ᠲᠡᠷᠢᠭᠦᠨ ᠨᠢᠭᠤᠷ>ᠬᠦᠮᠦᠨ ᠨᠡᠢᠭᠡᠮ>ᠮᠡᠳᠡᠭᠡ

2026-09-27 11:21:32

ᠵᠣᠬᠢᠶᠠᠭ᠍ᠴᠢ᠄ ᠦᠨᠢᠷ ᠣᠩᠱᠢᠭ᠍ᠰᠠᠨ ᠣᠳᠠᠭ᠎ᠠ᠄ 3

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ ᠡᠴᠡ ᠣᠶ᠋ᠢᠯᠠᠭᠠᠭᠰᠠᠨ ᠵᠢᠡᠷ᠂ ᠨᠠᠶ᠋ᠮᠠᠨ ᠰᠠᠷ᠎ᠠ ᠢ᠋ᠢᠨ ᠲᠡᠷᠭᠡᠯ ᠪᠠᠶᠠᠷ ᠪᠤᠯᠤᠨ ᠤᠯᠤᠰ ᠤ᠋ᠨ ᠪᠠᠶᠠᠷ ᠤ᠋ᠨ ᠠᠮᠠᠷᠠᠯᠲᠠ ᠢ᠋ᠢᠨ ᠬᠤᠭᠤᠴᠠᠭᠠᠨ ᠤ᠋ ᠵᠠᠮ ᠤ᠋ᠨ ᠲᠤᠤᠷ ᠤ᠋ᠨ ᠠᠮᠤᠷ ᠲᠦᠪᠰᠢᠨ ᠰᠠᠭᠠᠳ ᠥᠬᠡᠶ ᠨᠡᠪᠲᠡᠷᠡᠬᠦ᠌ ᠢ᠋ᠢ ᠪᠠᠲᠤᠯᠠᠬᠤ ᠢ᠋ᠢᠨ ᠲᠦᠯᠦᠭᠡ ᠪᠦᠬᠦ ᠤᠷᠤᠨ ᠤ᠋ ᠵᠠᠮ ᠬᠠᠷᠢᠯᠴᠠᠭᠠᠨ ᠤ᠋ ᠰᠠᠯᠠᠭ᠎ᠠ ᠮᠦᠴᠢᠷ ᠵᠠᠰᠠᠮᠠᠯ ᠵᠠᠮ᠂ ᠲᠡᠮᠦᠷ ᠵᠠᠮ ᠪᠠ ᠠᠷᠠᠳ ᠤ᠋ᠨ ᠠᠭᠠᠷ ᠤ᠋ᠨ ᠵᠦᠬᠡᠬᠡᠪᠤᠷᠢ ᠵᠡᠷᠭᠡ 3 ᠲᠠᠯ᠎ᠠ ᠡᠴᠡ ᠪᠠᠲᠤᠯᠠᠭ᠎ᠠ ᠢ᠋ᠢᠨ ᠠᠷᠭ᠎ᠠ ᠬᠡᠮᠵᠢᠶ᠎ᠡ ᠢ᠋ᠢ ᠪᠠᠶ᠋ᠢᠷᠢᠯᠠᠭᠤᠯᠪᠠ ᠃

ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠰᠠᠯᠠᠭ᠎ᠠ ᠮᠥᠴᠢᠷ ᠵᠠᠮ ᠤ᠋ᠨ ᠲᠤᠤᠷ ᠤ᠋ᠨ ᠠᠵᠢᠯᠯᠠᠭᠠᠨ ᠤ᠋ ᠪᠠᠶ᠋ᠢᠳᠠᠯ ᠢ᠋ ᠤᠷᠢᠳᠴᠢᠯᠠᠨ ᠰᠤᠳᠤᠯᠤᠨ ᠮᠠᠭᠠᠳᠯᠠᠵᠤ᠂ ᠲᠦᠷᠭᠡᠨ ᠤ᠋ ᠵᠠᠰᠠᠮᠠᠯ ᠵᠠᠮ᠂ ᠡᠩ ᠤ᠋ᠨ ᠤᠯᠤᠰ ᠤ᠋ᠨ ᠪᠠ ᠮᠤᠵᠢ ᠢ᠋ᠢᠨ ᠭᠤᠤᠯ ᠱᠤᠭᠤᠮ ᠤ᠋ᠨ ᠠᠮᠠᠷᠬᠠᠨ ᠲᠡᠷᠬᠡ ᠲᠦᠭᠵᠢᠷᠡᠬᠦ ᠵᠠᠰᠠᠮᠠᠯ ᠵᠠᠮ ᠤ᠋ᠨ ᠬᠡᠰᠡᠭ᠂ ᠲᠡᠷᠭᠡᠨ ᠤᠷᠤᠰᠬᠠᠯ ᠨᠡᠯᠢᠶᠠᠳ ᠶᠡᠬᠡ ᠰᠦᠶ᠋ᠳᠬᠡᠯ ᠬᠤᠷᠢᠶᠠᠬᠤ ᠥᠷᠲᠡᠭᠡ ᠪᠠ ᠦᠢᠯᠡᠴᠢᠯᠡᠭᠡᠨ ᠤ᠋ ᠲᠣᠭᠣᠷᠢᠭ ᠢ᠋ ᠡᠮᠬᠢᠯᠡᠨ ᠭᠠᠷᠭᠠᠵᠤ᠂ 《ᠨᠢᠭᠡ ᠵᠠᠮ ᠳ᠋ᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ᠌》᠂ 《ᠨᠢᠭᠡ ᠬᠡᠰᠡᠭ ᠲᠦ᠍ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ᠌》᠂ 《ᠨᠢᠭᠡ ᠲᠤᠭᠤᠷᠢᠭ ᠲᠤ᠌ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ᠌》 ᠨᠠᠷᠢᠯᠢᠭᠵᠢᠭᠤᠯᠤᠭᠰᠠᠨ ᠬᠠᠮᠢᠶᠠᠷᠤᠯᠲᠠ ᠢ᠋ᠢ ᠶᠠᠪᠤᠭᠤᠯᠪᠠ; 《ᠨᠢᠭᠡ ᠵᠠᠮ ᠭᠤᠷᠪᠠᠨ ᠲᠠᠯ᠎ᠠ》 ᠢ᠋ᠢᠨ ᠬᠠᠮᠲᠤᠷᠠᠨ ᠵᠢᠵᠢᠭᠦᠷᠯᠡᠵᠦ᠍ ᠬᠠᠮᠲᠤᠷᠠᠨ ᠬᠥᠳᠡᠯᠦᠯᠴᠡᠬᠦ᠌ ᠲᠣᠭᠲᠠᠴᠠ ᠢ᠋ᠢ ᠬᠡᠷᠡᠭᠵᠢᠭᠦᠯᠵᠤ᠂ ᠬᠣᠯᠠ ᠡᠴᠡ ᠰᠠᠯᠭᠠᠨ ᠳᠣᠭᠢᠷᠠᠭᠤᠯᠬᠤ᠂ ᠣᠶ᠋ᠢᠷ᠎ᠠ ᠡᠴᠡ ᠬᠠᠮᠢᠶᠠᠷᠤᠨ ᠡᠵᠡᠮᠳᠡᠬᠦ᠌᠂ ᠲᠦᠷᠭᠡᠨ ᠤ᠋ ᠵᠠᠰᠠᠮᠠᠯ ᠵᠠᠮ ᠳ᠋ᠤ ᠭᠠᠷᠬᠤ ᠵᠠᠷᠢᠮ ᠡᠭᠦᠳᠡ ᠢ᠋ᠢ ᠪᠢᠲᠡᠭᠦᠮᠵᠢᠯᠡᠬᠦ᠌ ᠵᠡᠷᠭᠡ ᠠᠷᠭ᠎ᠠ ᠬᠡᠮᠵᠢᠶ᠎ᠡ ᠢ᠋ᠢ ᠶᠡᠷᠦᠩᠬᠡᠶ᠋ᠢᠯᠡᠨ ᠬᠡᠷᠡᠭᠵᠢᠬᠦᠯᠵᠤ᠂ ᠭᠤᠤᠯᠳᠠᠯᠭ᠎ᠠ ᠲᠠᠢ ᠵᠠᠰᠠᠮᠠᠯ ᠵᠠᠮ ᠤ᠋ᠨ ᠰᠠᠭᠠᠳ ᠥᠬᠡᠶ ᠨᠡᠪᠲᠡᠷᠡᠬᠦ᠌ ᠢ᠋ᠢ ᠪᠠᠲᠤᠯᠠᠵᠤ ᠪᠠᠢᠨ᠎ᠠ; 《ᠴᠡᠭ ᠲᠣᠭᠲᠠᠭᠠᠨ ᠰᠠᠬᠢᠬᠤ + ᠲᠣᠭᠣᠷᠢᠨ ᠪᠠᠶ᠋ᠢᠴᠠᠭᠠᠬᠤ》 ᠵᠠᠭᠪᠤᠷ ᠢ᠋ ᠬᠡᠷᠡᠭᠵᠢᠭᠦᠯᠵᠦ᠍᠂ ᠠᠮᠠᠷᠬᠠᠨ ᠲᠡᠷᠬᠡ ᠲᠦᠭᠵᠢᠷᠡᠬᠦ᠌ ᠪᠠ ᠡᠨᠳᠡᠯ ᠣᠯᠠᠨ ᠭᠠᠷᠳᠠᠭ ᠵᠠᠰᠠᠮᠠᠯ ᠵᠠᠮ ᠤ᠋ᠨ ᠬᠡᠰᠡᠭ ᠲᠦ᠍ ᠨᠡᠭᠦᠳᠡᠯ ᠠᠪᠤᠷᠠᠨ ᠲᠤᠰᠠᠯᠠᠬᠤ ᠥᠷᠲᠡᠭᠡ ᠨᠡᠮᠡᠵᠦ᠍᠂ ᠠᠪᠤᠷᠠᠨ ᠲᠤᠰᠠᠯᠠᠬᠤ ᠲᠥᠬᠥᠭᠡᠷᠦᠮᠵᠢ᠎ᠪᠠᠶ᠋ᠢᠷᠢᠯᠠᠭᠤᠯᠵᠤ᠂ ᠵᠦᠬᠡᠬᠡᠪᠤᠷᠢ ᠢ᠋ᠢᠨ ᠦᠢᠯᠡᠴᠢᠯᠡᠭᠡᠨ ᠤ᠋ ᠪᠠᠲᠤᠯᠠᠭ᠎ᠠ ᠵᠡᠷᠭᠡ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ ᠢ᠋ᠢ ᠨᠠᠶ᠋ᠢᠳᠠᠪᠤᠷᠢᠵᠢᠭᠤᠯᠵᠤ᠂ ᠠᠮᠤᠷ ᠲᠦᠪᠰᠢᠨ ᠤ᠋ ᠬᠢᠨᠠᠯᠲᠠ ᠬᠠᠮᠢᠶᠠᠷᠤᠯᠲᠠ ᠢ᠋ᠢ ᠴᠢᠩᠭᠠᠳᠬᠠᠵᠤ ᠪᠠᠢᠨ᠎ᠠ᠃

ᠲᠡᠮᠤᠷ ᠵᠠᠮ ᠤ᠋ᠨ ᠲᠠᠯ᠎ᠠ ᠪᠡᠷ᠂ ᠤᠯᠤᠰ ᠤ᠋ᠨ ᠲᠡᠮᠤᠷ ᠵᠠᠮ ᠤ᠋ᠨ ᠬᠥᠬᠡᠬᠣᠲᠠ ᠲᠣᠪᠴᠢᠶ᠎ᠠ ᠪᠤᠭᠤᠲᠤ — ᠺᠠᠶ᠋ᠢᠯᠦ᠍ ᠬᠥᠷᠬᠥ᠌᠂ ᠬᠥᠬᠡᠬᠣᠲᠠ ᠢ᠋ᠢᠨ ᠵᠡᠭᠦᠨ ᠥᠷᠲᠡᠭᠡ — ᠪᠠᠶᠠᠨᠨᠠᠭᠤᠷ ᠬᠥᠷᠬᠥ᠌᠂ ᠤᠯᠠᠭᠠᠨᠬᠣᠲᠠ — ᠬᠥᠬᠡᠬᠣᠲᠠ ᠢ᠋ᠢᠨ ᠵᠡᠭᠦᠨ ᠥᠷᠲᠡᠭᠡ ᠬᠥᠷᠬᠥ᠌ ᠵᠡᠷᠭᠡ ᠣᠯᠠᠨ ᠡᠭᠡᠯᠵᠢ ᠢ᠋ᠢᠨ ᠠᠶᠠᠨᠴᠢᠳ ᠤ᠋ᠨ ᠭᠠᠯᠲᠤ᠌ ᠲᠡᠷᠭᠡ ᠢ᠋ᠢ ᠨᠡᠮᠡᠨ ᠲᠤᠬᠢᠷᠠᠭᠤᠯᠵᠤ᠂ ᠠᠶᠠᠨᠴᠢᠳ ᠤ᠋ᠨ ᠵᠦᠭᠡᠭᠡᠪᠦᠷᠢ ᠢ᠋ᠢᠨ ᠴᠢᠳᠠᠪᠤᠷᠢ ᠢ᠋ᠢ ᠪᠥᠬᠥ᠌ ᠬᠦᠴᠦᠨ ᠵᠢᠡᠷ ᠵᠢᠡᠨ ᠨᠡᠮᠡᠭᠳᠡᠭᠦᠯᠪᠠ; ᠠᠷᠠᠳ ᠤ᠋ᠨ ᠠᠭᠠᠷ ᠤ᠋ᠨ ᠵᠦᠬᠡᠬᠡᠪᠤᠷᠢ ᠢ᠋ᠢᠨ ᠲᠠᠯ᠎ᠠ ᠪᠡᠷ᠂ ᠠᠮᠠᠷᠠᠯᠲᠠ ᠢ᠋ᠢᠨ ᠬᠤᠭᠤᠴᠠᠭᠠᠨ ᠳ᠋ᠤ ᠬᠡᠷ ᠪᠦᠯᠢ ᠪᠡᠷ ᠢ᠋ᠢᠡᠨ ᠠᠶᠠᠯᠠᠨ ᠵᠢᠭᠤᠯᠴᠢᠯᠠᠬᠤ᠂ ᠪᠦᠯᠬᠦᠮ ᠨᠡᠶ᠋ᠢᠲᠡ ᠪᠡᠷ ᠶᠠᠪᠤᠵᠤ ᠰᠠᠭᠤᠬᠤ ᠬᠦᠮᠦᠰ ᠣᠯᠠᠰᠢᠷᠠᠬᠤ ᠪᠠᠢᠳᠠᠯ ᠳ᠋ᠤ ᠴᠢᠭᠯᠡᠭᠦᠯᠦᠨ ᠪᠦᠯᠬᠦᠮ ᠨᠡᠶ᠋ᠢᠲᠡ ᠢ᠋ᠢᠨ ᠲᠤᠰᠬᠠᠶ ᠨᠡᠪᠲᠡᠷᠡᠬᠦ᠌ ᠵᠠᠮ ᠭᠠᠷᠭᠠᠵᠤ᠂ ᠠᠶᠠᠨᠴᠢᠳ ᠤ᠋ᠨ ᠮᠥᠷᠯᠡᠵᠦ᠍ ᠬᠦᠯᠢᠶᠡᠬᠦ᠌ ᠴᠠᠭ ᠢ᠋ ᠪᠣᠭᠣᠨᠢᠰᠬᠠᠵᠤ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面