ᠲᠡᠷᠢᠭᠦᠨ ᠨᠢᠭᠤᠷ>ᠬᠦᠮᠦᠨ ᠨᠡᠢᠭᠡᠮ>ᠮᠡᠳᠡᠭᠡ

2026-10-29 09:16:05

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠣᠢᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ ᠤ᠋ ᠪᠠᠲᠤᠯᠠᠭ᠎ᠠ ᠵᠢᠨ ᠲᠣᠪᠴᠢᠶ᠎ᠠ ᠭᠣᠣᠯᠯᠠᠨ ᠡᠷᠬᠢᠯᠡᠵᠦ᠂ ᠤᠯᠠᠭᠠᠨᠴᠠᠪ ᠬᠤᠳᠠ᠎ᠶᠢᠨ ᠡᠮᠴᠢᠯᠡᠭᠡᠨ ᠤ᠋ ᠪᠠᠲᠤᠯᠠᠭ᠎ᠠ ᠵᠢᠨ ᠲᠣᠪᠴᠢᠶ᠎ᠠ ᠳᠠᠭᠠᠭᠠᠨ ᠡᠷᠬᠢᠯᠡᠭᠰᠡᠨ《ᠪᠦᠬᠦ ᠣᠷᠣᠨ᠎ᠤ ᠭᠠᠴᠠᠭ᠎ᠠ ᠲᠣᠰᠬᠣᠨ᠎ᠤ ᠡᠷᠡᠭᠦᠯ ᠬᠠᠮᠠᠭᠠᠯᠠᠯ᠎ᠤᠨ ᠲᠠᠰᠤᠭ᠎ᠤᠨ ᠡᠮ ᠡᠮᠨᠡᠯᠭᠡ᠎ᠶᠢᠨ ᠳᠠᠭᠠᠳᠬᠠᠯ᠎ᠤᠨ ᠳ᠋ᠦᠩᠨᠡᠨ ᠪᠤᠳᠤᠬᠤ ᠪᠣᠯᠪᠠᠰᠤᠷᠠᠯ᠎ᠤᠨ ᠠᠩᠭᠢ》 ᠤᠯᠠᠭᠠᠨᠴᠠᠪ ᠬᠤᠳᠠ᠎ᠳᠤ ᠰᠤᠷᠤᠯᠭ᠎ᠠ ᠡᠬᠢᠯᠡᠵᠦ᠂ ᠪᠦᠬᠦ ᠣᠷᠣᠨ᠎ᠤ 12 ᠠᠢᠮᠠᠭ ᠬᠤᠳᠠ᠎ᠶᠢᠨ ᠡᠮ ᠡᠮᠨᠡᠯᠭᠡ᠎ᠶᠢᠨ ᠳᠠᠭᠠᠳᠬᠠᠯ᠎ᠤᠨ ᠰᠠᠯᠠᠭ᠎ᠠ ᠮᠥᠴᠢᠷ᠎ᠦᠨ 70 ᠭᠠᠷᠤᠢ ᠲᠤᠬᠠᠢᠯᠠᠭᠰᠠᠨ ᠠᠵᠢᠯ᠎ᠤᠨ ᠠᠵᠢᠯᠲᠠᠨ ᠪᠣᠯᠪᠠᠰᠤᠷᠠᠯ᠎ᠳᠤ ᠣᠷᠣᠯᠴᠠᠪᠠ᠃

ᠲᠤᠰ ᠤᠳᠠᠭᠠᠨ᠎ᠤ ᠪᠣᠯᠪᠠᠰᠤᠷᠠᠯ᠎ᠢ 《ᠲᠤᠬᠠᠢ᠎ᠶᠢᠨ ᠭᠠᠵᠠᠷ ᠲᠤᠨᠢ ᠲᠣᠭᠣᠷᠢᠨ ᠦᠵᠡᠬᠦ + ᠲᠤᠷᠰᠢᠯᠭ᠎ᠠ᠎ᠪᠠᠨ ᠬᠤᠪᠢᠶᠠᠯᠴᠠᠬᠤ + ᠶᠠᠷᠢᠯᠴᠠᠨ ᠰᠤᠳᠤᠯᠬᠤ》 ᠬᠡᠯᠪᠡᠷᠢ ᠪᠡᠷ ᠶᠠᠪᠤᠭᠳᠠᠭᠤᠯᠵᠤ᠂ ᠪᠣᠯᠪᠠᠰᠤᠷᠠᠯ᠎ᠳᠤ ᠣᠷᠣᠯᠴᠠᠭᠰᠠᠳ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠱᠦᠢ ᠴᠢᠤᠸᠠᠨ ᠲᠣᠰᠬᠣᠨ᠎ᠤ ᠡᠷᠡᠭᠦᠯ ᠬᠠᠮᠠᠭᠠᠯᠠᠯ᠎ᠤᠨ ᠲᠠᠰᠤᠭ ᠵᠡᠷᠭᠡ ᠳ᠋ᠤ ᠬᠦᠷᠴᠦ ᠲᠤᠬᠠᠢ᠎ᠶᠢᠨ ᠭᠠᠵᠠᠷ ᠲᠤᠨᠢ ᠲᠣᠭᠣᠷᠢᠨ ᠦᠵᠡᠵᠦ᠂ ᠦᠨᠳᠦᠰᠦᠨ ᠱᠠᠲᠤᠨ᠎ᠤ ᠡᠮ ᠡᠮᠨᠡᠯᠭᠡ᠎ᠶᠢᠨ ᠳᠠᠭᠠᠳᠬᠠᠯ᠎ᠤᠨ ᠳ᠋ᠦᠩᠨᠡᠨ ᠪᠣᠳᠣᠯᠲᠠ᠎ᠶᠢ ᠵᠢᠷᠤᠮᠵᠢᠭᠤᠯᠤᠨ ᠠᠵᠢᠯᠯᠠᠭᠤᠯᠬᠤ᠂ ᠡᠳᠦᠷ ᠲᠤᠲᠤᠮ᠎ᠤᠨ ᠲᠤᠬᠠᠢᠯᠠᠭᠰᠠᠨ ᠠᠵᠢᠯ᠎ᠤᠨ ᠬᠠᠮᠢᠶᠠᠷᠤᠯᠲᠠ ᠵᠡᠷᠭᠡ ᠲᠡᠷᠢᠭᠦᠨ᠎ᠦ ᠲᠤᠷᠰᠢᠯᠭ᠎ᠠ᠎ᠶᠢ ᠰᠤᠷᠤᠯᠴᠠᠵᠤ᠂ ᠭᠠᠴᠠᠭ᠎ᠠ ᠲᠣᠰᠬᠣᠨ᠎ᠤ ᠱᠠᠲᠤᠨ᠎ᠤ ᠡᠮ ᠡᠮᠨᠡᠯᠭᠡ᠎ᠶᠢᠨ ᠳᠠᠭᠠᠳᠬᠠᠯ᠎ᠤᠨ ᠳ᠋ᠦᠩᠨᠡᠨ ᠪᠣᠳᠣᠯᠲᠠ᠎ᠶᠢᠨ ᠪᠣᠳᠠᠲᠠᠢ ᠶᠠᠪᠤᠴᠠ᠂ ᠡᠬᠡ ᠲᠠᠩᠰᠠ᠎ᠶᠢᠨ ᠵᠢᠷᠤᠮᠵᠢᠯ ᠪᠠ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡᠨ᠎ᠦ ᠵᠠᠭᠪᠤᠷ᠎ᠢ ᠡᠵᠡᠮᠰᠢᠭᠰᠡᠨ ᠪᠠᠢᠨ᠎ᠠ᠃ ᠲᠤᠷᠰᠢᠯᠭ᠎ᠠ᠎ᠪᠠᠨ ᠬᠤᠪᠢᠶᠠᠯᠴᠠᠬᠤ ᠭᠣᠭᠴᠣᠭ᠎ᠠ᠎ᠳᠤ᠂ ᠤᠯᠠᠭᠠᠨᠴᠠᠪ ᠬᠣᠲᠠ᠎ᠶᠢᠨ ᠡᠮᠴᠢᠯᠡᠭᠡᠨ ᠤ᠋ ᠪᠠᠲᠤᠯᠠᠭ᠎ᠠ ᠵᠢᠨ ᠲᠣᠪᠴᠢᠶ᠎ᠠ ᠦᠨᠳᠦᠰᠦᠨ ᠱᠠᠲᠤᠨ᠎ᠤ ᠡᠮ ᠡᠮᠨᠡᠯᠭᠡ᠎ᠶᠢᠨ ᠳᠠᠭᠠᠳᠬᠠᠯ ᠤ᠋ᠨ ᠠᠵᠢᠯ᠎ᠤᠨ ᠪᠣᠳᠠᠲᠤ ᠪᠠᠢᠳᠠᠯ ᠤ᠋ᠨ ᠣᠬᠣᠷ ᠹᠢᠯᠢᠮ᠎ᠢ ᠨᠡᠪᠲᠡᠷᠡᠭᠦᠯᠬᠦ᠎ᠪᠡᠷ ᠳᠠᠮᠵᠢᠭᠤᠯᠤᠨ᠂ ᠡᠮ ᠡᠮᠨᠡᠯᠭᠡ᠎ᠶᠢᠨ ᠳᠠᠭᠠᠳᠬᠠᠯ᠎ᠤᠨ ᠡᠯᠧᠺᠲᠷᠣᠨ ᠭᠠᠵᠠᠷ᠎ᠤᠨ ᠵᠢᠷᠤᠭ᠎ᠤᠨ ᠪᠥᠬᠥ ᠬᠦᠷᠢᠶ᠎ᠠ ᠴᠠᠷᠠᠭ᠎ᠠ᠎ᠶᠢᠨ ᠪᠦᠷᠬᠦᠯᠲᠡ ᠬᠢᠭᠡᠳ ᠠᠷᠠᠳ᠎ᠲᠤ ᠲᠥᠬᠥᠮ ᠦᠵᠡᠭᠦᠯᠬᠦ ᠴᠢᠳᠠᠮᠵᠢ᠎ᠶᠢ ᠦᠵᠡᠭᠦᠯᠵᠦ᠂ ᠮᠡᠷᠭᠡᠵᠢᠯ᠎ᠦᠨ ᠠᠵᠢᠯᠲᠠᠳ ᠲᠤᠬᠠᠢ᠎ᠶᠢᠨ ᠲᠠᠯᠠᠪᠤᠷ᠎ᠲᠤ ᠹᠦ ᠯᠧ ᠶᠦᠨ ᠡᠮ ᠡᠮᠨᠡᠯᠭᠡ᠎ᠶᠢᠨ ᠳᠠᠭᠠᠳᠬᠠᠯ᠎ᠤᠨ ᠳ᠋ᠦᠩᠨᠡᠨ ᠪᠤᠳᠤᠬᠤ ᠲᠠᠪᠴᠠᠩ᠎ᠤᠨ ᠪᠥᠬᠥ ᠶᠠᠪᠤᠴᠠ᠎ᠶᠢᠨ ᠪᠣᠳᠠᠲᠠᠢ ᠠᠷᠭ᠎ᠠ ᠮᠡᠷᠭᠡᠵᠢᠯ᠎ᠢ ᠲᠠᠢᠯᠪᠤᠷᠢᠯᠠᠨ᠂ ᠠᠵᠢᠯ᠎ᠤᠨ ᠦᠷ᠎ᠡ ᠪᠦᠲᠦᠮᠵᠢ᠎ᠶᠢ ᠪᠥᠬᠥ ᠲᠠᠯ᠎ᠠ᠎ᠪᠠᠷ᠂ ᠪᠣᠰᠣᠭ᠎ᠠ ᠴᠣᠭᠴᠠ ᠪᠡᠷ ᠦᠵᠡᠭᠦᠯᠵᠡᠢ᠃ ᠶᠠᠷᠢᠯᠴᠠᠬᠤ ᠬᠤᠷᠠᠯ ᠳᠡᠭᠡᠷ᠎ᠡ᠂ ᠡᠯ᠎ᠡ ᠠᠢᠮᠠᠭ ᠬᠣᠲᠠ᠎ᠶᠢᠨ ᠪᠣᠯᠪᠠᠰᠤᠷᠠᠯ᠎ᠳᠤ ᠣᠷᠣᠯᠴᠠᠭᠰᠠᠳ ᠡᠮ ᠡᠮᠨᠡᠯᠭᠡ᠎ᠶᠢᠨ ᠳᠠᠭᠠᠳᠬᠠᠯ᠎ᠤᠨ ᠰᠠᠭᠤᠷᠢ ᠮᠥᠩᠭᠥ᠎ᠶᠢᠨ ᠲᠤᠰᠬᠠᠢ ᠴᠡᠭᠴᠡᠯᠡᠨ ᠵᠠᠰᠠᠯᠲᠠ᠂ ᠭᠠᠴᠠᠭ᠎ᠠ ᠲᠣᠰᠬᠣᠨ᠎ᠤ ᠱᠠᠲᠤᠨ᠎ᠤ ᠡᠮ ᠡᠮᠨᠡᠯᠭᠡ᠎ᠶᠢᠨ ᠳᠠᠭᠠᠳᠬᠠᠯ᠎ᠤᠨ ᠰᠢᠭᠤᠳ ᠳ᠋ᠦᠩᠨᠡᠨ ᠪᠣᠳᠣᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠂ ᠦᠨᠳᠦᠰᠦᠨ ᠱᠠᠲᠤᠨ᠎ᠤ ᠡᠮ ᠡᠮᠨᠡᠯᠭᠡ᠎ᠶᠢᠨ ᠳᠠᠭᠠᠳᠬᠠᠯ᠎ᠤᠨ ᠦᠢᠯᠡᠴᠢᠯᠡᠭᠡᠨ᠎ᠦ ᠰᠢᠰᠲᠧᠮ᠎ᠤᠨ ᠪᠠᠢᠭᠤᠯᠤᠯᠲᠠ ᠵᠡᠷᠭᠡ ᠭᠣᠣᠯᠳᠠᠯᠭ᠎ᠠ᠎ᠲᠠᠢ ᠠᠵᠢᠯ᠎ᠤᠨ ᠲᠣᠭᠣᠷᠢᠨ᠎ᠳᠤ ᠭᠦᠨᠵᠡᠭᠡᠢ ᠰᠣᠯᠢᠯᠴᠠᠭ᠎ᠠ ᠬᠢᠵᠦ᠂ ᠬᠠᠷᠢᠯᠴᠠᠨ ᠰᠤᠷᠤᠯᠴᠠᠵᠤ ᠬᠠᠷᠢᠯᠴᠠᠨ ᠯᠠᠪᠯᠠᠯᠲᠠ ᠪᠣᠯᠭᠠᠪᠠ᠃

— ᠲᠤᠰ ᠤᠳᠠᠭᠠᠨ᠎ᠤ ᠪᠣᠯᠪᠠᠰᠤᠷᠠᠯ ᠨᠢ ᠦᠨᠳᠦᠰᠦᠨ ᠱᠠᠲᠤᠨ᠎ᠤ ᠠᠵᠢᠯ᠎ᠤᠨ ᠪᠣᠳᠠᠲᠤ ᠪᠠᠢᠳᠠᠯ᠎ᠲᠠᠢ ᠨᠢᠭ᠍ᠲᠠ ᠤᠶᠠᠯᠳᠤᠵᠦ᠂ ᠬᠠᠨᠳᠤᠯᠭᠠᠲᠤ ᠴᠢᠨᠠᠷ᠂ ᠵᠢᠯᠤᠭᠣᠳᠬᠤ ᠴᠢᠨᠠᠷ᠎ᠢᠶᠠᠷ ᠴᠢᠩᠭ᠎ᠠ ᠪᠠᠢᠨ᠎ᠠ᠂ ᠲᠣᠭᠣᠷᠢᠨ ᠦᠵᠡᠵᠦ ᠰᠤᠷᠤᠯᠴᠠᠬᠤ ᠪᠠ ᠰᠣᠯᠢᠯᠴᠠᠵᠤ ᠰᠤᠳᠤᠯᠤᠨ ᠶᠠᠷᠢᠯᠴᠠᠬᠤ᠎ᠪᠠᠷ ᠳᠠᠮᠵᠢᠭᠤᠯᠤᠨ ᠠᠵᠢᠯᠲᠠᠳ ᠠᠵᠢᠯ᠎ᠤᠨ ᠰᠡᠳᠬᠢᠮᠵᠢ᠎ᠪᠡᠨ ᠤᠯᠠᠮ ᠨᠢᠭᠡ ᠠᠯᠬᠤᠮ ᠲᠣᠳᠣᠷᠬᠠᠢ ᠪᠣᠯᠭᠠᠵᠤ᠂ ᠪᠣᠳᠠᠲᠠᠢ ᠠᠷᠭ᠎ᠠ ᠶ᠋ᠢ ᠪᠣᠯᠪᠠᠰᠤᠷᠠᠩᠭᠤᠢ ᠡᠵᠡᠮᠰᠢᠵᠦ᠂ ᠲᠤᠬᠠᠢᠯᠠᠭᠰᠠᠨ ᠠᠵᠢᠯ᠎ᠤᠨ ᠴᠢᠳᠠᠪᠤᠷᠢ᠎ᠪᠠᠨ ᠳᠡᠭᠡᠭᠰᠢᠯᠡᠭᠦᠯᠦᠯ᠎ᠡ ᠭᠡᠵᠦ ᠪᠠᠶᠠᠨᠨᠠᠭᠤᠷ ᠬᠤᠳᠠ᠎ᠶᠢᠨ ᠡᠮᠴᠢᠯᠡᠭᠡᠨ ᠤ᠋ ᠪᠠᠲᠤᠯᠠᠭ᠎ᠠ ᠵᠢᠨ ᠲᠣᠪᠴᠢᠶ᠎ᠠ ᠶ᠋ᠢᠨ ᠳᠡᠳ᠋ ᠳᠠᠷᠤᠭ᠎ᠠ ᠹᠠᠨ ᠶᠢᠨ ᠰᠢ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄ ᠮᠥᠩᠬᠡᠪᠡᠶᠠᠷ

ᠢᠷᠡᠯᠲᠡ᠄ ᠦᠪᠦᠷ ᠮᠤᠨᠭᠭᠤᠯ᠎ᠤᠨ ᠰᠤᠨᠢᠨ ᠮᠡᠳᠡᠭᠡ ᠵᠢᠨ ᠰᠦᠯᠵᠢᠶ᠎ᠠ
兼容浏览器的HTML页面