2026-09-29 10:22:24
ᠤᠢᠷ᠎ᠠ᠎ᠳᠤ᠂ ᠬᠥᠬᠡᠬᠣᠲᠠ᠎ᠶᠢᠨ ᠵᠡᠮᠳᠡᠭᠴᠦᠳ᠎ᠦᠨ ᠬᠤᠯᠪᠤᠭ᠎ᠠ᠂ ᠬᠥᠬᠡᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠂ ᠬᠥᠬᠡᠬᠣᠲᠠ᠎ᠶᠢᠨ ᠵᠡᠮᠳᠡᠭᠴᠦᠳ᠎ᠦᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ᠎ᠦᠨ ᠬᠠᠮᠲᠤᠷᠠᠨ ᠡᠷᠭᠢᠯᠡᠭᠰᠡᠨ ᠵᠡᠮᠳᠡᠭᠴᠦᠳ᠎ᠦᠨ ᠠᠵᠢᠯ ᠣᠯᠭᠣᠯᠲᠠ᠎ᠶᠢᠨ ᠲᠤᠰᠬᠠᠢ ᠲᠠᠯᠠᠪᠠᠢ ᠤᠷᠢᠨ ᠡᠯᠰᠡᠬᠦ ᠴᠤᠬᠯᠠᠭᠠᠨ ᠬᠥᠬᠡᠬᠣᠲᠠ᠎ᠵᠢᠨ ᠸᠠᠨ ᠳ᠋ᠠ ᠠᠭᠤᠳᠠᠮ ᠲᠠᠯᠠᠪᠠᠢ᠎ᠳᠦ ᠶᠠᠪᠤᠬᠳᠠᠪᠠ᠃
ᠲᠣᠰ ᠤᠳᠠᠭ᠎ᠠ᠎ᠵᠢᠨ ᠤᠷᠢᠨ ᠡᠯᠰᠡᠬᠦ ᠴᠤᠭᠯᠠᠭᠠᠨ᠎ᠳᠤ ᠨᠡᠶ᠋ᠢᠲᠡ 50 ᠭᠠᠷᠤᠢ ᠰᠢᠯᠢᠳᠡᠭ ᠠᠵᠤ ᠠᠬᠤᠢᠯᠠᠯ᠎ᠢ ᠵᠣᠬᠢᠶᠠᠨ ᠪᠠᠢᠭᠤᠯᠤᠨ ᠤᠷᠤᠯᠴᠠᠭᠤᠯᠵᠦ᠂ ᠨᠡᠶ᠋ᠢᠲᠡ 789 ᠠᠵᠢᠯ᠎ᠤᠨ ᠪᠠᠢᠷᠢ ᠲᠣᠬᠢᠷᠠᠭᠤᠯᠵᠤ᠂ ᠮᠡᠳᠡᠭᠡ ᠵᠠᠩᠭᠢ᠎ᠶᠢᠨ ᠮᠡᠷᠭᠡᠵᠢᠯ᠂ ᠰᠤᠷᠭᠠᠨ ᠬᠥᠮᠦᠵᠢᠯ᠂ ᠡᠯᠧᠺᠲᠷᠣᠨ ᠬᠤᠳᠠᠯᠳᠤᠭ᠎ᠠ᠂ ᠰᠣᠶᠣᠯ᠎ᠤᠨ ᠡᠭᠦᠳᠦᠯᠲᠡ᠂ ᠵᠠᠰᠠᠭ ᠵᠠᠬᠢᠷᠭ᠎ᠠ ᠵᠡᠷᠭᠡ ᠣᠯᠠᠨ ᠬᠦᠷᠢᠶ᠎ᠡ ᠴᠠᠷᠠᠭ᠎ᠠ᠎ᠶᠢ ᠬᠠᠮᠤᠷᠴᠠᠢ᠃ ᠴᠤᠬᠯᠠᠭᠠᠨ᠎ᠳᠤ 《ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ᠎ᠪᠡᠷ ᠠᠵᠢᠯ᠎ᠤᠨ ᠪᠠᠢᠷᠢ᠎ᠵᠢ ᠲᠠᠨᠢᠯᠴᠠᠭᠤᠯᠬᠤ + ᠲᠤᠬᠠᠢ᠎ᠵᠢᠨ ᠲᠠᠯᠠᠪᠠᠢ᠎ᠶᠢᠨ ᠵᠥᠪᠳᠡᠯᠴᠡᠭᠡ》 ᠵᠢᠨ ᠵᠠᠭᠪᠤᠷ᠎ᠢ ᠬᠡᠷᠡᠭᠵᠢᠭᠦᠯᠵᠦ᠂ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ᠎ᠶᠢ ᠬᠦᠯᠢᠶᠡᠨ ᠠᠪᠴᠦ ᠦᠵᠡᠭᠰᠡᠨ ᠬᠡᠮᠵᠢᠶ᠎ᠡ ᠨᠡᠶ᠋ᠢᠲᠡ 2000 ᠬᠥᠮᠥᠨ ᠤᠳᠠᠭ᠎ᠠ᠎ᠳᠤ ᠬᠦᠷᠴᠡᠢ᠃ᠲᠤᠬᠠᠢ᠎ᠵᠢᠨ ᠲᠠᠯᠠᠪᠤᠷ᠎ᠲᠤ ᠵᠡᠮᠳᠡᠭᠴᠤᠳ᠎ᠤᠨ ᠠᠵᠢᠯ ᠤᠯᠭᠤᠯᠲᠠ᠎ᠵᠢᠨ ᠦᠢᠯᠡᠴᠢᠯᠡᠭᠡᠨ᠎ᠦ ᠲᠤᠰᠬᠠᠢ ᠲᠣᠭᠣᠷᠢᠭ᠋ ᠭᠠᠷᠭᠠᠵᠦ᠂ ᠲᠣᠪᠴᠢ ᠨᠠᠮᠲᠠᠷ᠎ᠢ ᠰᠢᠯᠢᠳᠡᠭᠵᠢᠭᠦᠯᠬᠦ᠂ᠠᠵᠢᠯ ᠮᠡᠷᠭᠡᠵᠢᠯ᠎ᠦᠨ ᠲᠥᠯᠦᠪᠵᠢᠭᠦᠯᠭᠡ ᠬᠢᠬᠦ᠂ ᠨᠢᠭᠤᠷᠲᠠᠨ ᠰᠢᠯᠭᠠᠯᠲᠠ᠎ᠵᠢ ᠠᠷᠭᠠᠴᠠᠭᠠᠬᠤ ᠤᠷ᠎ᠠ ᠮᠡᠷᠭᠡᠵᠢᠯ ᠵᠢᠭᠠᠬᠤ ᠦᠢᠯᠡᠴᠢᠯᠡᠬᠡ ᠥᠷᠨᠢᠭᠦᠯᠵᠦ᠂ 20 ᠠᠵᠢᠯ ᠡᠷᠢᠭᠰᠡᠳ᠎ᠲᠦ ᠲᠤᠰᠬᠠᠢ ᠵᠢᠯᠣᠭᠣᠳᠤᠯᠭ᠎ᠠ ᠬᠠᠩᠭᠠᠪᠠ; ᠰᠡᠳᠬᠢᠴᠡ᠎ᠶᠢᠨ ᠵᠢᠯᠣᠭᠣᠳᠤᠯᠭ᠎ᠠ᠂ ᠬᠠᠤᠯᠢ ᠴᠠᠭᠠᠵᠠ᠎ᠶᠢᠨ ᠵᠥᠪᠯᠡᠯᠭᠡ ᠥᠭᠬᠦ ᠦᠢᠯᠡᠴᠢᠯᠡᠭᠡ᠎ᠶᠢ ᠵᠡᠷᠭᠡ ᠪᠡᠷ ᠲᠣᠬᠢᠷᠠᠭᠤᠯᠵᠤ᠂ ᠲᠤᠰᠬᠠᠢ ᠮᠡᠷᠭᠡᠵᠢᠯ᠎ᠦᠨ ᠳᠣᠬᠢᠶᠠᠨ᠎ᠤ ᠬᠡᠯᠡ᠎ᠶᠢᠨ ᠪᠠᠭ᠍ᠰᠢ᠎ᠶᠢ ᠲᠣᠬᠢᠷᠠᠭᠤᠯᠤᠨ ᠪᠥᠬᠥ ᠶᠠᠪᠤᠴᠠ᠎ᠳᠤ ᠣᠷᠴᠢᠭᠤᠯᠬᠤ ᠦᠢᠯᠡᠴᠢᠯᠡᠭᠡ ᠬᠠᠩᠭᠠᠵᠤ᠂ ᠰᠣᠨᠣᠷ᠎ᠤᠨ ᠰᠠᠭᠠᠳ᠎ᠲᠠᠢ ᠠᠵᠢᠯ ᠡᠷᠢᠭᠰᠡᠳ᠎ᠦᠨ ᠰᠠᠭᠠᠳ ᠦᠭᠡᠢ ᠨᠡᠪᠲᠡᠷᠡᠯᠴᠡᠨ ᠰᠣᠯᠢᠯᠴᠠᠬᠤ᠎ᠶᠢ ᠪᠠᠲᠤᠯᠠᠪᠠ; ᠲᠥᠷᠥ᠎ᠶᠢᠨ ᠪᠣᠳᠣᠯᠭ᠎ᠠ᠎ᠶᠢᠨ ᠵᠥᠪᠯᠡᠯᠭᠡ ᠥᠭᠬᠦ ᠲᠤᠰᠬᠠᠢ ᠲᠣᠭᠣᠷᠢᠭ᠎ᠤᠨ ᠠᠵᠢᠯᠲᠠᠨ ᠡᠴᠡ ᠲᠤᠬᠠᠢ᠎ᠶᠢᠨ ᠲᠠᠯᠠᠪᠠᠢ ᠵᠢᠨ ᠠᠵᠢᠯ ᠡᠷᠢᠭᠰᠡᠳ᠎ᠤᠨ ᠮᠠᠲᠠᠭ᠎ᠲᠠᠢ ᠠᠰᠠᠭᠤᠳᠠᠯ᠎ᠢ ᠳᠡᠶ᠋ᠢᠯᠵᠦ᠂ ᠠᠵᠢᠯ ᠡᠷᠢᠬᠦ᠂ ᠵᠢᠯᠤᠭᠣᠳᠤᠯᠭ᠎ᠠ ᠬᠢᠬᠦ᠂ᠵᠥᠪᠯᠡᠯᠭᠡ ᠥᠭᠬᠦ ᠨᠢᠭᠡ ᠥᠷᠲᠡᠭᠡᠴᠢᠯᠡᠭᠰᠡᠨ ᠮᠠᠶᠢᠭ᠋᠎ᠤᠨ ᠦᠢᠯᠡᠴᠢᠯᠡᠭᠡ ᠬᠠᠩᠭᠠᠪᠠ᠃
ᠲᠤᠰ ᠤᠳᠠᠭ᠎ᠠ᠎ᠵᠢᠨ ᠤᠷᠢᠨ ᠡᠯᠰᠡᠬᠦ ᠴᠤᠬᠯᠠᠭᠠᠨ᠎ᠤ ᠲᠤᠬᠠᠢ᠎ᠶᠢᠨ ᠲᠠᠯᠠᠪᠠᠶ᠎ᠳᠤ ᠨᠡᠢᠲᠡ 189 ᠬᠥᠮᠥᠨ ᠤᠳᠠᠭ᠎ᠠ ᠠᠩᠬ᠎ᠠ ᠠᠯᠬᠤᠮ᠎ᠤᠨ ᠠᠵᠢᠯ ᠣᠯᠭᠣᠯᠲᠠ᠎ᠶᠢᠨ ᠰᠠᠨᠠᠮᠵᠢ ᠲᠣᠭᠲᠠᠪᠠ᠃ ᠲᠠᠷᠠᠭᠠᠴᠢ᠎ᠶᠢᠨ ᠠᠯᠬᠤᠮ᠎ᠳᠤ᠂ ᠬᠦᠬᠡᠬᠣᠲᠠ᠎ᠶᠢᠨ ᠵᠡᠮᠳᠡᠭᠴᠦᠳ᠎ᠦᠨ ᠬᠤᠯᠪᠤᠭ᠎ᠠ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠵᠢᠨ ᠲᠤᠪᠴᠢᠶ᠎ᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ ᠠᠵᠤ ᠠᠬᠤᠢᠯᠠᠯ ᠬᠢᠭᠡᠳ ᠵᠡᠮᠳᠡᠭᠴᠦᠳ᠎ᠦᠨ ᠠᠵᠢᠯ ᠡᠷᠢᠭᠰᠡᠳ᠎ᠢ ᠵᠤᠯᠭᠠᠯᠳᠤᠭᠤᠯᠬᠤ ᠲᠠᠪᠴᠠᠩ᠎ᠢ ᠦᠷᠭᠦᠯᠵᠢᠯᠡᠨ ᠪᠠᠢᠭᠤᠯᠵᠤ᠂ ᠵᠡᠮᠳᠡᠭᠴᠦᠳ᠎ᠦᠨ ᠠᠵᠢᠯ ᠣᠯᠬᠤ ᠠᠷᠭ᠎ᠠ ᠵᠠᠮ᠎ᠢ ᠲᠠᠰᠤᠷᠠᠯᠲᠠ ᠦᠭᠡᠢ ᠥᠷᠭᠡᠳᠬᠡᠨ᠂ ᠠᠵᠢᠯ ᠣᠯᠭᠣᠯᠲᠠ᠎ᠶᠢᠨ ᠢᠵᠢ ᠪᠦᠷᠢᠳᠦᠭᠰᠡᠨ ᠦᠢᠯᠡᠴᠢᠯᠡᠭᠡ᠎ᠶᠢ ᠲᠡᠭᠦᠯᠳᠡᠷᠵᠢᠭᠦᠯᠬᠦ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃