ᠲᠡᠷᠢᠭᠦᠨ ᠨᠢᠭᠤᠷ>ᠬᠦᠮᠦᠨ ᠨᠡᠢᠭᠡᠮ>ᠮᠡᠳᠡᠭᠡ

2026-09-28 16:41:20

ᠵᠣᠬᠢᠶᠠᠭ᠍ᠴᠢ᠄ ᠰᠦᠨ ᠯᠢ ᠶᠢᠡᠭ ᠣᠩᠱᠢᠭ᠍ᠰᠠᠨ ᠣᠳᠠᠭ᠎ᠠ᠄ 3

ᠲᠦᠷᠦᠭᠦᠬᠡᠨ ᠬᠥᠬᠡᠬᠣᠲᠠ 2026 ᠣᠨ᠎ᠤ ᠳᠣᠣᠷ᠎ᠠ ᠬᠠᠭᠠᠰ ᠵᠢᠯ᠎ᠤᠨ ᠴᠡᠷᠢᠭ ᠲᠸ᠋ ᠤᠷᠤᠬᠰᠠᠨ ᠰᠢᠨ᠎ᠡ ᠴᠡᠷᠢᠭ᠎ᠢ ᠦᠳᠡᠨ ᠮᠣᠷᠳᠠᠭᠤᠯᠬᠤ ᠶᠣᠰᠣᠯᠠᠯ ᠶᠠᠪᠤᠭᠤᠯᠪᠠ᠃

ᠶᠣᠰᠣᠯᠠᠯ ᠳᠡᠭᠡᠷ᠎ᠡ᠂ ᠴᠡᠷᠢᠭ ᠠᠩᠭᠢ ᠪᠠ ᠣᠷᠣᠨ ᠨᠤᠲᠤᠭ᠎ᠤᠨ ᠤᠳᠤᠷᠢᠳᠤᠯᠭ᠎ᠠ ᠪᠡᠶ᠎ᠡ᠎ᠶᠢᠨ ᠪᠠᠢᠴᠠᠭᠠᠯᠲᠠ᠂ ᠤᠯᠤᠰ ᠲᠥᠷᠥ᠎ᠶᠢᠨ ᠬᠢᠨᠠᠨ ᠪᠠᠢᠴᠠᠭᠠᠯᠲᠠ ᠪᠡᠷ ᠳᠡᠮᠵᠢᠨ ᠢᠷᠠᠭᠤ ᠠᠯᠳᠠᠷᠲᠠᠢ᠎ᠪᠠᠷ ᠴᠡᠷᠢᠭ᠎ᠲᠦ ᠣᠷᠣᠭᠰᠠᠨ ᠪᠥᠬᠥ ᠰᠢᠨ᠎ᠡ ᠴᠡᠷᠢᠭ᠎ᠲᠦ ᠬᠠᠯᠠᠭᠤᠨ ᠪᠠᠶᠠᠷ ᠬᠦᠷᠭᠡᠵᠦ᠂ ᠴᠡᠷᠢᠭ᠎ᠲᠦ ᠡᠯᠰᠡᠭᠳᠡᠭᠰᠡᠨ ᠵᠠᠯᠠᠭᠤᠴᠤᠳ᠎ᠤᠨ ᠤᠯᠤᠰ᠎ᠤᠨ ᠤᠷᠢᠶᠠᠯᠠᠭ᠎ᠠ᠎ᠶᠢ ᠴᠤᠤᠷᠢᠶᠠᠲᠤᠨ ᠲᠠᠭᠠᠵᠥ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠦᠢᠯᠡᠰ᠎ᠲᠦ ᠢᠳᠡᠪᠬᠢᠲᠡᠢ ᠣᠷᠣᠯᠴᠠᠭᠰᠠᠨ ᠬᠠᠷᠢᠭᠤᠴᠠᠯᠭ᠎ᠠ ᠡᠭᠦᠷᠭᠡᠯᠡᠯ᠎ᠢ ᠭᠦᠢᠴᠡᠳ ᠨᠤᠲᠠᠯᠠᠵᠤ᠂ ᠰᠢᠨ᠎ᠡ ᠴᠡᠷᠢᠭ᠎ᠢ ᠰᠢᠷᠭᠠᠭᠤ ᠬᠠᠲᠠᠭᠤᠵᠢᠯᠲᠠᠢ ᠳᠠᠪᠲᠠᠨ ᠪᠣᠯᠪᠠᠰᠤᠷᠠᠭᠤᠯᠤᠨ ᠡᠷᠳᠡᠮ ᠴᠢᠳᠠᠪᠤᠷᠢ᠎ᠪᠠᠨ ᠨᠡᠮᠡᠭᠳᠡᠬᠦᠯᠵᠦ᠂ ᠴᠡᠷᠢᠭ ᠠᠩᠭᠢ᠎ᠶᠢᠨ ᠰᠠᠬᠢᠯᠭ᠎ᠠ ᠪᠠᠲᠤ᠎ᠶᠢ ᠴᠢᠩᠭ᠎ᠠ ᠰᠠᠬᠢᠵᠤ᠂ ᠭᠠᠪᠢᠶ᠎ᠠ ᠪᠠᠢᠭᠤᠯᠤᠨ ᠦᠢᠯᠡᠰ ᠪᠣᠰᠬᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠡᠬᠡ ᠤᠯᠤᠰ᠎ᠤᠨ᠎ᠢᠶᠠᠨ ᠲᠥᠯᠥᠭᠡ ᠵᠢᠳᠬᠦᠵᠦ᠂ ᠨᠤᠲᠤᠭ ᠤᠰᠤᠨ᠎ᠳᠠᠭᠠᠨ ᠥᠩᠭᠡ ᠭᠡᠷᠡᠯ ᠨᠡᠮᠡᠷᠢᠯᠡᠬᠦ ᠵᠢ ᠵᠣᠷᠢᠭ᠍ᠵᠢᠭᠤᠯᠪᠠ᠃

ᠶᠣᠰᠣᠯᠠᠯ᠎ᠤᠨ ᠠᠬᠤᠢ ᠲᠠᠯᠠᠪᠠᠶ᠎ᠳᠤ᠂ ᠰᠢᠨ᠎ᠡ ᠴᠡᠷᠢᠭ᠎ᠦᠨ ᠲᠥᠯᠥᠭᠡᠯᠡᠭᠴᠢ ᠡᠴᠡ ᠴᠡᠷᠢᠭ᠎ᠦᠨ ᠬᠤᠸᠠᠷᠠᠨ᠎ᠳᠤ ᠣᠷᠣᠭᠰᠠᠨ᠎ᠤ ᠳᠠᠷᠠᠭ᠎ᠠ ᠥᠪᠡᠷ᠎ᠢ᠎ᠪᠡᠨ ᠴᠢᠩᠭ᠎ᠠ ᠱᠠᠭᠠᠷᠳᠠᠵᠤ᠂ ᠰᠢᠷᠭᠠᠭᠤ ᠬᠠᠲᠠᠭᠤᠵᠢᠯᠲᠠᠢ ᠪᠣᠯᠪᠠᠰᠤᠷᠠᠵᠤ᠂ ᠴᠡᠷᠢᠭ᠎ᠦᠨ ᠶᠠᠪᠤᠳᠠᠯ᠎ᠤᠨ ᠬᠡᠪ ᠪᠣᠯᠪᠠᠰᠤᠷᠠᠯ᠎ᠢᠶᠠᠨ ᠳᠡᠭᠡᠭᠰᠢᠯᠡᠭᠦᠯᠵᠦ᠂ ᠰᠢᠯᠢᠳᠡᠭ ᠪᠠᠢᠯᠳᠤᠭ᠍ᠴᠢ ᠪᠣᠯᠬᠤ᠎ᠪᠠᠷ ᠴᠢᠷᠮᠠᠢᠨ᠎ᠠ ᠭᠡᠵᠦ ᠢᠯᠡᠳᠬᠡᠵᠡᠭᠡᠪᠡ᠃ ᠭᠡᠷ᠎ᠦᠨ ᠠᠬᠠᠮᠠᠳ᠎ᠤᠨ ᠲᠥᠯᠥᠭᠡᠯᠡᠭᠴᠢ ᠢᠯᠡᠷᠬᠡᠢᠯᠡᠬᠦ᠎ᠳᠡᠭᠡᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠦᠢᠯᠡᠰ᠎ᠢ ᠳᠡᠮᠵᠢᠵᠦ᠂ ᠠᠷᠤ ᠲᠠᠯ᠎ᠠ᠎ᠶᠢᠨ ᠪᠠᠲᠤᠯᠠᠭ᠎ᠠ᠎ᠶᠢ ᠰᠠᠢᠲᠤᠷ ᠬᠢᠵᠦ᠂ ᠦᠷ᠎ᠡ ᠬᠡᠦᠬᠡᠳ᠎ᠦᠨ᠎ᠢᠶᠡᠨ ᠰᠠᠨᠠᠭ᠎ᠠ ᠠᠮᠤᠷ ᠠᠯᠪᠠ ᠬᠠᠭᠠᠵᠤ᠂ ᠦᠰᠦᠨ ᠪᠣᠢᠵᠢᠵᠤ ᠴᠢᠳᠠᠪᠤᠷᠢᠲᠠᠨ ᠪᠣᠯᠬᠤ᠎ᠶᠢ ᠵᠣᠷᠢᠭ᠍ᠵᠢᠭᠤᠯᠤᠨ᠎ᠠ ᠭᠡᠵᠡᠢ᠃

ᠲᠣᠰ ᠤᠳᠠᠭ᠎ᠠ ᠵᠢᠨ ᠶᠣᠰᠣᠯᠠᠯ ᠨᠢ ᠨᠡᠢᠭᠡᠮ ᠳᠠᠶᠠᠭᠠᠷ᠎ᠢᠶᠠᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢ ᠳᠡᠮᠵᠢᠬᠦ᠂ ᠴᠡᠷᠢᠭ ᠬᠥᠮᠥᠨ᠎ᠢ ᠬᠠᠯᠠᠮᠵᠢᠯᠠᠬᠤ ᠭᠦᠨ ᠵᠤᠵᠠᠭᠠᠨ ᠤᠷᠴᠢᠨ ᠠᠬᠤᠢ ᠵᠢ ᠪᠣᠶ ᠪᠣᠯᠭᠠᠵᠤ᠂ ᠰᠢᠨ᠎ᠡ ᠴᠡᠷᠢᠭ ᠤ᠋ᠨ ᠴᠡᠷᠢᠭ᠎ᠲᠦ ᠣᠷᠣᠵᠤ ᠤᠯᠤᠰ᠎ᠤᠨ᠎ᠢᠶᠠᠨ ᠲᠥᠯᠥᠭᠡ ᠵᠢᠳᠬᠦᠬᠦ᠂ ᠴᠡᠷᠢᠭ᠎ᠢ ᠬᠦᠴᠦᠷᠬᠡᠭᠵᠢᠭᠦᠯᠬᠦ ᠦᠢᠯᠡᠰ᠎ᠲᠦ ᠬᠤᠪᠢ ᠨᠡᠮᠡᠷᠢ ᠦᠵᠡᠬᠦᠯᠬᠦ ᠡᠷᠴᠢ ᠵᠤᠷᠢᠭ ᠢ᠋ ᠬᠦᠪᠴᠢᠯᠡᠪᠡ᠃ ᠲᠠᠷᠠᠭᠠᠴᠢ ᠪᠡᠷ᠂ ᠬᠥᠬᠡᠬᠣᠲᠠ᠎ᠶᠢᠨ ᠡᠯ᠎ᠡ ᠱᠠᠲᠤᠨ᠎ᠤ ᠴᠡᠷᠢᠭ᠎ᠦᠨ ᠠᠯᠪᠠᠨ᠎ᠤ ᠪᠠᠢᠭᠤᠯᠭ᠎ᠠ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠢᠨ ᠠᠵᠢᠯ᠎ᠤᠨ ᠬᠠᠷᠢᠭᠤᠴᠠᠯᠭ᠎ᠠ᠎ᠪᠠᠨ ᠦᠷᠭᠦᠯᠵᠢᠯᠡᠨ ᠪᠣᠳᠠᠲᠠᠢᠵᠢᠭᠤᠯᠵᠤ᠂ ᠴᠡᠷᠢᠭ ᠬᠦᠮᠦᠨ ᠢ᠋ ᠬᠦᠷᠢᠶᠡᠯᠡᠨ ᠬᠠᠷᠠᠭᠠᠯᠵᠠᠬᠤ ᠡᠯ᠎ᠡ ᠵᠦᠢᠯ᠎ᠦᠨ ᠲᠥᠷᠥ᠎ᠶᠢᠨ ᠪᠣᠳᠣᠯᠭ᠎ᠠ᠎ᠶᠢ ᠨᠠᠷᠢᠯᠢᠭ᠋ ᠨᠠᠢᠳᠠᠪᠤᠷᠢᠵᠢᠭᠤᠯᠵᠤ᠂ ᠦᠢᠯᠡᠴᠢᠯᠡᠭᠡᠨ᠎ᠦ ᠪᠠᠲᠤᠯᠠᠭ᠎ᠠ ᠵᠢᠨ ᠠᠵᠢᠯ᠎ᠢ ᠰᠡᠳᠬᠢᠯ ᠲᠠᠯᠪᠢᠨ ᠰᠠᠢᠲᠤᠷ ᠬᠢᠵᠦ᠂ ᠰᠢᠨ᠎ᠡ ᠴᠡᠷᠢᠭ ᠵᠢᠴᠢ ᠭᠡᠷ ᠪᠦᠯᠢ᠎ᠶᠢᠨ ᠬᠢᠨ᠎ᠦ ᠰᠠᠨᠠᠭᠠᠰᠢᠷᠠᠯ᠎ᠢ ᠦᠨᠡᠨ ᠬᠦ᠌ ᠰᠢᠢᠳᠪᠦᠷᠢᠯᠡᠵᠦ᠂ ᠪᠥᠬᠥ ᠰᠢᠨ᠎ᠡ ᠴᠡᠷᠢᠭ᠎ᠦᠨ ᠰᠠᠨᠠᠭ᠎ᠠ ᠠᠮᠤᠷ ᠠᠯᠪᠠ ᠬᠠᠭᠠᠵᠤ᠂ ᠴᠡᠷᠢᠭ᠎ᠦᠨ ᠬᠤᠸᠠᠷᠠᠨ᠎ᠳᠤ ᠭᠠᠪᠢᠶ᠎ᠠ ᠪᠠᠶ᠋ᠢᠭᠤᠯᠬᠤ ᠵᠢ ᠪᠠᠳᠤᠯᠠᠵᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ᠎ᠶᠢᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面