2026-09-28 11:32:17
ᠲᠦᠷᠦᠭᠦᠭᠡᠨ᠂ ᠳᠤᠮᠳᠠᠳᠤ ᠤᠯᠤᠰ᠎ᠤᠨ ᠠᠵᠢᠯᠴᠢᠨ᠎ᠤ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ·ᠥᠪᠥᠷ ᠮᠣᠩᠭᠣᠯ᠎ᠤᠨ ᠪᠦᠯᠦᠭ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠦᠨ 《ᠠᠶᠠᠯᠠᠨ ᠰᠤᠷᠤᠯᠴᠠᠬᠤ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ》 ᠬᠥᠬᠡᠬᠣᠲᠠ᠎ᠳᠤ ᠡᠬᠢᠯᠡᠪᠡ᠃
ᠲᠤᠰ ᠤᠳᠠᠭ᠎ᠠ᠎ᠶᠢᠨ ᠠᠵᠢᠯᠯᠠᠭ᠎ᠠ ᠨᠢ ᠡᠯ᠎ᠡ ᠠᠵᠢᠯ ᠲᠦᠷᠦᠯ᠎ᠦᠨ ᠬᠥᠳᠡᠯᠮᠦᠷᠢ᠎ᠶᠢᠨ ᠵᠢᠱ᠌ᠢᠶᠡᠴᠢ᠂ ᠲᠣᠮᠣ᠌ ᠤᠯᠤᠰ᠎ᠤᠨ ᠤᠷᠠᠨ ᠲᠠᠷᠬᠠᠨ᠂ ᠲᠤᠰᠬᠠᠢ ᠮᠡᠷᠭᠡᠵᠢᠯᠲᠡᠨ ᠡᠷᠳᠡᠮᠲᠡᠨ ᠨᠠᠷ᠎ᠢ ᠤᠷᠢᠵᠤ ᠠᠶᠠᠯᠠᠨ ᠰᠤᠷᠤᠯᠴᠠᠬᠤ ᠬᠡᠯᠪᠡᠷᠢ᠎ᠪᠡᠷ ᠨᠠᠮ᠎ᠤᠨ ᠰᠢᠨ᠎ᠡ ᠡᠭᠦᠳᠦᠯᠲᠡ᠎ᠶᠢᠨ ᠤᠨᠤᠯ᠎ᠢ ᠰᠠᠢᠲᠤᠷ ᠶᠠᠷᠢᠭᠤᠯᠵᠤ᠂ ᠬᠥᠳᠡᠯᠮᠦᠷᠢ᠎ᠶᠢᠨ ᠵᠢᠱ᠌ᠢᠶᠡᠴᠢ᠎ᠶᠢᠨ ᠵᠣᠷᠢᠭ᠋ ᠰᠠᠨᠠᠭ᠎ᠠ᠂ ᠬᠥᠳᠡᠯᠮᠦᠷᠢ᠎ᠶᠢᠨ ᠵᠣᠷᠢᠭ᠋ ᠰᠠᠨᠠᠭ᠎ᠠ᠂ ᠤᠷᠠᠨ ᠲᠠᠷᠬᠠᠨ᠎ᠤ ᠵᠣᠷᠢᠭ᠋ ᠰᠠᠨᠠᠭ᠎ᠠ᠎ᠶᠢ ᠰᠠᠢᠲᠤᠷ ᠶᠠᠷᠢᠭᠤᠯᠵᠤ᠂ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠢ ᠨᠡᠩ ᠳᠤᠯᠠᠭᠠᠴᠨ ᠲᠠᠢ᠂ ᠨᠡᠩ ᠲᠠᠲᠠᠬᠤ ᠬᠦᠴᠦᠨ᠎ᠲᠠᠢ ᠪᠣᠯᠭᠠᠬᠤ᠎ᠶᠢ ᠵᠤᠷᠢᠪᠠ᠃
ᠠᠩᠬᠠᠨ᠎ᠤ ᠲᠠᠯᠠᠪᠠᠢ ᠠᠵᠢᠯᠯᠠᠭ᠎ᠠ ᠨᠢ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ᠎ᠶᠢᠨ ᠲᠣᠪᠴᠢᠶ᠎ᠠ᠎ᠶᠢᠨ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠪᠤᠭᠤᠲᠤ᠎ᠶᠢᠨ ᠬᠡᠰᠡᠭ᠎ᠦᠨ ᠬᠥᠬᠡᠬᠣᠲᠠ᠎ᠶᠢᠨ ᠵᠡᠭᠦᠨ ᠦᠷᠲᠡᠭᠡ ᠢ᠋ᠢᠨ ᠬᠥᠳᠡᠯᠭᠡᠬᠦ ᠬᠦᠴᠦᠨᠲᠦ ᠭᠠᠯᠲᠤ ᠲᠡᠷᠭᠡᠨ᠎ᠦ ᠬᠡᠷᠡᠭᠯᠡᠭᠡᠨ᠎ᠦ ᠭᠠᠵᠠᠷ᠎ᠲᠤ ᠶᠠᠪᠤᠬᠲᠠᠵᠠᠢ᠃ ᠪᠥᠬᠥ ᠤᠯᠤᠰ᠎ᠤᠨ ᠬᠥᠳᠡᠯᠮᠦᠷᠢ᠎ᠶᠢᠨ ᠵᠢᠱ᠌ᠢᠶᠡᠴᠢ ᠯᠢᠦ ᠶᠣᠣ ᠨᠢᠩ 《ᠨᠢᠭᠡᠳᠦᠭᠡᠷ ᠹᠷᠣᠨᠲ᠎ᠲᠤ ᠦᠨᠳᠦᠰᠦᠯᠡᠵᠦ᠂ ᠬᠡᠷᠡᠯ ᠭᠢᠯᠪᠠᠭ᠎ᠠ᠎ᠪᠠᠨ ᠰᠠᠴᠤᠷᠠᠭᠤᠯᠤᠶ᠎ᠠ》 ᠬᠡᠬᠦ ᠭᠣᠣᠯ ᠰᠡᠳᠦᠪ ᠢ᠋ᠢᠡᠷ ᠠᠷᠪᠠᠨ ᠵᠢᠯ᠎ᠦᠨ ᠲᠡᠮᠦᠷ ᠵᠠᠮ᠎ᠢ ᠪᠠᠢᠴᠠᠭᠠᠨ ᠵᠠᠰᠠᠭᠰᠠᠨ ᠨᠢᠭᠡᠳᠦᠭᠡᠷ ᠹᠷᠣᠨᠲ᠎ᠲᠦ ᠳᠡᠮᠡᠴᠡᠭᠰᠡᠨ ᠥᠩᠭᠡᠷᠡᠯᠲᠡ ᠲᠠᠢ᠎ᠪᠡᠨ ᠤᠶᠠᠯᠳᠤᠭᠤᠯᠤᠨ᠂ ᠤᠭ ᠰᠠᠨᠠᠭ᠎ᠠ᠎ᠪᠠᠨ ᠪᠠᠲᠤ ᠰᠠᠬᠢᠵᠤ᠂ ᠮᠡᠷᠭᠡᠵᠢᠯ᠎ᠦᠨ ᠰᠢᠨ᠎ᠡ᠎ᠶᠢ ᠡᠭᠦᠳᠦᠭᠰᠡᠨ ᠲᠡᠮᠡᠴᠡᠯ᠎ᠦᠨ ᠦᠯᠢᠭᠡᠷ ᠢ᠋ᠢᠡᠨ ᠵᠠᠯᠠᠭᠤ ᠠᠵᠢᠯᠲᠠᠨ ᠠᠵᠢᠯᠴᠢᠨ ᠲᠠᠢ ᠬᠤᠪᠢᠶᠠᠯᠴᠠᠪᠠ᠃ ᠯᠢᠦ ᠶᠣᠣ ᠨᠢᠩ ᠪᠠᠰᠠ ᠰᠤᠷᠤᠯᠭᠠᠲᠠᠳ᠎ᠲᠠᠢ ᠬᠠᠮᠲᠤ ᠪᠡᠭᠡᠵᠢᠩ ᠰᠦᠢᠶᠦᠸᠠᠨᠤ ᠲᠡᠮᠦᠷ ᠵᠠᠮ᠎ᠤᠨ ᠰᠣᠶᠣᠯ᠎ᠤᠨ ᠬᠦᠷᠢᠶᠡᠯᠡᠩ᠎ᠳᠦ ᠬᠦᠷᠴᠦ ᠲᠣᠭᠣᠷᠢᠨ ᠦᠵᠡᠵᠦ ᠰᠤᠷᠤᠯᠴᠠᠵᠦ᠂ ᠠᠬᠠᠮᠠᠳ ᠨᠢᠭᠡ ᠦᠶ᠎ᠡ᠎ᠶᠢᠨ ᠲᠡᠮᠦᠷ ᠵᠠᠮ᠎ᠤᠨ ᠠᠵᠢᠯᠴᠢᠳ᠎ᠤᠨ ᠲᠡᠰᠪᠦᠷᠢ ᠬᠠᠲᠠᠭᠤᠵᠢᠯᠲᠠᠢ ᠲᠡᠮᠡᠴᠡᠵᠦ᠂ ᠭᠣᠶᠠᠴᠢ ᠦᠭᠡᠢ ᠵᠢᠳᠬᠦᠭᠰᠡᠨ ᠢᠷᠠᠭᠤ ᠠᠯᠳᠠᠷᠲᠤ ᠣᠨ ᠰᠠᠷ᠎ᠠ᠎ᠶᠢ ᠡᠷᠭᠢᠴᠡᠭᠦᠯᠪᠡ᠃ ᠰᠤᠷᠤᠯᠭᠠᠲᠠᠳ ᠦᠶ᠎ᠡ ᠦᠶ᠎ᠡ᠎ᠶᠢᠨ ᠲᠡᠮᠦᠷ ᠵᠠᠮ᠎ᠤᠨ ᠬᠥᠮᠥᠰ᠎ᠦᠨ ᠨᠢᠭᠡᠳᠦᠭᠡᠷ ᠹᠷᠣᠨᠲ᠎ᠲᠤ ᠦᠨᠳᠦᠰᠦᠯᠡᠵᠦ᠂ ᠦᠷᠭᠦᠯᠵᠢᠯᠡᠨ ᠲᠡᠮᠡᠴᠡᠬᠦ ᠵᠣᠷᠢᠭ᠋ ᠰᠠᠨᠠᠭᠠᠨ᠎ᠤ ᠤᠯᠠᠮᠵᠢᠯᠠᠯ ᠢ᠋ ᠨᠠᠩ ᠭᠦᠨᠵᠡᠭᠡᠢ ᠣᠢᠯᠠᠭᠠᠵᠦ᠂ ᠡᠨᠡ ᠬᠦ᠌ 《ᠠᠶᠠᠯᠠᠨ ᠰᠤᠷᠤᠯᠴᠠᠬᠤ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ》 ᠨᠢ ᠬᠥᠮᠥᠰ᠎ᠦᠨ ᠰᠡᠳᠬᠢᠯ ᠢ᠋ ᠭᠦᠨᠳᠡᠵᠦ᠂ ᠠᠵᠢᠯ᠎ᠤᠨ ᠪᠠᠢᠷᠢ᠎ᠳᠠᠭᠠᠨ ᠰᠠᠭᠤᠷᠢᠯᠠᠨ᠂ ᠯᠠᠪᠳᠠᠭᠤᠨ ᠪᠠᠲᠤᠲᠠᠢ ᠠᠵᠢᠯᠯᠠᠵᠤ᠂ ᠲᠡᠮᠦᠷ ᠵᠠᠮ᠎ᠤᠨ ᠦᠢᠯᠡᠰ᠎ᠲᠦ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠬᠦ ᠢᠲᠡᠭᠡᠯ ᠵᠣᠷᠢᠭ᠋ ᠤᠯᠠᠮ ᠪᠠᠲᠤᠵᠢᠵᠠᠢ ᠭᠡᠵᠦ ᠢᠯᠡᠳᠬᠡᠵᠡᠭᠡᠪᠡ᠃
ᠣᠢᠯᠠᠭᠠᠭᠰᠠᠨ᠎ᠢᠶᠠᠷ᠂ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠪᠠᠰᠠ ᠡᠯ᠎ᠡ ᠠᠵᠢᠯ ᠲᠥᠷᠥᠯ᠎ᠦᠨ ᠲᠡᠷᠢᠭᠦᠨ᠎ᠦ ᠨᠡᠢᠲᠡᠯᠢᠭ ᠵᠢᠱ᠌ᠢᠶᠡᠴᠢ ᠪᠠ ᠠᠵᠢᠯ ᠲᠥᠷᠥᠯ᠎ᠦᠨ ᠲᠤᠰᠬᠠᠢ ᠮᠡᠷᠭᠡᠵᠢᠯᠲᠡᠳ᠎ᠲᠠᠢ ᠬᠠᠮᠲᠤ᠂ ᠬᠥᠬᠡᠬᠣᠲᠠ᠂ ᠪᠤᠭᠤᠲᠤ᠂ ᠣᠷᠳᠣᠰ ᠵᠡᠷᠭᠡ ᠭᠠᠵᠠᠷ᠎ᠤᠨ ᠠᠵᠤ ᠠᠬᠤᠢᠯᠠᠯ᠂ ᠶᠡᠬᠡ ᠳᠡᠭᠡᠳᠦ ᠰᠤᠷᠭᠠᠭᠤᠯᠢ᠎ᠳᠤ ᠭᠦᠨᠵᠡᠭᠡᠢᠷᠡᠵᠦ᠂ ᠠᠵᠢᠯᠴᠢᠨ᠎ᠤ ᠡᠪᠯᠡᠯ᠎ᠦᠨ ᠤᠯᠠᠭ᠎ᠠ ᠥᠷᠲᠡᠭᠡ ᠵᠢᠴᠢ ᠰᠢᠨ᠎ᠡ ᠠᠵᠢᠯ ᠣᠯᠭᠣᠯᠲᠠ᠎ᠶᠢᠨ ᠬᠡᠯᠪᠡᠷᠢ᠎ᠶᠢᠨ ᠬᠥᠳᠡᠯᠮᠦᠷᠢᠴᠢᠳ᠎ᠦᠨ ᠡᠮᠦᠨ᠎ᠡ ᠹᠷᠣᠨᠲ᠎ᠲᠤ ᠭᠦᠨᠵᠡᠭᠡᠢᠷᠡᠵᠦ᠂ 《ᠠᠶᠠᠯᠠᠨ ᠰᠤᠷᠤᠯᠴᠠᠬᠤ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ》 ᠤ᠋ᠨ ᠰᠢᠷᠢᠰ ᠠᠵᠢᠯᠯᠠᠭ᠎ᠠ ᠥᠷᠨᠢᠭᠦᠯᠵᠦ᠂ ᠥᠯᠢᠭᠡᠷ ᠳᠠᠭᠤᠷᠢᠶᠠᠯ᠎ᠤᠨ ᠬᠦᠴᠦᠨ᠎ᠢᠶᠡᠷ ᠠᠵᠢᠯᠲᠠᠨ ᠠᠵᠢᠯᠴᠢᠨ᠎ᠢ ᠬᠥᠲᠥᠯᠥᠨ ᠳᠠᠭᠠᠭᠤᠯᠵᠤ᠂ ᠢᠳᠡᠪᠬᠢ ᠬᠦᠴᠦᠨ᠂ ᠭᠣᠣᠯ ᠬᠥᠭ ᠠᠶᠠᠰ᠎ᠢ ᠪᠥᠬᠥ ᠣᠷᠣᠨ᠎ᠤ ᠥᠷᠭᠡᠨ ᠣᠯᠠᠨ ᠠᠵᠢᠯᠲᠠᠨ ᠠᠵᠢᠯᠴᠢᠨ᠎ᠤ ᠳᠤᠮᠳᠠ ᠦᠨᠳᠦᠰᠦᠯᠡᠭᠦᠯᠦᠨ ᠬᠡᠪ ᠵᠠᠩᠰᠢᠯ ᠪᠣᠯᠭᠠᠬᠤ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃