2026-10-28 10:51:54
《ᠵᠡᠮᠳᠡᠭᠴᠦᠳ᠎ᠤᠨ ᠠᠵᠢᠯ ᠣᠯᠭᠣᠯᠳᠠ᠎ᠶᠢ ᠠᠬᠢᠭᠤᠯᠬᠤ ᠭᠤᠷᠪᠠᠨ ᠵᠢᠯ᠎ᠦᠨ ᠠᠵᠢᠯᠯᠠᠭᠠᠨ᠎ᠤ ᠲᠥᠰᠥᠯ(2025 —2027 ᠣᠨ)》 ᠤ᠋ᠨ ᠪᠢᠴᠢᠭ ᠮᠠᠲᠧᠷᠢᠶᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠥᠬᠥ ᠣᠷᠣᠨ᠎ᠤ ᠬᠠᠷᠠᠭ᠎ᠠ ᠠᠯᠳᠠᠬᠰᠠᠳ᠎ᠤᠨ ᠡᠮᠴᠢᠯᠡᠭᠡᠨ᠎ᠦ ᠢᠯᠢᠬᠦ ᠵᠠᠰᠠᠯ᠎ᠦᠨ ᠮᠡᠷᠬᠡᠵᠢᠯ᠎ᠦᠨ ᠠᠵᠢᠯ ᠡᠷᠬᠢᠯᠡᠭᠰᠡᠳ᠎ᠦᠨ ᠲᠤᠰᠬᠠᠢ ᠮᠡᠷᠭᠡᠵᠢᠯ᠎ᠦᠨ ᠤᠷ᠎ᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠤᠰᠠᠳᠠ᠂ ᠤᠢᠷ᠎ᠠ᠎ᠳᠤ᠂ ᠦᠪᠦᠷ ᠮᠤᠩᠭᠤᠯ᠎ᠤᠨ ᠵᠡᠮᠳᠡᠭᠴᠦᠳ᠎ᠤᠨ ᠠᠵᠢᠯ ᠣᠯᠭᠣᠯᠳᠠ ᠵᠢᠨ ᠦᠢᠯᠡᠴᠢᠯᠡᠭᠡᠨ᠎ᠦ ᠲᠥᠪ᠎ᠡᠴᠡ ᠬᠦᠬᠡᠬᠤᠲᠠ᠎ᠳᠤ ᠪᠥᠬᠥ ᠣᠷᠣᠨ᠎ᠤ ᠬᠠᠷᠠᠭ᠎ᠠ ᠠᠯᠳᠠᠬᠰᠠᠳ᠎ᠤᠨ ᠡᠮᠴᠢᠯᠡᠭᠡᠨ᠎ᠦ ᠢᠯᠢᠬᠦ ᠵᠠᠰᠠᠯ᠎ᠦᠨ ᠮᠡᠷᠭᠡᠵᠢᠯ᠎ᠢ ᠳᠡᠭᠡᠭᠰᠢᠯᠡᠭᠦᠯᠬᠦ ᠪᠣᠯᠪᠠᠰᠤᠷᠠᠯ ᠡᠷᠬᠢᠯᠡᠪᠡ᠃
ᠲᠣᠰ ᠤᠳᠠᠭᠠᠨ᠎ᠤ ᠪᠣᠯᠪᠠᠰᠤᠷᠠᠯ᠎ᠤᠨ ᠠᠩᠭᠢ᠎ᠳᠤ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶᠢᠨ ᠬᠢᠲᠠᠳ ᠡᠮᠨᠡᠯᠭᠡ᠎ᠶᠢᠨ ᠳᠡᠭᠡᠳᠦ ᠰᠤᠷᠭᠠᠭᠤᠯᠢ᠎ᠶᠢᠨ ᠳᠡᠳ᠋ ᠵᠠᠬᠢᠷᠤᠯ ᠳ᠋ᠦᠩ ᠫᠢᠩ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶᠢᠨ ᠬᠢᠲᠠᠳ ᠡᠮᠨᠡᠯᠭᠡ᠎ᠶᠢᠨ ᠳᠡᠭᠡᠳᠦ ᠰᠤᠷᠭᠠᠭᠤᠯᠢ᠎ᠶᠢᠨ ᠡᠷᠡᠭᠦᠯᠵᠢᠯ᠎ᠦᠨ ᠡᠮᠴᠢᠯᠡᠭᠡᠨ᠎ᠦ ᠵᠢᠭᠠᠨ ᠰᠤᠳᠤᠯᠬᠤ ᠲᠠᠰᠤᠭ᠎ᠤᠨ ᠡᠷᠬᠢᠯᠡᠭᠴᠢ ᠸᠠᠩ ᠰᠢᠶᠦ᠋ᠩ ᠶᠣᠣ ᠪᠠ ᠯᠢᠶᠣᠤᠨᠢᠩ ᠮᠤᠵᠢ᠎ᠶᠢᠨ ᠬᠢᠲᠠᠳ ᠡᠮᠨᠡᠯᠭᠡ᠎ᠶᠢᠨ ᠬᠣᠷᠢᠶᠠᠨ᠎ᠤ ᠯᠢ ᠴᠧᠩ ᠯᠢᠨ ᠫᠷᠤᠹᠧᠰᠰᠤᠷ᠎ᠢ ᠤᠷᠢᠵᠤ ᠰᠤᠷᠤᠭ᠍ᠴᠢᠳ᠎ᠲᠤ ᠬᠢᠴᠢᠶᠡᠯ ᠣᠷᠣᠭᠤᠯᠪᠠ᠃ ᠣᠨᠣᠯ᠎ᠤᠨ ᠬᠢᠴᠢᠶᠡᠯ ᠣᠷᠣᠬᠤ᠂ ᠪᠣᠳᠠᠲᠤ ᠠᠵᠢᠯᠯᠠᠭ᠎ᠠ᠎ᠶᠢᠨ ᠦᠵᠡᠭᠦᠯᠬᠡ ᠬᠢᠬᠦ ᠂ ᠬᠠᠷᠢᠯᠴᠠᠨ ᠦᠢᠯᠡᠳᠦᠯᠴᠡᠨ ᠦᠵᠡᠯ ᠪᠤᠳᠤᠯ᠎ᠵᠢᠡᠨ ᠰᠣᠯᠢᠯᠴᠠᠬᠤ ᠵᠡᠷᠭᠡ ᠣᠯᠠᠨ ᠶᠠᠩᠵᠤᠴᠢᠯᠠᠭᠰᠠᠨ ᠵᠢᠭᠠᠨ ᠰᠤᠷᠭᠠᠬᠤ ᠠᠷᠭ᠎ᠠ ᠮᠠᠶ᠍ᠢᠭ᠎ᠢᠶᠡᠷ ᠳᠠᠮᠵᠢᠨ᠂ ᠰᠤᠷᠤᠭ᠍ᠴᠢᠳ᠎ᠲᠤ ᠬᠠᠷᠠᠭ᠎ᠠ ᠠᠯᠳᠠᠬᠰᠠᠳ᠎ᠤᠨ ᠡᠮᠴᠢᠯᠡᠬᠡᠨ᠎ᠤ ᠢᠯᠢᠬᠦ ᠵᠠᠰᠠᠯ᠎ᠦᠨ ᠬᠦᠷᠢᠶ᠎ᠠ ᠴᠠᠷᠠᠭᠠᠨ᠎ᠦ ᠬᠠᠮᠤᠭ᠎ᠤᠨ ᠰᠢᠨ᠎ᠡ ᠮᠡᠳᠡᠯᠭᠡ ᠪᠣᠯᠣᠨ ᠮᠡᠷᠭᠡᠵᠢᠯ ᠴᠢᠳᠠᠪᠤᠷᠢ᠎ᠶᠢ ᠡᠵᠡᠮᠰᠢᠭᠦᠯᠪᠡ᠃
ᠲᠣᠰ ᠪᠣᠯᠪᠠᠰᠤᠷᠠᠯ᠎ᠤᠨ ᠠᠩᠭᠢ ᠨᠢ ᠪᠥᠬᠥ ᠣᠷᠣᠨ᠎ᠤ ᠬᠠᠷᠠᠭ᠎ᠠ ᠠᠯᠳᠠᠬᠰᠠᠳ᠎ᠤᠨ ᠡᠮᠴᠢᠯᠡᠭᠡᠨ᠎ᠦ ᠢᠯᠢᠬᠦ ᠵᠠᠰᠠᠯ᠎ᠦᠨ ᠮᠡᠷᠬᠡᠵᠢᠯ᠎ᠦᠨ ᠠᠵᠢᠯ ᠡᠷᠬᠢᠯᠡᠭᠰᠡᠳ᠎ᠲᠦ ᠤᠷ᠎ᠠ ᠮᠡᠷᠭᠡᠵᠢᠯ᠎ᠢᠶᠡᠨ ᠰᠣᠯᠢᠯᠴᠠᠬᠤ᠂ ᠣᠨᠣᠯ᠎ᠤᠨ ᠬᠢᠷᠢ ᠲᠦᠪᠰᠢᠨ᠎ᠢᠶᠠᠨ ᠳᠡᠭᠡᠭᠰᠢᠯᠡᠭᠦᠯᠬᠦ ᠰᠤᠷᠤᠯᠴᠠᠯᠭ᠎ᠠ᠎ᠶᠢᠨ ᠲᠠᠪᠴᠠᠩ ᠬᠠᠩᠭᠠᠵᠠᠢ᠃ ᠥᠪᠥᠷ ᠮᠣᠩᠭᠣᠯ᠎ᠤᠨ ᠵᠡᠮᠳᠡᠭᠴᠦᠳ᠎ᠦᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ ᠨᠢ ᠬᠠᠷᠠᠭ᠎ᠠ ᠠᠯᠳᠠᠬᠰᠠᠳ᠎ᠤᠨ ᠠᠵᠢᠯ ᠮᠡᠷᠭᠡᠵᠢᠯ᠎ᠦᠨ ᠬᠥᠭᠵᠢᠯᠲᠡ᠎ᠶᠢᠨ ᠬᠡᠷᠡᠭᠴᠡᠭᠡ ᠱᠠᠭᠠᠷᠳᠠᠯᠭ᠎ᠠ᠎ᠳᠤ ᠦᠷᠭᠦᠯᠵᠢᠯᠡᠨ ᠠᠩᠬᠠᠷᠤᠯ᠎ᠢᠶᠠᠨ ᠲᠥᠪᠯᠡᠷᠡᠭᠦᠯᠵᠦ᠂ ᠬᠠᠷᠠᠭ᠎ᠠ ᠠᠯᠳᠠᠬᠰᠠᠳ᠎ᠤᠨ ᠡᠮᠴᠢᠯᠡᠭᠡᠨ᠎ᠦ ᠢᠯᠢᠬᠦ ᠵᠠᠰᠠᠯ᠎ᠦᠨ ᠮᠡᠷᠬᠡᠵᠢᠯ᠎ᠦᠨ ᠴᠢᠳᠠᠪᠤᠷᠢᠲᠠᠨ᠎ᠢ ᠬᠥᠮᠥᠵᠢᠭᠦᠯᠬᠦ ᠰᠢᠰᠲᠧᠮ᠎ᠢ ᠲᠡᠭᠦᠯᠳᠡᠷᠵᠢᠭᠦᠯᠵᠦ᠂ ᠪᠥᠬᠥ ᠣᠷᠣᠨ᠎ᠤ ᠵᠡᠮᠳᠡᠭᠴᠦᠳ᠎ᠦᠨ ᠠᠵᠢᠯ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠴᠢᠳᠠᠯ᠎ᠢᠶᠠᠨ ᠡᠷᠭᠦᠬᠦ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃