2026-09-24 17:36:21
ᠣᠷᠳᠣᠰ ᠬᠣᠲᠠ᠎ᠳᠤ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠵᠢᠱ᠌ᠢᠶ᠎ᠡ ᠦᠵᠡᠭᠦᠯᠬᠦ᠌ ᠰᠠᠭᠤᠷᠢᠨ 2 ᠨᠡᠮᠡᠭᠳᠡᠵᠡᠢ
ᠣᠶ᠋ᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠢᠩᠬᠢᠮ 2026 ᠣᠨ᠎ᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠵᠢᠱ᠌ᠢᠶ᠎ᠡ ᠦᠵᠡᠭᠦᠯᠬᠦ᠌ ᠰᠠᠭᠤᠷᠢᠨ᠎ᠤ ᠨᠡᠷᠡᠰ᠎ᠢ ᠨᠡᠶ᠋ᠢᠲᠡᠯᠡᠵᠦ᠍᠂ ᠣᠷᠳᠣᠰ ᠬᠣᠲᠠ᠎ᠶᠢᠨ ᠵᠢᠶᠠᠨ ᠾᠧᠩ ᠪᠣᠬᠢᠷᠲᠤᠯ ᠥᠬᠡᠶ ᠸᠠᠭᠠᠷ ᠱᠠᠭᠠᠵᠠᠩ᠎ᠤᠨ ᠰᠢᠨ᠎ᠡ ᠮᠠᠲ᠋ᠧᠷᠢᠶᠠᠯ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠵᠢᠱ᠌ᠢᠶ᠎ᠡ ᠦᠵᠡᠭᠦᠯᠬᠦ᠌ ᠰᠠᠭᠤᠷᠢᠨ ᠨᠢ ᠠᠵᠤ ᠦᠢᠯᠡᠰ᠎ᠦᠨ ᠲᠥᠷᠥᠯ᠎ᠦᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠵᠢᠱ᠌ᠢᠶ᠎ᠡ ᠦᠵᠡᠭᠦᠯᠬᠦ᠌ ᠰᠠᠭᠤᠷᠢᠨ᠎ᠢᠶᠠᠷ ᠰᠣᠩᠭᠣᠭᠳᠠᠵᠤ᠂ ᠬᠢᠶ᠎ᠠ ᠪᠠᠭᠰᠢ ᠲᠤᠭᠤᠷᠢᠭ᠎ᠤᠨ ᠪᠠᠶ᠋ᠢᠭᠠᠯᠢ᠎ᠶᠢᠨ ᠬᠠᠶ᠋ᠢᠨ ᠰᠦᠪᠡᠭᠴᠢᠯᠡᠯᠲᠡ᠎ᠶᠢᠨ ᠲᠥᠪ᠎ᠦᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠵᠢᠱ᠌ᠢᠶ᠎ᠡ ᠦᠵᠡᠭᠦᠯᠬᠦ᠌ ᠰᠠᠭᠤᠷᠢᠨ ᠨᠢ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠠᠯᠠᠪᠠᠶ ᠣᠷᠳᠣᠨ᠎ᠤ ᠲᠥᠷᠥᠯ᠎ᠦᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠵᠢᠱ᠌ᠢᠶ᠎ᠡ ᠦᠵᠡᠭᠦᠯᠬᠦ᠌ ᠰᠠᠭᠤᠷᠢᠨ᠎ᠢᠶᠠᠷ ᠰᠣᠩᠭᠣᠭᠳᠠᠪᠠ᠃ ᠣᠳᠣᠬᠠᠨ ᠪᠣᠯᠲᠠᠯ᠎ᠠ᠂ ᠪᠥᠬᠥ᠌ ᠬᠣᠲᠠ᠎ᠳᠤ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠵᠢᠱ᠌ᠢᠶ᠎ᠡ ᠦᠵᠡᠭᠦᠯᠬᠦ᠌ ᠰᠠᠭᠤᠷᠢᠨ 13 ᠪᠠᠶ᠋ᠢᠵᠤ᠂ ᠴᠠᠭ ᠠᠭᠤᠷ᠂ ᠠᠮᠢ ᠠᠬᠤᠶ᠂ ᠰᠤᠷᠭᠠᠨ ᠬᠥᠮᠦᠵᠢᠯ᠂ ᠰᠣᠶᠣᠯ᠂ ᠲᠣᠭᠠᠴᠢᠯᠠᠭᠰᠠᠨ ᠠᠵᠤ ᠠᠬᠤᠶ᠂ ᠰᠢᠨ᠎ᠡ ᠮᠠᠲ᠋ᠧᠷᠢᠶᠠᠯ ᠵᠡᠷᠭᠡ ᠣᠯᠠᠨ ᠬᠦᠷᠢᠶ᠎ᠡ᠎ᠶᠢ ᠬᠠᠮᠤᠷᠴᠠᠶ᠃
ᠣᠶ᠋ᠢᠷ᠎ᠠ᠎ᠶᠢᠨ ᠵᠢᠯᠦᠳᠲᠸ᠋᠂ ᠣᠷᠳᠣᠰ ᠬᠣᠲᠠ᠎ᠶᠢᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠣᠪᠴᠢᠶ᠎ᠠ ᠤᠷᠳᠤᠰ ᠬᠣᠲᠠ᠎ᠶᠢᠨ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠵᠢᠭᠰᠠᠭᠠᠯ᠎ᠤᠨ ᠭᠠᠵᠠᠷ᠎ᠤᠨ ᠡᠬᠢ ᠪᠠᠶᠠᠯᠢᠭ᠎ᠢ ᠭᠦᠨᠵᠡᠭᠡᠶ ᠠᠭᠤᠳᠠᠯᠵᠤ᠂ ᠨᠢᠭᠡ ᠪᠦᠯᠦᠭ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠵᠢᠱ᠌ᠢᠶ᠎ᠡ ᠦᠵᠡᠭᠦᠯᠬᠦ᠌ ᠰᠠᠭᠤᠷᠢᠨ᠎ᠢ ᠨᠠᠷᠢᠨ ᠨᠢᠮᠪᠠᠶ ᠪᠣᠶ᠋ᠢᠵᠢᠭᠤᠯᠵᠤ᠂ ᠲᠡᠳᠡᠨ᠎ᠢ ᠬᠥᠲᠥᠯᠥᠨ ᠵᠢᠯᠣᠭᠣᠳᠴᠤ᠌ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ᠎ᠢ ᠨᠢ ᠪᠠᠳᠠᠷᠠᠭᠤᠯᠵᠤ᠂ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠬᠡᠯᠪᠡᠷᠢ᠎ᠶᠢᠨ ᠲᠠᠯ᠎ᠠ᠎ᠪᠠᠷ ᠦᠷᠭᠦᠯᠵᠢᠯᠡᠨ ᠰᠢᠨ᠎ᠡ᠎ᠶᠢ ᠡᠭᠦᠳᠴᠦ᠍᠂ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠭᠤᠯᠭ᠎ᠠ᠎ᠶᠢ ᠪᠠᠶᠠᠯᠢᠭᠵᠢᠭᠤᠯᠵᠤ᠂ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠌᠎ᠶᠢ ᠳᠥᠯᠭᠢᠨ ᠠᠬᠢᠭᠤᠯᠪᠠ᠃
ᠲᠠᠷᠠᠭᠠᠴᠢ᠎ᠶᠢᠨ ᠠᠯᠬᠤᠮ᠎ᠳᠤ᠂ ᠤᠷᠳᠤᠰ ᠬᠣᠲᠠ᠎ᠶᠢᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠣᠪᠴᠢᠶ᠎ᠠ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠵᠢᠱ᠌ᠢᠶ᠎ᠡ ᠦᠵᠡᠭᠦᠯᠬᠦ᠌ ᠰᠠᠭᠤᠷᠢᠨ᠎ᠢ ᠪᠣᠶ᠋ᠢᠵᠢᠭᠤᠯᠬᠤᠠᠵᠢᠯᠢ ᠦᠷᠭᠦᠯᠵᠢᠯᠡᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠵᠢᠱ᠌ᠢᠶ᠎ᠡ ᠦᠵᠡᠭᠦᠯᠬᠦ᠌ ᠰᠠᠭᠤᠷᠢᠨ᠎ᠤ ᠠᠵᠢᠯᠯᠠᠭᠠᠨ᠎ᠤ ᠬᠠᠮᠢᠶᠠᠷᠤᠯᠲᠠ᠎ᠶᠢ ᠵᠢᠷᠤᠮᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠵᠢᠱ᠌ᠢᠶ᠎ᠡ ᠦᠵᠡᠭᠦᠯᠬᠦ᠌ ᠰᠠᠭᠤᠷᠢᠨ᠎ᠤ᠋ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠠᠵᠢᠯ᠎ᠢ ᠥᠷᠭᠡᠨ᠎ᠢᠶᠡᠷ ᠥᠷᠨᠢᠭᠦᠯᠬᠦ᠌᠎ᠶᠢ ᠢᠳᠡᠪᠬᠢᠲᠡᠶ ᠬᠥᠲᠥᠯᠦᠨ ᠵᠢᠯᠣᠭᠣᠳᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃