ᠲᠡᠷᠢᠭᠦᠨ ᠨᠢᠭᠤᠷ>ᠬᠦᠮᠦᠨ ᠨᠡᠢᠭᠡᠮ>ᠮᠡᠳᠡᠭᠡ

2026-10-03 15:32:38

ᠵᠣᠬᠢᠶᠠᠭ᠍ᠴᠢ᠄ ᠰᠦᠨ ᠯᠢ ᠶᠢᠡᠭ ᠣᠩᠱᠢᠭ᠍ᠰᠠᠨ ᠣᠳᠠᠭ᠎ᠠ᠄ 3

ᠤᠢᠷ᠎ᠠ ᠳ᠋ᠤ᠂ ᠲᠥᠪ᠎ᠦᠨ ᠤᠯᠤᠰ ᠲᠥᠷᠥ ᠬᠠᠤᠯᠢ ᠴᠠᠭᠠᠵᠠ᠎ᠶᠢᠨ ᠬᠣᠷᠢᠶ᠎ᠠ ᠡᠴᠨ ᠲᠥᠪ᠎ᠦᠨ ᠤᠯᠤᠰ ᠲᠥᠷᠥ ᠬᠠᠤᠯᠢ ᠴᠠᠭᠠᠵᠠ᠎ᠶᠢᠨ ᠨᠢᠭᠡᠴᠢ᠂ ᠲᠥᠪ᠎ᠦᠨ ᠢᠨᠲᠧᠷ ᠰᠦᠯᠵᠢᠶᠡᠨ᠎ᠦ ᠮᠡᠳᠡᠭᠡ ᠵᠠᠩᠭᠢ᠎ᠶᠢᠨ ᠠᠯᠪᠠᠨ ᠭᠡᠷ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠶᠠᠮᠤᠨ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ᠂ 2021—2025 ᠣᠨ᠎ᠤ 《ᠠᠮᠤᠭᠤᠯᠠᠩᠳᠤ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠵᠢᠱ᠌ᠢᠶ᠎ᠡ ᠦᠵᠡᠭᠦᠯᠬᠦ ᠬᠣᠲᠠ》᠂ 《ᠠᠮᠤᠭᠤᠯᠠᠩᠳᠤ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠵᠢᠱ᠌ᠢᠶ᠎ᠡ ᠦᠵᠡᠭᠦᠯᠬᠦ ᠰᠢᠶᠠᠨ》 ᠢ᠋ ᠡᠭᠦᠳᠦᠨ ᠪᠠᠶ᠋ᠢᠭᠤᠯᠬᠤ ᠠᠵᠢᠯ᠎ᠢ ᠵᠣᠬᠢᠶᠠᠨ ᠪᠠᠢᠭᠤᠯᠤᠨ ᠥᠷᠨᠢᠭᠦᠯᠪᠡ᠃ ᠦᠪᠡᠰᠦᠪᠠᠨ ᠭᠤᠶᠤᠴᠢᠯᠠᠬᠤ᠂ ᠬᠢᠨᠠᠨ ᠬᠠᠷᠭᠤᠭᠤᠯᠵᠤ ᠲᠡᠪᠰᠢᠬᠦᠯᠦᠨ ᠮᠡᠳᠡᠭᠦᠯᠬᠦ᠂ ᠦᠨᠡᠯᠡᠨ ᠵᠢᠱ᠌ᠢᠵᠦ ᠰᠢᠯᠭᠠᠨ ᠠᠪᠬᠤ ᠵᠡᠷᠭᠡ ᠲᠠᠰ ᠳᠠᠷᠠᠭᠠᠯᠠᠯ᠎ᠢᠶᠠᠷ ᠳᠡᠮᠵᠢᠨ᠂ ᠠᠮᠤᠭᠤᠯᠠᠡᠭᠳᠤ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠵᠢᠱ᠌ᠢᠶ᠎ᠡ ᠦᠵᠡᠭᠦᠯᠬᠦ 60 ᠬᠣᠲᠠ᠂ ᠠᠮᠤᠭᠤᠯᠠᠡᠭᠳᠤ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠵᠢᠱ᠌ᠢᠶ᠎ᠡ ᠦᠵᠡᠭᠦᠯᠬᠦ 160 ᠰᠢᠶᠠᠨ᠎ᠢ ᠲᠣᠭᠲᠠᠭᠠᠪᠠ᠃

9 ᠰᠠᠷ᠎ᠠ᠎ᠶᠢᠨ 18 ᠎ᠡᠴᠡ 9 ᠰᠠᠷ᠎ᠠ᠎ᠶᠢᠨ 23 ᠤ᠋ ᠡᠳᠦᠷ ᠪᠣᠯᠲᠠᠯ᠎ᠠ᠂ ᠲᠥᠪ᠎ᠦᠨ ᠤᠯᠤᠰ ᠲᠥᠷᠥ ᠬᠠᠤᠯᠢ ᠴᠠᠭᠠᠵᠠ᠎ᠶᠢᠨ ᠬᠣᠷᠢᠶ᠎ᠠ ᠫᠠᠢᠰᠠ ᠣᠯᠭᠣᠬᠤ ᠪᠡᠷ ᠪᠠᠢᠭ᠎ᠠ ᠠᠮᠤᠭᠤᠯᠠᠡᠭᠳᠤ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠵᠢᠱ᠌ᠢᠶ᠎ᠡ ᠦᠵᠡᠭᠦᠯᠬᠦ ᠬᠣᠲᠠ᠂ ᠰᠢᠶᠠᠨ᠎ᠤ ᠨᠡᠷᠡᠰ᠎ᠢ ᠵᠠᠷᠯᠠᠨ ᠨᠡᠢᠲᠡᠯᠡᠵᠦ᠂ ᠨᠡᠢᠭᠡᠮ᠎ᠦᠨ ᠡᠯ᠎ᠡ ᠡᠲᠡᠭᠡᠳ᠎ᠦᠨ ᠰᠠᠨᠠᠯ᠎ᠢ ᠥᠷᠭᠡᠨ᠎ᠢᠶᠡᠷ ᠰᠣᠨᠣᠰᠴᠤ᠂ ᠣᠯᠠᠨ ᠲᠦᠮᠡᠨ᠎ᠦ ᠬᠢᠨᠠᠯᠲᠠ᠎ᠶᠢ ᠬᠦᠯᠢᠶᠡᠭᠰᠡᠨ᠎ᠤ ᠰᠠᠭᠤᠷᠢᠨ ᠳᠡᠭᠡᠷ᠎ᠡ ᠲᠣᠭᠲᠠᠭᠠᠯ ᠭᠠᠷᠭᠠᠪᠠ᠃

ᠦᠪᠤᠷ ᠮᠤᠡᠭᠭᠤᠯ ᠤ᠋ᠨ ᠲᠦᠡᠭᠯᠢᠶᠤᠤ ᠬᠤᠳᠠ 《ᠠᠮᠤᠭᠤᠯᠠᠩᠳᠤ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠵᠢᠱ᠌ᠢᠶ᠎ᠡ ᠦᠵᠡᠭᠦᠯᠬᠦ ᠬᠣᠲᠠ》 ᠵᠢᠨ ᠨᠡᠷᠡᠰ ᠤ᠋ᠨ ᠵᠢᠬᠰᠠᠭᠠᠯᠳᠠ ᠳ᠋ᠸ᠋ ᠰᠤᠡᠭᠭᠤᠬᠳᠠᠵᠤ᠂ ᠦᠬᠠᠢ ᠬᠤᠳᠠ ᠵᠢᠨ ᠬᠠᠢᠨᠠᠨ ᠲᠤᠭᠤᠷᠢᠭ᠂ ᠤᠷᠳᠤᠰ ᠬᠤᠳᠠ ᠵᠢᠨ ᠬᠢᠶ᠎ᠠ ᠪᠠᠬᠰᠢ ᠲᠤᠭᠤᠷᠢᠭ᠂ ᠪᠤᠭᠤᠳᠤ ᠬᠤᠳᠠ ᠵᠢᠨ ᠴᠢᠡᠭᠱᠠᠨ ᠲᠤᠭᠤᠷᠢᠭ᠂ ᠪᠠᠶᠠᠨᠨᠠᠭᠤᠷ ᠬᠤᠳᠠ ᠵᠢᠨ ᠦᠶᠦᠸᠠᠨ ᠰᠢᠶᠠᠨ᠂ ᠡᠷᠢᠶᠠᠨ ᠬᠤᠳᠠ 《ᠠᠮᠤᠭᠤᠯᠠᠩᠳᠤ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠵᠢᠱ᠌ᠢᠶ᠎ᠡ ᠦᠵᠡᠭᠦᠯᠬᠦ ᠰᠢᠶᠠᠨ》 ᠤ᠋ ᠨᠡᠷᠡᠰ ᠤ᠋ᠨ ᠵᠢᠬᠰᠠᠭᠠᠯᠳᠠ ᠳ᠋ᠤ ᠤᠷᠤᠵᠠᠢ᠃

ᠠᠮᠤᠭᠤᠯᠠᠩᠳᠤ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠵᠢᠱ᠌ᠢᠶ᠎ᠡ ᠦᠵᠡᠭᠦᠯᠬᠦ ᠬᠣᠲᠠ᠂ ᠰᠢᠶᠠᠨ ᠢ᠋ ᠦᠨᠡᠯᠡᠨ ᠰᠢᠯᠭᠠᠷᠠᠭᠤᠯᠵᠤ ᠬᠥᠬᠢᠭᠦᠯᠦᠨ ᠰᠠᠢᠰᠢᠶᠠᠬᠤ ᠪᠣᠯ ᠪᠥᠬᠥ ᠤᠯᠤᠰ᠎ᠤᠨ ᠠᠮᠤᠭᠤᠯᠠᠩᠳᠤ ᠪᠦᠲᠦᠭᠡᠨ ᠪᠠᠢᠭᠤᠯᠤᠯᠲᠠ᠎ᠶᠢᠨ ᠬᠦᠷᠢᠶᠡᠨ᠎ᠳᠡᠬᠢ ᠬᠠᠮᠤᠷᠬᠤ ᠬᠡᠪᠴᠢᠶ᠎ᠡ᠎ᠪᠡᠷ ᠬᠠᠮᠤᠭ᠎ᠤᠨ ᠥᠷᠭᠡᠨ᠂ ᠰᠢᠯᠭᠠᠨ ᠦᠨᠡᠯᠡᠬᠦ ᠪᠠᠷᠢᠮᠵᠢᠶ᠎ᠠ᠎ᠪᠠᠷ ᠬᠠᠮᠤᠭ᠎ᠤᠨ ᠴᠢᠩᠭ᠎ᠠ ᠶᠡᠷᠦᠩᠬᠡᠢᠯᠡᠭᠰᠡᠨ ᠴᠢᠨᠠᠷᠲᠠᠢ ᠰᠢᠯᠭᠠᠨ ᠦᠨᠡᠯᠡᠯᠲᠡ ᠪᠠᠢᠵᠤ᠂ ᠬᠣᠲᠠ᠎ᠰᠢᠶᠠᠨ ᠤ᠋ ᠠᠮᠤᠭᠤᠯᠠᠩᠳᠤ ᠪᠦᠲᠦᠭᠡᠨ ᠪᠠᠢᠭᠤᠯᠤᠯᠲᠠ᠂ ᠨᠡᠢᠭᠡᠮ᠎ᠦᠨ ᠵᠠᠰᠠᠯᠲᠠ᠎ᠶᠢᠨ ᠴᠢᠳᠠᠪᠤᠷᠢ᠎ᠶᠢᠨ ᠪᠥᠬᠥ ᠲᠠᠯ᠎ᠠ᠎ᠶᠢᠨ ᠰᠢᠯᠭᠠᠯᠲᠠ ᠪᠣᠯᠬᠤ᠎ᠪᠠᠷ ᠪᠠᠷᠠᠬᠤ ᠦᠭᠡᠢ᠂ ᠪᠠᠰᠠ ᠴᠤ᠌ ᠭᠠᠵᠠᠷ ᠣᠷᠣᠨ᠎ᠤ ᠢᠷᠠᠭᠤ ᠠᠯᠳᠠᠷ᠎ᠤᠨ ᠬᠡᠮᠵᠢᠶ᠎ᠡ᠂ ᠨᠡᠢᠭᠡᠮ᠎ᠦᠨ ᠡᠶ᠎ᠡ ᠵᠣᠬᠢᠴᠠᠯ᠎ᠤᠨ ᠬᠡᠮᠵᠢᠶ᠎ᠡ᠂ ᠣᠯᠠᠨ ᠲᠦᠮᠡᠨ᠎ᠦ ᠠᠮᠤᠷ ᠲᠦᠪᠰᠢᠨ᠎ᠦ ᠲᠥᠷᠥᠭᠳᠡᠯ᠎ᠦᠨ ᠬᠠᠨᠤᠮᠵᠢ᠎ᠶᠢᠨ ᠬᠡᠮᠵᠢᠶ᠎ᠡ᠎ᠶᠢ ᠬᠡᠮᠵᠢᠬᠦ ᠬᠠᠮᠤᠭ᠎ᠤᠨ ᠥᠨᠳᠥᠷ ᠪᠠᠷᠢᠮᠵᠢᠶ᠎ᠠ ᠮᠥᠨ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面