ᠲᠡᠷᠢᠭᠦᠨ ᠨᠢᠭᠤᠷ>ᠬᠦᠮᠦᠨ ᠨᠡᠢᠭᠡᠮ>ᠮᠡᠳᠡᠭᠡ

2026-10-15 11:29:54

ᠵᠣᠬᠢᠶᠠᠭ᠍ᠴᠢ᠄ ᠬᠠᠢ ᠵᠢᠶᠦ᠋ᠨ ᠣᠩᠱᠢᠭ᠍ᠰᠠᠨ ᠣᠳᠠᠭ᠎ᠠ᠄ 3

10 ᠰᠠᠷ᠎ᠠ ᠵᠢᠨ 13 ᠤ᠋ ᠡᠳᠤᠷ᠂ 37 ᠳ᠋ᠡᠬᠢ ᠤᠯᠠᠨ ᠤᠯᠤᠰ ᠤ᠋ᠨ ᠭᠠᠮᠰᠢᠭ ᠢ᠋ ᠪᠠᠭᠠᠰᠬᠠᠬᠤ ᠡᠳᠤᠷ ᠬᠦᠷᠴᠤ ᠢᠷᠡᠬᠦ ᠲᠠᠰᠢᠷᠠᠮ ᠵᠢᠡᠷ᠂ ᠤᠯᠠᠭᠠᠨᠴᠠᠪ ᠬᠤᠲᠠ ᠵᠢᠨ ᠭᠠᠮᠰᠢᠭ ᠢ᠋ ᠰᠡᠷᠭᠡᠢᠯᠡᠵᠤ ᠭᠠᠮᠰᠢᠭ ᠢ᠋ ᠪᠠᠭᠠᠰᠬᠠᠨ ᠭᠠᠮᠰᠢᠭ ᠡᠴᠡ ᠠᠪᠤᠷᠠᠬᠤ ᠵᠦᠪᠯᠡᠯ ᠤ᠋ᠨ ᠠᠯᠪᠠᠨ ᠭᠡᠷ ᠡᠴᠡ ᠭᠤᠤᠯᠯᠠᠨ ᠡᠷᠬᠢᠯᠡᠭᠰᠡ︽10 · 13 ᠤ᠋ ᠤᠯᠠᠨ ᠤᠯᠤᠰ ᠤ᠋ᠨ ᠭᠠᠮᠰᠢᠭ ᠢ᠋ ᠪᠠᠭᠠᠰᠬᠠᠬᠤ ᠡᠳᠤᠷ︾ᠤ᠋ᠨ ᠤᠬᠠᠭᠤᠯᠭ᠎ᠠ ᠵᠢᠨ ᠠᠵᠢᠯᠯᠠᠭ᠎ᠠ ᠵᠢᠨᠢᠡᠭ ᠲᠤᠭᠤᠷᠢᠭ ᠲᠤ᠌ ᠶᠠᠪᠤᠭᠳᠠᠪᠠ᠃

ᠠᠵᠢᠯᠯᠠᠭ᠎ᠠ ᠳ᠋ᠤ᠂ ᠵᠢᠨᠢᠡᠭ ᠲᠤᠭᠤᠷᠢᠭ ᠤ᠋ᠨ ᠬᠤ᠌ ᠱᠠᠨ ᠵᠡᠭᠡᠯᠢ ᠭᠤᠳᠤᠮᠵᠢ ᠵᠢᠨ ᠸᠸᠨ ᠬᠤᠸᠠ ᠯᠤ᠌ ᠨᠡᠢᠭᠡᠮ ᠲᠤᠭᠤᠷᠢᠭ ᠤ᠋ᠨ ᠠᠵᠢᠯᠲᠡᠳ ᠡᠴᠡ ᠤᠯᠠᠭᠠᠨᠴᠠᠪ ᠤ᠋ᠨ ᠠᠭᠤᠷ ᠠᠮᠢᠰᠭᠤᠯ ᠤ᠋ᠨ ᠤᠨᠴᠠᠯᠢᠭ ᠪᠠ ᠭᠠᠵᠠᠷ ᠤ᠋ᠨ ᠪᠠᠢᠴᠠ ᠭᠠᠵᠠᠷ ᠤ᠋ᠨ ᠭᠠᠳᠠᠷᠭᠤ ᠵᠢᠨ ᠤᠨᠴᠠᠯᠢᠭ ᠲᠠᠢ ᠤᠶᠠᠯᠳᠤᠭᠤᠯᠤᠨ᠂ ᠬᠠᠷᠢᠶ᠎ᠠ ᠤᠷᠤᠨ ᠳ᠋ᠤ ᠤᠯᠠᠨ ᠡᠭᠦᠰᠳᠡᠭ ᠶᠡᠬᠡ ᠰᠠᠯᠬᠢ᠂ ᠴᠠᠰᠤ ᠰᠢᠭᠤᠷᠭ᠎ᠠ᠂ ᠬᠦᠢᠲᠡᠨ ᠤᠷᠤᠰᠬᠠᠯ ᠵᠡᠷᠭᠡ ᠪᠠᠢᠭᠠᠯᠢ ᠵᠢᠨ ᠭᠠᠢ ᠭᠠᠮᠰᠢᠭ ᠤ᠋ᠨ ᠲᠤᠭᠤᠷᠢᠨ ᠳ᠋ᠤ᠂ ᠭᠠᠮᠰᠢᠭ ᠢ᠋ ᠤᠷᠢᠳᠴᠢᠯᠠᠨ ᠰᠡᠷᠡᠮᠵᠢᠯᠡᠬᠦ ᠭᠠᠮᠰᠢᠭ ᠢ᠋ ᠢᠯᠭᠠᠨ ᠲᠠᠨᠢᠬᠤ᠂ ᠡᠳᠤᠷ ᠲᠤᠳᠤᠮ ᠤ᠋ᠨ ᠰᠡᠷᠭᠡᠢᠯᠡᠯᠲᠡ ᠵᠢᠨ ᠭᠤᠤᠯᠳᠠᠯᠭ᠎ᠠ᠂ ᠬᠡᠨᠡᠳᠲᠡ ᠵᠢᠨ ᠠᠶᠤᠯ ᠢ᠋ ᠰᠢᠢᠳᠪᠤᠷᠢᠯᠡᠬᠦ᠂ ᠭᠠᠮᠰᠢᠭ ᠤ᠋ᠨ ᠲᠠᠷᠠᠭ᠎ᠠ ᠦᠪᠡᠷ ᠢ᠋ ᠪᠠᠨ ᠠᠪᠤᠷᠠᠬᠤ ᠬᠠᠷᠢᠯᠴᠠᠨ ᠠᠪᠤᠷᠠᠬᠤ ᠵᠡᠷᠬᠡ ᠪᠤᠳᠠᠳᠤ ᠬᠡᠷᠡᠭᠯᠡᠭᠡᠨ ᠤ᠋ ᠠᠭᠤᠯᠭ᠎ᠠ ᠵᠢ ᠲᠦᠭᠦᠮ ᠤᠢᠯᠠᠭᠠᠮᠵᠢᠲᠠᠢ ᠦᠭᠡ ᠶᠠᠷᠢᠶ᠎ᠠ ᠪᠡᠷ ᠨᠠᠷᠢᠨ ᠲᠠᠢᠯᠪᠤᠷᠢᠯᠠᠪᠠ᠃

ᠠᠵᠢᠯᠯᠠᠭ᠎ᠠ ᠳ᠋ᠤ ᠪᠠᠰᠠ ᠸᠸᠨ ᠬᠤᠸᠠ ᠯᠤ᠌ ᠨᠡᠢᠭᠡᠮ ᠲᠤᠭᠤᠷᠢᠭ ᠤ᠋ᠨ ᠠᠭᠤᠳᠠᠮ ᠲᠠᠯᠠᠪᠠᠢ ᠳ᠋ᠤ ᠲᠦᠪᠯᠡᠷᠡᠭᠦᠯᠦᠨ ᠤᠬᠠᠭᠤᠯᠬᠤ ᠲᠤᠭᠤᠷᠢᠭ ᠭᠠᠷᠭᠠᠵᠤ᠂ ᠭᠠᠮᠰᠢᠭ ᠢ᠋ ᠰᠡᠷᠭᠡᠢᠯᠡᠬᠦ ᠭᠠᠮᠰᠢᠭ ᠢ᠋ ᠪᠠᠭᠠᠰᠬᠠᠬᠤ ᠤᠬᠠᠭᠤᠯᠭ᠎ᠠ ᠵᠢᠨ ᠰᠠᠮᠪᠠᠷ᠎ᠠ ᠲᠤᠬᠢᠷᠠᠭᠤᠯᠵᠤ᠂ ᠭᠠᠯ ᠤ᠋ᠨ ᠭᠠᠮᠰᠢᠭ ᠡᠴᠡ ᠠᠮᠢ ᠵᠢᠭᠤᠳᠠᠬᠤ ᠠᠷᠭ᠎ᠠ᠂ ᠤᠨᠴᠠᠭᠠᠢ ᠴᠠᠭ ᠠᠭᠤᠷ ᠤ᠋ᠨ ᠭᠠᠮᠰᠢᠭ ᠤ᠋ᠨ ᠰᠡᠷᠭᠡᠢᠯᠡᠯᠲᠡ᠂ ᠭᠠᠵᠠᠷ ᠬᠦᠳᠡᠯᠦᠯᠲᠡ ᠵᠢᠨ ᠠᠶᠤᠯ ᠡᠴᠡ ᠵᠠᠢᠯᠠᠬᠤ ᠴᠢᠬᠤᠯᠠ ᠵᠤᠢᠯ ᠵᠡᠷᠭᠡ ᠵᠢ ᠤᠬᠠᠭᠤᠯᠪᠠ᠃

︽ᠰᠢᠷᠦᠬᠦᠨ ᠪᠤᠷᠤᠭᠠᠨ ᠦᠷᠭᠦᠯᠵᠢᠯᠡᠭᠰᠡᠨ ᠴᠠᠭ ᠠᠭᠤᠷ ᠲᠤᠬᠢᠶᠠᠯᠳᠤᠪᠠᠯ᠂ ᠭᠡᠷ ᠲᠡᠭᠡᠨ ᠶᠠᠮᠠᠷ ᠶᠠᠮᠠᠷ ᠡᠳ᠋ ᠪᠤᠳᠠᠰ ᠢ᠋ ᠤᠷᠢᠳᠴᠢᠯᠠᠨ ᠨᠦᠭᠡᠴᠡᠯᠡᠪᠡᠯ ᠵᠤᠬᠢᠬᠤ ᠪᠤᠢ?》᠂︽ᠭᠠᠯ ᠤ᠋ᠨ ᠠᠶᠤᠯ ᠲᠤᠬᠢᠶᠠᠯᠳᠤᠪᠠᠯ ᠬᠡᠷᠬᠢᠨ ᠠᠮᠢ ᠵᠢᠭᠤᠳᠠᠬᠤ ᠪᠤᠢ?︾᠁ ᠤᠬᠠᠭᠤᠯᠭ᠎ᠠ ᠵᠢᠨ ᠰᠠᠮᠪᠠᠷ᠎ᠠ ᠵᠢᠨ ᠬᠠᠵᠠᠭᠤ ᠳ᠋ᠡᠬᠢ ᠠᠷᠠᠳ ᠲᠤ᠌ ᠲᠦᠭᠦᠮ ᠦᠵᠡᠭᠦᠯᠬᠦ ᠯᠡᠪᠯᠠᠯᠲᠡ ᠵᠢᠨ ᠲᠠᠢᠰᠠᠨ ᠤ᠋ ᠡᠮᠦᠨ᠎ᠠ ᠬᠦᠮᠦᠨ ᠬᠠᠷ᠎ᠠ ᠴᠤᠭᠯᠠᠷᠠᠵᠤ᠂ ᠬᠦᠭᠵᠢᠶᠠᠨ ᠨᠠᠷᠬᠢᠶᠠᠨ ᠵᠢᠡᠷ ᠪᠢᠯᠬᠠᠵᠤ ᠪᠠᠢᠯ᠎ᠠ᠃ ᠠᠵᠢᠯᠲᠡᠳ ᠬᠤᠲᠠ ᠵᠢᠨ ᠠᠷᠠᠳ ᠲᠤ᠌ ᠤᠬᠠᠭᠤᠯᠭ᠎ᠠ ᠵᠢᠨ ᠮᠠᠲᠸᠷᠢᠶᠠᠯ ᠲᠠᠷᠬᠠᠭᠠᠬᠤ ᠵᠢᠨ ᠲᠠᠭᠠᠤ ᠤᠯᠠᠨ ᠲᠦᠮᠡᠨ ᠤ᠋ ᠮᠠᠳᠠᠭ ᠲᠠᠢ ᠠᠰᠠᠭᠤᠳᠠᠯ ᠳ᠋ᠤ ᠬᠦᠯᠢᠴᠡᠡᠭᠬᠦᠢ ᠪᠡᠷ ᠬᠠᠷᠢᠭᠤᠯᠳᠠ ᠦᠭᠴᠤ᠂ ᠪᠠᠴᠢᠮ ᠪᠠᠢᠳᠠᠯ ᠢ᠋ ᠠᠷᠭᠠᠴᠠᠭᠠᠬᠤ ᠤᠷ᠎ᠠ ᠮᠡᠷᠭᠡᠵᠢᠯ ᠢ᠋ ᠵᠢᠭᠠᠵᠤ ᠦᠭᠪᠡ᠃

ᠡᠬᠦᠨ ᠤ᠋ ᠲᠠᠭᠠᠤ᠂ ᠤᠬᠠᠭᠤᠯᠭ᠎ᠠ ᠵᠢᠨ ᠬᠠᠮᠤᠷᠬᠤ ᠬᠡᠪᠴᠢᠶ᠎ᠠ ᠵᠢ ᠦᠷᠭᠡᠳᠭᠡᠵᠤ᠂ ᠭᠠᠮᠰᠢᠭ ᠢ᠋ ᠰᠡᠷᠭᠡᠢᠯᠡᠨ ᠭᠠᠮᠰᠢᠭ ᠢ᠋ ᠪᠠᠭᠠᠰᠬᠠᠬᠤ ᠮᠡᠳᠡᠯᠭᠡ ᠵᠢ ᠬᠦᠮᠦᠰ ᠤ᠋ᠨ ᠰᠡᠳᠬᠢᠯ ᠳ᠋ᠤ ᠬᠠᠳᠠᠡᠭᠰᠢᠭᠤᠯᠬᠤ ᠵᠢ ᠠᠬᠢᠭᠤᠯᠬᠤ ᠵᠢᠨ ᠲᠦᠯᠦᠭᠡ᠂ ᠠᠵᠢᠯᠲᠡᠳ ᠪᠠᠰᠠ ᠡᠷᠬᠢᠨ ᠲᠤᠭᠤᠷᠢᠨ ᠤ᠋ ᠰᠠᠭᠤᠭᠠᠯᠢ ᠠᠷᠠᠳ ᠤ᠋ᠨ ᠠᠰᠠᠷ ᠤ᠋ᠨ ᠭᠤᠳᠤᠮᠵᠢ᠂ ᠵᠡᠭᠡᠯᠢ ᠲᠠᠭᠠᠤ ᠵᠢᠨ ᠬᠤᠳᠠᠯᠳᠤᠭᠠᠨ ᠤ᠋ ᠲᠡᠯᠭᠡᠭᠦᠷ᠂ ᠠᠷᠠᠳ ᠲᠤ᠌ ᠲᠦᠭᠦᠮ ᠦᠵᠡᠭᠦᠯᠬᠦ ᠬᠤᠳᠠᠯᠳᠤᠭᠠᠨ ᠤ᠋ ᠬᠠᠮ ᠲᠡᠯᠭᠡᠭᠦᠷ ᠲᠤ᠌ ᠬᠦᠨᠵᠡᠭᠡᠢᠷᠡᠨ ᠤᠬᠠᠭᠤᠯᠭ᠎ᠠ ᠵᠢᠨ ᠠᠵᠢᠯᠯᠠᠭ᠎ᠠ ᠦᠷᠨᠢᠭᠦᠯᠵᠤ᠂ ᠠᠮᠤᠷ ᠲᠦᠪᠰᠢᠨ ᠤ᠋ ᠬᠡᠮ ᠰᠤᠭᠤᠭ ᠢ᠋ ᠵᠢᠭᠰᠠᠭᠠᠨ ᠪᠠᠢᠴᠠᠭᠠᠬᠤ ᠠᠷᠭ᠎ᠠ ᠵᠢ ᠨᠠᠷᠢᠨ ᠨᠢᠮᠪᠠᠢ ᠲᠠᠢᠯᠪᠤᠷᠢᠯᠡᠨ᠂ ᠤᠯᠠᠨ ᠲᠦᠮᠡᠨ ᠤ᠋ ᠪᠠᠴᠢᠮ ᠪᠠᠢᠳᠠᠯ ᠢ᠋ ᠠᠷᠭᠠᠴᠠᠭᠠᠬᠤ ᠡᠳ᠋ ᠪᠤᠳᠠᠰ ᠨᠦᠭᠡᠴᠡᠯᠡᠵᠤ᠂ ᠪᠠᠴᠢᠮ ᠪᠠᠢᠳᠠᠯ ᠢ᠋ ᠠᠷᠭᠠᠴᠠᠭᠠᠬᠤ ᠴᠢᠳᠠᠪᠤᠷᠢ ᠪᠠᠨ ᠲᠡᠭᠡᠭᠰᠢᠯᠡᠭᠦᠯᠬᠦ ᠵᠢ ᠬᠦᠳᠤᠯᠦᠨ ᠵᠢᠯᠤᠭᠤᠳᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面