ᠲᠡᠷᠢᠭᠦᠨ ᠨᠢᠭᠤᠷ>ᠬᠦᠮᠦᠨ ᠨᠡᠢᠭᠡᠮ>ᠮᠡᠳᠡᠭᠡ

2026-09-30 12:53:40

ᠵᠣᠬᠢᠶᠠᠭ᠍ᠴᠢ᠄ ᠰᠠᠴᠤᠷᠠᠯ ᠣᠩᠱᠢᠭ᠍ᠰᠠᠨ ᠣᠳᠠᠭ᠎ᠠ᠄ 3

ᠦᠪᠦᠷ ᠮᠤᠩᠭᠤᠯ᠎ᠤᠨ ᠵᠡᠮᠳᠡᠭᠴᠤᠳ᠎ᠤᠨ ᠬᠤᠯᠪᠤᠭ᠎ᠠ ᠡᠴᠡ ᠤᠢᠯᠠᠭᠠᠬᠰᠠᠨ ᠵᠢᠡᠷ᠂ 2026 ᠣᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠦᠢᠯᠡᠴᠢᠯᠡᠭᠡᠨ᠎ᠦ ᠠᠷᠠᠯᠵᠢᠶᠠᠨ᠎ᠤ ᠴᠤᠭᠯᠠᠭᠠᠨ ᠪᠡᠭᠡᠵᠢᠩ᠎ᠳᠦ ᠶᠠᠪᠤᠭᠳᠠᠵᠦ᠂ ᠦᠪᠦᠷ ᠮᠤᠩᠭᠤᠯ᠎ᠤᠨ ᠵᠡᠮᠳᠡᠭᠴᠤᠳ᠎ᠤᠨ ᠠᠵᠢᠯ ᠤᠯᠵᠦ ᠦᠢᠯᠡᠰ ᠪᠤᠰᠬᠠᠬᠤ᠎ᠵᠢ ᠠᠬᠢᠭᠤᠯᠬᠤ ᠨᠡᠢᠭᠡᠮᠯᠢᠭ 《ᠰᠣᠯᠣᠩᠭ᠎ᠠ》 ᠵᠡᠮᠳᠡᠭᠴᠦᠳ᠎ᠢ ᠲᠤᠰᠠᠯᠠᠵᠤ ᠠᠵᠢᠯ ᠣᠯᠭᠣᠬᠤ ᠨᠡᠶ᠋ᠢᠲᠡ᠎ᠶᠢᠨ ᠠᠰᠠᠷᠠᠮᠵᠢ᠎ᠶᠢᠨ ᠲᠥᠷᠥᠯ ᠲᠡᠮᠳᠡᠭ ᠵᠢᠡᠨ ᠠᠪᠴᠦ ᠳᠤᠰ ᠴᠤᠬᠯᠠᠭᠠᠨ᠎ᠳᠤ ᠤᠷᠤᠯᠴᠠᠵᠦ᠂ ᠤᠯᠤᠰ ᠎ᠤᠨ ᠲᠠᠰ ᠎ᠤᠨ ᠦᠢᠯᠡᠴᠢᠯᠡᠭᠡᠨ᠎ᠦ ᠠᠷᠠᠯᠵᠢᠶᠠᠨ᠎ᠤ ᠲᠠᠪᠴᠠᠩ᠎ᠢ ᠠᠰᠢᠭ᠍ᠯᠠᠨ ᠮᠠᠨ᠎ᠤ ᠣᠷᠣᠨ ᠎ᠤ ᠵᠡᠮᠳᠡᠭᠴᠦᠳ᠎ᠦᠨ ᠭᠠᠷ ᠤᠷᠠᠯᠠᠯ᠎ᠤᠨ ᠦᠷ᠎ᠡ ᠪᠦᠲᠦᠭᠡᠯ᠎ᠢ ᠲᠥᠪᠯᠡᠷᠡᠭᠦᠯᠦᠨ ᠳᠡᠯᠭᠡᠨ ᠦᠵᠡᠭᠦᠯᠪᠡ᠃

ᠤᠢᠯᠠᠭᠠᠬᠰᠠᠨ ᠵᠢᠡᠷ᠂ ᠦᠵᠡᠭᠦᠯᠭᠡ᠎ᠶᠢᠨ ᠲᠣᠭᠣᠷᠢᠭ᠋᠎ᠲᠤ᠂ 《ᠰᠣᠯᠣᠩᠭ᠎ᠠ》ᠳᠡᠮᠳᠡᠭᠳᠦ ᠰᠢᠷᠢᠰ ᠭᠠᠷ ᠤᠷᠠᠯᠠᠯ ᠎ᠤᠨ ᠪᠦᠲᠦᠭᠡᠯ ᠤᠯᠠᠨ ᠎ᠤ ᠬᠠᠷᠠᠭ᠎ᠠ ᠎ᠶᠢ ᠪᠠᠶᠠᠰᠬᠠᠵᠤ᠂ ᠲᠠᠯ᠎ᠠ ᠨᠤᠲᠤᠭ᠎ᠤᠨ ᠦᠨᠳᠦᠰᠦᠲᠡᠨ᠎ᠦ ᠵᠠᠩ ᠦᠢᠯᠡ᠎ᠵᠢ ᠬᠠᠷᠠᠭᠤᠯᠪᠠ᠃ ᠦᠵᠡᠭᠦᠯᠭᠡ᠎ᠶᠢᠨ ᠵᠦᠢᠯᠡᠰ᠎ᠲᠦ ᠢᠰᠡᠭᠡᠢ ᠬᠡᠦᠬᠡᠯᠳᠡᠢ᠂ ᠢᠰᠡᠭᠡᠢ ᠴᠢᠮᠡᠭᠯᠡᠯ᠎ᠦᠨ ᠵᠢᠷᠤᠭ᠂ ᠠᠷᠠᠰᠤᠨ ᠱᠤᠭᠤᠮᠠᠯ᠎ᠤᠨ ᠭᠠᠷ ᠤᠷᠠᠯᠠᠯ᠂ ᠦᠨᠳᠦᠰᠦᠲᠡᠨ᠎ᠦ ᠵᠠᠰᠠᠯ ᠴᠢᠮᠡᠭᠯᠡᠯ ᠵᠢᠴᠢ ᠡᠯ᠎ᠡ ᠲᠥᠷᠥᠯ᠎ᠦᠨ ᠰᠣᠶᠣᠯ᠎ᠤᠨ ᠡᠭᠦᠳᠦᠯᠲᠡ᠎ᠶᠢᠨ ᠪᠦᠲᠦᠭᠡᠯ᠎ᠢ ᠪᠠᠬᠲᠠᠭᠠᠵᠠᠢ᠃ ᠦᠵᠡᠬᠦᠯᠬᠡ ᠎ᠵᠢᠨ ᠠᠬᠤᠢ ᠲᠠᠯᠠᠪᠠᠢ᠎ᠳᠤ᠂ ᠣᠯᠠᠨ᠎ᠢᠶᠠᠷ᠎ᠢᠶᠠᠨ ᠰᠤᠶᠤᠯ᠎ᠤᠨ ᠡᠬᠦᠳᠦᠯᠲᠡ᠎ᠵᠢᠨ ᠪᠦᠲᠦᠭᠡᠯ᠎ᠢ ᠨᠠᠷᠢᠨ ᠰᠢᠨᠵᠢᠯᠡᠵᠦ᠂ ᠦᠢᠯᠡᠳᠬᠦᠨ᠎ᠦ ᠦᠢᠯᠡᠳᠪᠦᠷᠢᠯᠡᠯ᠂ ᠦᠢᠯᠡᠳᠬᠡᠯ ᠎ᠦᠨ ᠭᠠᠵᠠᠷ᠎ᠤᠨ ᠡᠵᠡᠩᠨᠡᠯᠲᠡ᠂ ᠵᠡᠮᠳᠡᠭᠴᠦᠳ᠎ᠲᠦ ᠠᠵᠢᠯ ᠣᠯᠭᠣᠵᠤ ᠬᠠᠪᠰᠤᠷᠤᠨ ᠲᠡᠳᠬᠦᠭᠰᠡᠨ ᠵᠡᠷᠭᠡ ᠪᠠᠢᠳᠠᠯ᠎ᠢ ᠨᠠᠷᠢᠨ ᠠᠰᠠᠭᠤᠵᠤ᠂ ᠦᠨᠳᠦᠰᠦᠲᠡᠨ᠎ᠦ ᠰᠣᠶᠣᠯ᠎ᠢ ᠠᠭᠤᠰᠤᠯᠴᠠᠭᠤᠯᠤᠭᠰᠠᠨ ᠵᠡᠮᠳᠡᠭᠴᠦᠳ᠎ᠢ ᠲᠤᠰᠠᠯᠠᠬᠤ ᠰᠣᠶᠣᠯ᠎ᠤᠨ ᠡᠭᠦᠳᠦᠯᠲᠡ᠎ᠶᠢ ᠨᠤᠲᠠᠯᠠᠬᠤ᠎ᠶᠢᠨ ᠬᠠᠮᠲᠤ᠂ ᠦᠢᠯᠡᠳᠬᠦᠨ᠎ᠢ ᠳᠡᠯᠭᠡᠷᠡᠭᠦᠯᠬᠦ ᠠᠷᠭ᠎ᠠ ᠵᠠᠮ᠎ᠤᠨ ᠬᠠᠮᠲᠤᠷᠠᠯᠴᠠᠭ᠎ᠠ᠎ᠶᠢᠨ ᠲᠤᠬᠠᠢ ᠰᠣᠯᠢᠯᠴᠠᠭ᠎ᠠ ᠵᠥᠪᠳᠡᠯᠴᠡᠭᠡ ᠥᠷᠨᠢᠭᠦᠯᠪᠡ᠃ ᠡᠢᠨ᠎ᠬᠦ 《ᠰᠣᠯᠣᠩᠭ᠎ᠠ》 ᠵᠡᠮᠳᠡᠭᠴᠤᠳ᠎ᠢ ᠲᠤᠰᠠᠯᠠᠵᠦ ᠠᠵᠢᠯ ᠤᠯᠭᠤᠬᠤ ᠨᠡᠶ᠋ᠢᠲᠡ᠎ᠶᠢᠨ ᠠᠰᠠᠷᠠᠮᠵᠢ᠎ᠶᠢᠨ ᠲᠦᠷᠦᠯ ᠲᠡᠮᠳᠡᠭ ᠨᠢ ᠣᠷᠣᠨ ᠪᠦᠰᠡ᠎ᠶᠢᠨ ᠬᠢᠵᠠᠭᠠᠷᠯᠠᠯ ᠎ᠢ ᠪᠦᠲᠦᠮᠵᠢᠲᠡᠶ ᠡᠪᠳᠡᠵᠦ᠂ ᠪᠥᠬᠥ ᠤᠯᠤᠰ ᠴᠢᠨᠠᠭᠰᠢᠯᠠᠪᠠᠯ ᠭᠠᠳᠠᠭᠠᠳᠤ᠎ᠳᠤ ᠥᠪᠥᠷ ᠮᠣᠩᠭᠣᠯ ᠎ᠤᠨ ᠵᠡᠮᠳᠡᠭᠴᠦᠳ᠎ᠦᠨ ᠰᠢᠨ᠎ᠡ᠎ᠶᠢ ᠡᠭᠦᠳᠦᠭᠰᠡᠨ ᠤᠷ᠎ᠠ ᠮᠡᠷᠭᠡᠵᠢᠯ ᠪᠠ ᠴᠣᠭ ᠵᠢᠪᠬᠤᠭ᠎ᠠ ᠎ᠶᠢ ᠢᠯᠡᠷᠡᠭᠦᠯᠪᠠ᠃

ᠲᠠᠷᠠᠭᠠᠴᠢ᠎ᠶᠢᠨ ᠠᠯᠬᠤᠮ᠎ᠳᠤ᠂ ᠦᠪᠦᠷ ᠮᠤᠩᠭᠤᠯ᠎ᠤᠨ ᠵᠡᠮᠳᠡᠭᠴᠦᠳ᠎ᠦᠨ ᠠᠵᠢᠯ ᠤᠯᠵᠦ ᠦᠢᠯᠡᠰ ᠪᠤᠰᠬᠠᠬᠤ᠎ᠶᠢ ᠠᠬᠢᠭᠤᠯᠬᠤ ᠨᠡᠢᠭᠡᠮᠯᠢᠭ ᠨᠢ ᠭᠠᠳᠠᠭᠠᠳᠤ ᠯᠤᠭ᠎ᠠ᠎ᠶᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠦᠷᠭᠦᠯᠵᠢᠯᠡᠨ ᠭᠦᠨᠵᠡᠭᠡᠢᠷᠡᠭᠦᠯᠵᠦ᠂《ᠰᠣᠯᠣᠩᠭ᠎ᠠ》ᠰᠣᠶᠣᠯ᠎ᠤᠨ ᠡᠭᠦᠳᠦᠯᠲᠡ᠎ᠶᠢᠨ ᠲᠦᠷᠦᠯ ᠳᠡᠮᠳᠡᠭ᠎ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠡᠯ᠎ᠡ ᠲᠥᠷᠥᠯ᠎ᠦᠨ ᠲᠣᠮᠣ᠌ ᠬᠡᠯᠪᠡᠷᠢ᠎ᠶᠢᠨ ᠴᠤᠬᠯᠠᠭᠠᠨ᠎ᠳᠤ ᠢᠳᠡᠪᠬᠢᠲᠡᠢ ᠣᠷᠣᠯᠴᠠᠵᠤ᠂ ᠰᠣᠶᠣᠯ᠎ᠤᠨ ᠡᠭᠦᠳᠦᠯᠲᠡ᠎ᠶᠢᠨ ᠠᠵᠤ ᠦᠢᠯᠡᠰ᠎ᠢᠶᠡᠷ ᠵᠡᠮᠳᠡᠭᠴᠦᠳ᠎ᠲᠦ ᠲᠣᠭᠲᠠᠭᠤᠨ᠎ᠢᠶᠠᠷ ᠠᠵᠢᠯ ᠣᠯᠭᠣᠵᠤ᠂ ᠮᠠᠨ᠎ᠤ ᠣᠷᠣᠨ᠎ᠤ ᠵᠡᠮᠳᠡᠭᠴᠦᠳ᠎ᠢ ᠲᠤᠰᠠᠯᠠᠬᠤ ᠦᠢᠯᠡᠴᠢᠯᠡᠭᠡ ᠬᠢᠭᠡᠳ ᠦᠨᠳᠦᠰᠦᠲᠡᠨ᠎ᠦ ᠣᠨᠴᠠᠯᠢᠭ᠋᠎ᠲᠠᠢ ᠰᠣᠶᠣᠯ᠎ᠤᠨ ᠠᠵᠤ ᠦᠢᠯᠡᠰ ᠎ᠦᠨ ᠭᠦᠨᠵᠡᠭᠡᠢ ᠠᠭᠤᠰᠤᠯᠴᠠᠨ ᠬᠥᠭᠵᠢᠬᠦ ᠎ᠶᠢ ᠦᠷᠬᠦᠯᠵᠢᠯᠡᠨ ᠠᠬᠢᠭᠤᠯᠬᠤ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面