ᠲᠡᠷᠢᠭᠦᠨ ᠨᠢᠭᠤᠷ>ᠬᠦᠮᠦᠨ ᠨᠡᠢᠭᠡᠮ>ᠮᠡᠳᠡᠭᠡ

2026-10-16 11:46:09

ᠵᠣᠬᠢᠶᠠᠭ᠍ᠴᠢ᠄ ᠰᠠᠴᠤᠷᠠᠯ ᠣᠩᠱᠢᠭ᠍ᠰᠠᠨ ᠣᠳᠠᠭ᠎ᠠ᠄ 3

ᠣᠢᠷ᠎ᠠ᠎ᠳ᠋ᠤ᠂ ᠦᠪᠦᠷ ᠮᠤᠩᠭᠤᠯ᠎ᠤᠨ ᠵᠡᠮᠳᠡᠭᠴᠦᠳ᠎ᠦᠨ ᠬᠣᠯᠪᠣᠭ᠎ᠠ 《ᠠᠨᠠᠷ᠎ᠤᠨ ᠴᠡᠴᠡᠭᠡᠰ ᠪᠠᠳᠠᠷᠠᠨ ᠳᠡᠯᠭᠡᠷᠡᠨᠡᠮ · ᠡᠬᠡ ᠤᠯᠤᠰ᠎ᠢᠶᠠᠨ ᠬᠠᠢᠷᠠᠯᠠᠨ ᠨᠠᠮ᠎ᠤᠨ ᠠᠴᠢ᠎ᠶᠢ  ᠮᠠᠭᠲᠠᠨ ᠳᠠᠭᠤᠯᠠᠨ᠎ᠠ》  ᠭᠡᠬᠦ ᠭᠤᠤᠯ ᠰᠡᠳᠦᠪᠲᠦ ᠬᠠᠮᠳᠦ᠎ᠵᠢᠨ ᠲᠤᠬᠯᠠᠯᠲᠠ ᠡᠷᠬᠢᠯᠡᠪᠡ᠃

ᠲᠤᠬᠯᠠᠯᠲᠠ ᠨᠢ 《ᠬᠤᠪᠢᠰᠬᠠᠯ᠎ᠤᠨ ᠭᠠᠯ ᠭᠣᠯᠣᠮᠲᠠ᠎ᠶᠢ ᠵᠠᠯᠭᠠᠮᠵᠢᠯᠠᠨ᠎ᠠ》᠂ 《ᠳᠤᠮᠳᠠᠳᠤ᠎ᠶᠢᠨ ᠬᠥᠭᠵᠢᠯ ᠪᠠᠳᠠᠷᠠᠯ᠎ᠢ ᠮᠠᠭᠲᠠᠨ ᠳᠠᠭᠤᠯᠠᠨ᠎ᠠ》᠂ 《ᠲᠠᠯ᠎ᠠ ᠨᠤᠲᠤᠭ᠎ᠲᠤ ᠠᠨᠠᠷ᠎ᠤᠨ ᠴᠡᠴᠡᠭᠡᠰ ᠪᠠᠳᠠᠷᠠᠨ ᠳᠡᠯᠭᠡᠷᠡᠨ᠎ᠡ》᠂ 《ᠵᠡᠮᠳᠡᠭᠴᠤᠳ ᠪᠠ  ᠡᠷᠡᠬᠦᠯ  ᠬᠦᠮᠦᠰ ᠭᠠᠷ ᠭᠠᠷ ᠵᠢᠡᠨ ᠬᠣᠯᠪᠣᠯᠴᠠᠨ ᠬᠦᠰᠡᠯ ᠵᠡᠭᠦᠳᠦ᠎ᠪᠡᠨ ᠲᠡᠷᠭᠡᠯᠰᠢᠭᠦᠯᠦᠨ᠎ᠡ》 ᠭᠡᠬᠦ ᠳᠥᠷᠪᠡᠨ ᠪᠦᠯᠦᠭ᠎ᠢᠶᠡᠷ ᠪᠦᠷᠢᠯᠳᠦᠵᠡᠢ᠃  ᠡᠬᠦᠨ᠎ᠳᠤ ᠵᠡᠮᠳᠡᠭᠴᠤᠳ ᠪᠠ ᠡᠷᠡᠬᠦᠯ ᠬᠦᠮᠦᠰ ᠬᠠᠮᠳᠦ ᠪᠡᠷ ᠲᠤᠬᠯᠠᠯᠲᠠ ᠭᠠᠷᠭᠠᠵᠦ᠂ 《ᠫᠠᠢ ᠬᠠᠷᠪᠤᠭᠠᠳ ᠪᠤᠴᠠᠵᠤ ᠢᠷᠡᠭᠰᠡᠨ ᠨᠢ》᠂ 《ᠤᠯᠠᠭᠠᠨ ᠴᠡᠴᠡᠭᠡᠰ ᠠᠭᠤᠯᠠ᠎ᠵᠢ ᠪᠦᠷᠬᠦᠨ᠎ᠡ》᠂ 《ᠰᠢᠨ᠎ᠡ ᠴᠠᠭ ᠦᠶ᠎ᠡ᠎ᠳᠦ ᠳᠠᠪᠰᠢᠨ ᠣᠷᠣᠨ᠎ᠠ》᠂ 《ᠡᠬᠡ ᠤᠯᠤᠰ᠎ᠢᠶᠠᠨ ᠮᠠᠭᠲᠠᠨ ᠳᠠᠭᠤᠯᠠᠶ᠎ᠠ》᠂ 《ᠲᠠᠯ᠎ᠠ ᠨᠤᠲᠤᠭ᠎ᠠᠴᠠ ᠪᠡᠭᠡᠵᠢᠩ᠎ᠢ ᠪᠠᠷᠠᠯᠠᠶ᠎ᠠ》᠂ 《ᠪᠢᠳᠡ ᠪᠤᠯ ᠪᠦᠷ ᠬᠦᠰᠡᠯ ᠵᠡᠭᠦᠳᠦ᠎ᠪᠡᠨ ᠬᠥᠭᠡᠭᠡᠴᠡᠯᠳᠦᠭᠴᠢ》 ᠵᠢᠴᠢ ᠲᠤᠬᠢᠶᠠᠨ᠎ᠤ ᠬᠡᠯᠡ ᠬᠠᠪᠰᠤᠷᠭᠠᠬᠰᠠᠨ ᠪᠥᠵᠢᠭ 《ᠦᠵᠡᠰᠬᠦᠯᠡᠩᠲᠦ ᠰᠠᠢᠬᠠᠨ ᠳᠤᠮᠳᠠᠳᠤ ᠤᠯᠤᠰ ᠵᠢᠡᠨ ᠬᠠᠷᠠᠭᠠᠳ ᠬᠠᠨᠤᠬᠤ ᠦᠬᠡᠢ》 ᠵᠡᠷᠭᠡ ᠲᠣᠭᠯᠠᠯᠲᠠ ᠦᠷᠬᠦᠯᠵᠢᠯᠡᠵᠦ᠂ ᠳᠠᠭᠤᠤ ᠪᠦᠵᠢᠭ ᠵᠢᠡᠷ ᠭᠠᠢᠬᠠᠮᠰᠢᠭ᠍ᠲᠤ ᠣᠨ ᠰᠠᠷ᠎ᠠ᠎ᠶᠢ ᠡᠷᠭᠢᠴᠡᠭᠦᠯᠵᠦ᠂ ᠡᠬᠡ ᠤᠯᠤᠰ᠎ᠤᠨ ᠠᠭᠤᠯᠠ ᠤᠰᠤ᠎ᠶᠢ ᠮᠠᠭᠲᠠᠨ ᠳᠠᠭᠤᠯᠠᠵᠦ᠂ ᠠᠬ᠎ᠠ ᠳᠡᠭᠦᠦ᠎ᠶᠢᠨ ᠨᠥᠬᠥᠷᠯᠡᠯ᠎ᠢᠶᠡᠨ ᠬᠠᠮᠲᠤ᠎ᠪᠠᠷ ᠲᠣᠭᠠᠴᠢᠵᠤ᠂ ᠵᠡᠮᠳᠡᠭᠴᠦᠳ  ᠪᠠ  ᠡᠷᠡᠭᠦᠯ  ᠬᠦᠮᠦᠰ᠎ᠤᠨ ᠠᠭᠤᠰᠤᠯᠴᠠᠯ᠂ ᠬᠦᠴᠦᠷᠬᠡᠭᠵᠢᠬᠦ᠎ᠪᠡᠷ ᠬᠦᠴᠦᠯᠡᠨ ᠴᠢᠷᠮᠠᠢᠬᠤ  ᠴᠤᠬ  ᠵᠢᠪᠬᠤᠭ᠎ᠠ᠎ᠵᠢ  ᠢᠯᠡᠷᠡᠬᠦᠯᠪᠡ᠃ ᠳᠤᠬᠯᠠᠯᠳᠠ ᠵᠢᠨ ᠡᠴᠦᠰ᠎ᠲᠦ᠂ ᠲᠠᠯᠠᠪᠠᠢ ᠳᠠᠶᠠᠭᠠᠷ᠎ᠤᠨ 《ᠰᠡᠷᠭᠦᠨ ᠮᠠᠨᠳᠤᠯᠲᠠ ᠲᠡᠢᠰᠢ ᠤᠷᠤᠭᠰᠢᠯᠠᠰᠤᠭᠠᠢ》 ᠬᠡᠬᠦ ᠨᠠᠢᠷᠠᠯ ᠳᠠᠭᠤᠤ ᠨᠢ ᠠᠵᠢᠯᠯᠠᠭ᠎ᠠ᠎ᠶᠢ ᠤᠷᠬᠢᠯ ᠳ᠋ᠤᠨᠢ ᠬᠦᠷᠭᠡᠵᠡᠢ᠃

ᠲᠤᠰ ᠠᠵᠢᠯᠯᠠᠭ᠎ᠠ ᠨᠢ ᠬᠤᠪᠢᠰᠬᠠᠯᠲᠤ ᠳᠠᠭᠤᠤ᠎ᠪᠠᠷ ᠭᠣᠣᠯ ᠬᠦᠭ ᠠᠶᠠᠰ ᠪᠣᠯᠭᠠᠵᠤ᠂ ᠨᠠᠮ᠎ᠢᠶᠠᠨ ᠬᠠᠢᠷᠠᠯᠠᠬᠤ ᠤᠯᠤᠰ᠎ᠢᠶᠠᠨ ᠬᠠᠢᠷᠠᠯᠠᠬᠤ ᠰᠡᠳᠬᠢᠯ᠎ᠦᠨ ᠳᠠᠭᠤᠨ᠎ᠢ ᠬᠠᠩᠭᠢᠨᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠵᠢ ᠠᠬᠢᠭᠤᠯᠤᠨ᠂ ᠥᠷᠭᠡᠨ ᠤᠯᠠᠨ ᠵᠡᠮᠳᠡᠭᠴᠦᠳ ᠪᠠ ᠵᠡᠮᠳᠡᠭᠴᠦᠳ᠎ᠦᠨ ᠦᠢᠯᠡᠰ᠎ᠦᠨ ᠠᠵᠢᠯᠲᠠᠨ᠎ᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠢᠨ᠎ᠡ ᠠᠶᠠᠨ᠎ᠳᠠᠭᠠᠨ ᠬᠥᠭᠵᠢᠯᠲᠡ᠎ᠶᠢ ᠬᠠᠮᠲᠤ᠎ᠪᠠᠷ ᠡᠷᠢᠯᠬᠢᠯᠡᠵᠦ᠂ ᠢᠷᠡᠭᠡᠳᠦᠢ᠎ᠶᠢ ᠬᠠᠮᠲᠤ᠎ᠪᠠᠷ  ᠴᠣᠭᠴᠠᠯᠠᠬᠤ᠎ᠶᠢ  ᠵᠣᠷᠢᠭ᠍ᠵᠢᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面