠᠯᠠᠯ᠎ᠤᠨ ᠪᠦᠯᠬᠦᠮ᠎ᠦᠨ ᠠᠵᠢᠯᠯᠠᠭ᠎ᠠ᠎ᠶᠢ ᠪᠠᠢᠩᠭᠤ ᠥᠷᠨᠢᠭᠦᠯᠵᠦ᠂ ᠡᠪᠡᠳᠴᠢᠲᠡᠨ᠎ᠢ ᠬᠠᠪᠰᠤᠷᠤᠨ ᠰᠡᠳᠭᠢᠯ᠎ᠤᠨ ᠳᠠᠷᠤᠭᠠᠰᠤ᠎ᠶᠢ ᠨᠢ ᠨᠠᠮᠳᠠᠭᠤᠯᠵᠤ᠂ ᠪᠣᠳᠣᠯ ᠰᠡᠳᠬᠢᠯ᠎ᠢ ᠨᠢ ᠳᠠᠪᠲᠠᠨ ᠪᠣᠯᠪᠠᠰᠤᠷᠠᠭᠤᠯᠵᠤ᠂ ᠪᠡᠶ᠎ᠡ ᠰᠡᠳᠬᠢᠯ᠎ᠦᠨ ᠪᠥᠬᠥ ᠲᠠᠯ᠎ᠠ᠎ᠶᠢᠨ ᠡᠷᠡᠭᠦᠯᠵᠢᠯ᠎ᠳᠦ ᠬᠦᠴᠦᠨ ᠨᠡᠮᠡᠷᠢᠯᠡᠭᠰᠡᠭᠡᠷ ᠢᠷᠡᠪᠡ᠃ ᠦᠵᠡᠰᠬᠦᠯᠡᠡᠭ ᠤᠨ ᠠᠬᠤᠢ ᠲᠠᠯᠠᠪᠠᠢ᠎ᠶᠢᠨ ᠠᠭᠤᠷ ᠠᠮᠢᠰᠬᠤᠯ ᠳᠤᠯᠠᠭᠠᠬᠠᠨ ᠪᠠᠢᠵᠤ᠂ ᠡᠮᠴᠢ ᠰᠤᠪᠢᠯᠠᠭ᠍ᠴᠢᠳ᠂ ᠡᠷᠡᠭᠦᠯᠵᠢᠭᠦᠯᠦᠭᠴᠢᠳ ᠵᠢᠴᠢ ᠲᠡᠳᠡᠨ᠎ᠦ ᠭᠡᠷ ᠪᠦᠯᠢ᠎ᠶᠢᠨ ᠬᠢᠨ᠂ ᠨᠡᠢᠭᠡᠮ᠎ᠦᠨ ᠤᠯᠠᠨ ᠲᠦᠮᠡᠨ ᠬᠠᠮᠳᠦ ᠪᠡᠷ ᠲᠣᠭᠣᠷᠢᠨ ᠦᠵᠡᠵᠦ᠂ ᠵᠡᠮᠳᠡᠭᠴᠤᠳ᠎ᠤᠨ ᠵᠣᠬᠢᠶᠠᠨ ᠪᠦᠲᠦᠭᠡᠬᠦ ᠬᠦᠴᠦᠨ ᠪᠣᠯᠣᠨ ᠥᠭᠡᠳᠡᠯᠡᠨ ᠳᠠᠪᠰᠢᠬᠤ ᠤᠶᠤᠨ ᠰᠠᠨᠠᠭᠠᠨ᠎ᠤ ᠳᠦᠷᠰᠦ ᠪᠠᠢᠳᠠᠯ᠎ᠢ ᠦᠨᠡᠨ ᠬᠦ᠌ ᠮᠡᠳᠡᠷᠡᠪᠡ᠃
ᠲᠣᠰ ᠤᠳᠠᠭᠠᠨ᠎ᠤ ᠤᠷᠠᠨ ᠪᠦᠲᠦᠭᠡᠯ᠎ᠦᠨ ᠦᠵᠡᠰᠬᠦᠯᠡᠡᠭ ᠪᠣᠯ ᠣᠶᠤᠨ ᠰᠠᠨᠠᠭᠠᠨ᠎ᠤ ᠡᠷᠡᠭᠦᠯᠵᠢᠯ᠎ᠦᠨ ᠰᠣᠶᠣᠯ ᠢᠷᠭᠡᠨᠰᠢᠯ᠎ᠦᠨ ᠦᠢᠯᠡᠴᠢᠯᠡᠭᠡ᠎ᠵᠢᠨ ᠠᠮᠢᠳᠤᠯᠢᠭ᠋ ᠦᠢᠯᠡᠳᠦᠯᠭᠡ ᠪᠠᠢᠵᠤ᠂ ᠤᠷᠠᠯᠢᠭ᠋᠎ᠤᠨ ᠵᠠᠰᠠᠯ᠎ᠦᠨ ᠠᠵᠢᠯ᠎ᠤᠨ ᠦᠷ᠎ᠡ ᠪᠦᠲᠦᠮᠵᠢ᠎ᠶᠢ ᠭᠦᠢᠴᠡᠳ ᠢᠯᠡᠷᠡᠬᠦᠯᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃