2026-10-15 09:40:01
ᠤᠢᠷ᠎ᠠ ᠳ᠋ᠤ᠂ 2026 ᠣᠨ ᠤ᠋ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠡᠮᠳᠡᠭᠴᠦᠳ ᠤ᠋ᠨ ᠪᠡᠶ᠎ᠡ ᠴᠢᠭᠢᠷᠠᠭᠵᠢᠭᠤᠯᠬᠤ ᠭᠠᠷᠠᠭ ᠤ᠋ᠨ ᠠᠵᠢᠯᠯᠠᠭ᠎ᠠ ᠣᠷᠳᠣᠰ ᠬᠣᠲᠠ ᠵᠢᠨ ᠳ᠋ᠦᠩᠱᠧᠩ ᠲᠣᠭᠣᠷᠢᠭ᠋ ᠲᠤ᠌ ᠶᠠᠪᠤᠭᠳᠠᠪᠠ᠃ ᠲᠣᠰ ᠤᠳᠠᠭᠠᠨ ᠤ᠋ ᠠᠵᠢᠯᠯᠠᠭ᠎ᠠ ᠨᠢ 《ᠡᠷᠡᠬᠦᠯ ᠶ᠋ᠢᠡᠷ ᠪᠡᠶ᠎ᠡ ᠪᠡᠨ ᠪᠤᠯᠪᠠᠰᠤᠷᠠᠭᠤᠯᠵᠤ ᠡᠷᠡᠭᠦᠯ ᠠᠮᠢᠳᠤᠷᠠᠯ ᠢ᠋ ᠡᠳ᠋ᠯᠡᠶ᠎ᠡ》 ᠭᠡᠬᠦ ᠪᠡᠷ ᠭᠣᠣᠯ ᠰᠡᠳᠦᠪ ᠪᠣᠯᠭᠠᠵᠤ᠂ ᠤᠷᠠᠨ ᠰᠠᠢᠬᠠᠨ ᠤ᠋ ᠲᠣᠭᠯᠠᠯᠲᠠ᠂ ᠰᠣᠨᠢᠷᠬᠠᠯᠳᠤ ᠪᠡᠶ᠎ᠡ ᠴᠢᠭᠢᠷᠠᠭᠵᠢᠭᠤᠯᠬᠤ ᠠᠵᠢᠯᠯᠠᠭ᠎ᠠ᠂ ᠨᠢᠭᠡ ᠦᠷᠳᠡᠭᠡᠴᠢᠯᠡᠭᠰᠡᠨ ᠮᠠᠶᠢᠭ᠋ ᠤ᠋ᠨ ᠠᠷᠠᠳ ᠲᠤ᠌ ᠲᠥᠬᠥᠮ ᠦᠵᠡᠭᠦᠯᠬᠦ ᠦᠢᠯᠡᠴᠢᠯᠡᠭᠡ ᠵᠡᠷᠭᠡ ᠵᠢ ᠳᠤᠬᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠪᠡᠶ᠎ᠡ ᠪᠡᠨ ᠪᠤᠯᠪᠠᠰᠤᠷᠠᠭᠤᠯᠵᠤ᠂ ᠵᠡᠮᠳᠡᠭᠴᠦᠳ ᠢ᠋ ᠭᠡᠷ ᠡᠴᠡ ᠪᠡᠨ ᠭᠠᠷᠴᠤ ᠬᠡᠬᠡᠷ᠎ᠡ ᠭᠠᠳᠠᠨᠠᠬᠢ ᠪᠡᠶ᠎ᠠ ᠵᠢᠨ ᠲᠠᠮᠢᠷᠤᠨ ᠠᠵᠢᠯᠯᠠᠭ᠎ᠠ ᠳ᠋ᠤ ᠤᠷᠤᠯᠴᠠᠬᠤ ᠵᠢ ᠵᠤᠷᠢᠭᠵᠢᠭᠤᠯᠤᠨ᠂ ᠨᠡᠢᠭᠡᠮ ᠳᠠᠢ ᠠᠭᠤᠰᠤᠯᠴᠠᠭᠤᠯᠬᠤ ᠵᠢ ᠬᠥᠲᠥᠯᠥᠨ ᠵᠢᠯᠤᠭᠣᠳᠴᠤ᠂ ᠡᠷᠡᠭᠦᠯ ᠴᠢᠭᠢᠷᠠᠭ ᠬᠠᠮᠲᠤ ᠪᠠᠷ ᠬᠦᠭᠵᠢᠬᠦ᠂ ᠬᠠᠷᠢᠯᠴᠠᠨ ᠬᠠᠪᠰᠤᠷᠤᠯᠴᠠᠵᠤ ᠨᠥᠬᠥᠷᠰᠡᠭ ᠶ᠋ᠢᠡᠷ ᠬᠠᠷᠢᠯᠴᠠᠬᠤ ᠨᠡᠢᠭᠡᠮ ᠤ᠋ᠨ ᠠᠭᠤᠷ ᠠᠮᠢᠰᠬᠤᠯ ᠢ᠋ ᠪᠣᠢ ᠪᠣᠯᠭᠠᠵᠡᠢ᠃
ᠲᠤᠬᠠᠢ ᠵᠢᠨ ᠲᠠᠯᠠᠪᠠᠢ ᠳ᠋ᠤ ᠳᠡᠭᠡᠰᠦ ᠦᠰᠦᠷᠬᠦ᠂ ᠫᠢᠺ ᠪᠥᠮᠪᠥᠭᠡ ᠳᠤᠭᠯᠠᠬᠤ᠂ ᠪᠦᠵᠢᠭ ᠪᠦᠵᠢᠭᠯᠡᠬᠦ᠂ ᠮᠦᠰᠦᠨ ᠳᠠᠪᠤᠷᠡ ᠳᠤᠭᠯᠠᠬᠤ᠂ ᠠᠹᠷᠢᠺᠠ ᠲᠢᠪ ᠤ᠋ᠨ ᠬᠡᠩᠭᠡᠷᠭᠡ ᠲᠡᠯᠡᠳᠬᠦ ᠵᠡᠷᠭᠡ ᠠᠵᠢᠯᠯᠠᠭ᠎ᠠ ᠵᠡᠷᠭᠡ ᠪᠡᠷ ᠶᠠᠪᠤᠭᠳᠠᠵᠤ᠂ ᠬᠦᠮᠦᠰ ᠤ᠋ᠨ ᠪᠠᠶᠠᠷᠯᠠᠨ ᠢᠨᠢᠶᠡᠯᠳᠦᠬᠦ ᠳᠠᠭᠤᠨ᠂ ᠬᠦᠴᠦ ᠨᠡᠮᠡᠨ ᠤᠤᠬᠠᠢᠯᠠᠬᠤ ᠳᠠᠭᠤᠨ ᠨᠡᠢᠯᠡᠨ ᠬᠦᠷ ᠬᠦᠭᠵᠢᠶᠡᠨ ᠶ᠋ᠢᠡᠷ ᠪᠢᠯᠬᠠᠵᠤ᠂ ᠰᠢᠨ᠎ᠡ ᠴᠠᠭ ᠦᠶ᠎ᠡ ᠶ᠋ᠢᠨ ᠵᠡᠮᠳᠡᠭᠴᠤᠳ ᠤ᠋ᠨ ᠢᠳᠡᠭᠡᠯ ᠳᠡᠬᠦᠯᠳᠡᠷ ᠪᠠᠶᠠᠰᠤᠩᠭᠤᠢ ᠦᠬᠡᠳᠡᠷᠭᠡᠭ ᠦᠵᠡᠯ ᠰᠠᠨᠠᠭᠠᠨ ᠤ᠋ ᠪᠠᠢᠳᠠᠯ ᠢ᠋ ᠢᠯᠡᠷᠡᠬᠦᠯᠵᠦ᠂ ᠠᠵᠢᠯᠯᠠᠭ᠎ᠠ ᠳᠤᠮᠳᠠ ᠪᠡᠶ᠎ᠡ ᠪᠡᠨ ᠪᠤᠯᠪᠠᠰᠤᠷᠠᠭᠤᠯᠵᠤ ᠨᠦᠬᠦᠷᠯᠡᠯ ᠶ᠋ᠢᠡᠨ ᠵᠤᠵᠠᠭᠠᠳᠬᠠᠨ᠂ ᠰᠢᠨᠵᠢᠯᠡᠬᠦ ᠤᠬᠠᠭᠠᠨᠴᠢ ᠪᠡᠷ ᠪᠡᠶ᠎ᠡ ᠪᠡᠨ ᠴᠢᠭᠢᠷᠠᠭᠵᠢᠭᠤᠯᠬᠤ ᠪᠠ ᠪᠠᠶᠠᠷ ᠬᠥᠷ ᠲᠠᠢ ᠪᠡᠷ ᠡᠷᠡᠭᠦᠯᠵᠢᠬᠦ ᠵᠢ ᠵᠡᠷᠭᠡ ᠪᠡᠷ ᠠᠬᠢᠭᠤᠯᠵᠠᠢ᠃ ᠠᠵᠢᠯᠯᠠᠭ᠎ᠠ ᠨᠢ ᠪᠠᠰᠠ ᠨᠢᠭᠡ ᠥᠷᠲᠡᠭᠡᠴᠢᠯᠡᠭᠰᠡᠨ ᠮᠠᠶᠢᠭ᠋ ᠤ᠋ᠨ ᠠᠷᠠᠳ ᠲᠤ᠌ ᠲᠥᠬᠥᠮ ᠦᠵᠡᠭᠦᠯᠬᠦ ᠦᠢᠯᠡᠴᠢᠯᠡᠭᠡᠨ ᠤ᠋ ᠲᠤᠰᠬᠠᠢ ᠳᠤᠭᠤᠷᠢᠭ ᠭᠠᠷᠭᠠᠵᠤ᠂ ᠵᠡᠮᠳᠡᠭᠴᠦᠳ ᠤ᠋ᠨ ᠬᠣᠯᠪᠣᠭ᠎ᠠ᠂ ᠡᠮᠴᠢ ᠰᠤᠪᠢᠯᠠᠭᠴᠢ᠂ ᠬᠠᠤᠯᠢ ᠴᠠᠭᠠᠵᠠ ᠶ᠋ᠢᠨ ᠰᠠᠯᠠᠭ᠎ᠠ ᠮᠦᠴᠢᠷ᠂ ᠬᠠᠢᠷ᠎ᠠ ᠬᠠᠯᠠᠮᠵᠢ ᠵᠢᠨ ᠠᠵᠤ ᠠᠬᠤᠢᠯᠠᠯ ᠵᠡᠷᠭᠡ ᠣᠯᠠᠨ ᠪᠠᠢᠭᠤᠯᠭ᠎ᠠ ᠨᠢᠭᠡᠴᠢ ᠤᠷᠤᠯᠴᠠᠨ᠂ ᠵᠡᠮᠳᠡᠭᠴᠦᠳ ᠢ᠋ ᠲᠤᠰᠠᠯᠠᠬᠤ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠢᠯᠪᠤᠷᠢᠯᠠᠬᠤ᠂ ᠨᠡᠶ᠋ᠢᠲᠡ ᠵᠢᠨ ᠠᠰᠠᠷᠠᠮᠵᠢ ᠵᠢᠨ ᠠᠯᠪᠠᠨ ᠵᠢᠷᠤᠮ ᠤ᠋ᠨ ᠡᠮᠴᠢᠯᠡᠭᠡ᠂ ᠡᠷᠡᠭᠦᠯᠵᠢᠯ ᠤ᠋ᠨ ᠵᠢᠯᠣᠭᠣᠳᠤᠯᠭ᠎ᠠ᠂ ᠠᠵᠢᠯ ᠣᠯᠭᠣᠯᠲᠠ ᠵᠢ ᠵᠣᠯᠭᠠᠭᠤᠯᠬᠤ᠂ ᠬᠠᠤᠯᠢ ᠴᠠᠭᠠᠵᠠ ᠵᠢᠨ ᠲᠤᠰᠠᠯᠠᠮᠵᠢ ᠦᠵᠡᠭᠦᠯᠬᠦ᠂ ᠭᠠᠷ ᠤᠷᠠᠯᠠᠯ ᠬᠢᠵᠦ ᠬᠤᠳᠠᠯᠳᠤᠬᠤ ᠵᠡᠷᠭᠡ ᠦᠢᠯᠡᠴᠢᠯᠡᠭᠡ ᠵᠢ ᠳᠤᠬᠢᠷᠠᠭᠤᠯᠵᠤ᠂ ᠵᠡᠮᠳᠡᠭᠴᠦᠳ ᠤ᠋ᠨ ᠬᠦᠰᠡᠯ ᠱᠠᠭᠠᠷᠳᠠᠯᠭ᠎ᠠ ᠵᠢ ᠨᠢᠭᠤᠷᠲᠠᠨ ᠰᠣᠨᠣᠰᠴᠤ᠂ ᠣᠯᠠᠨ ᠲᠦᠮᠡᠨ ᠤ᠋ ᠪᠠᠴᠢᠮᠳᠠᠵᠦ ᠲᠦᠪᠡᠭᠳᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠳᠠᠯ ᠢ᠋ ᠰᠢᠢᠳᠪᠦᠷᠢᠯᠡᠵᠦ ᠦᠭᠴᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃