2026-10-29 11:46:28

ᠲᠦᠷᠦᠬᠦᠬᠡᠨ᠂ ᠲᠦᠩᠯᠢᠶᠣᠣ ᠬᠣᠲᠠ᠎ᠶᠢᠨ ᠬᠣᠷᠴᠢᠨ ᠲᠣᠭᠣᠷᠢᠭ᠋᠎ᠤᠨ ᠭᠠᠯ ᠰᠡᠷᠬᠡᠢᠯᠡᠵᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠬᠣᠷᠴᠢᠨ ᠲᠣᠭᠣᠷᠢᠭ᠋᠎ᠤᠨ ᠠᠵᠢᠯᠴᠢᠨ᠎ᠤ ᠶᠡᠷᠦᠩᠬᠡᠢ ᠡᠪᠯᠡᠯ᠎ᠲᠠᠢ ᠬᠠᠮᠲᠤᠷᠠᠨ᠂ 2026 ᠣᠨ᠎ᠤ ᠬᠣᠷᠴᠢᠨ ᠲᠣᠭᠣᠷᠢᠭ᠋᠎ᠤᠨ ᠭᠠᠯ ᠰᠡᠷᠭᠡᠢᠯᠡᠵᠤ ᠭᠠᠯ ᠤᠨᠲᠠᠷᠠᠭᠠᠬᠤ ᠠᠵᠢᠯ ᠲᠥᠷᠥᠯ᠎ᠦᠨ ᠮᠡᠷᠭᠡᠵᠢᠯ ᠴᠢᠳᠠᠪᠤᠷᠢ᠎ᠶᠢᠨ ᠤᠷᠤᠯᠳᠤᠭᠠᠨ ᠬᠢᠪᠡ᠃ ᠲᠤᠰ ᠤᠷᠤᠯᠳᠤᠭᠠᠨ ᠪᠤᠯ 2026 ᠣᠨ᠎ᠤ 《119》 ᠭᠠᠯ ᠰᠡᠷᠭᠡᠢᠯᠡᠵᠤ ᠭᠠᠯ ᠤᠨᠲᠠᠷᠠᠭᠠᠬᠤ ᠤᠬᠠᠭᠤᠯᠭ᠎ᠠ᠎ᠶᠢᠨ ᠰᠠᠷ᠎ᠠ᠎ᠶᠢᠨ ᠪᠡᠯᠡᠳᠬᠡᠯ ᠰᠤᠷᠢᠯᠳᠠ ᠪᠠᠢᠵᠤ᠂ ᠬᠠᠷᠢᠶ᠎ᠠ ᠣᠷᠣᠨ᠎ᠤ 11 ᠵᠠᠰᠠᠭ᠎ᠤᠨ ᠣᠷᠳᠣᠨ᠎ᠤ ᠭᠠᠯ ᠰᠡᠷᠭᠡᠢᠯᠡᠵᠤ ᠭᠠᠯ ᠤᠨᠲᠠᠷᠠᠭᠠᠬᠤ ᠲᠤᠰᠬᠠᠢ ᠠᠩᠭᠢ᠂ 22 ᠠᠵᠤ ᠠᠬᠤᠢᠯᠠᠯ᠎ᠤᠨ ᠭᠠᠯ ᠰᠡᠷᠭᠡᠢᠯᠡᠵᠤ ᠭᠠᠯ ᠤᠨᠲᠠᠷᠠᠭᠠᠬᠤ ᠵᠢᠵᠢᠭ ᠦᠷᠳᠡᠭᠡᠨ᠎ᠤ 120 ᠭᠠᠯ ᠤᠨᠲᠠᠷᠠᠭᠠᠬᠤ ᠠᠵᠢᠯᠲᠠᠨ ᠤᠨᠤᠯ᠎ᠤᠨ ᠰᠢᠯᠭᠠᠯᠲᠠ᠂ ᠤᠰᠤ ᠰᠥᠷᠴᠢᠵᠤ ᠭᠠᠯ᠎ᠢ ᠡᠵᠡᠮᠳᠡᠬᠦ᠂ ᠭᠠᠯ ᠤᠨᠲᠠᠷᠠᠭᠠᠭᠤᠷ ᠵᠢᠨᠷ ᠭᠠᠯ ᠤᠨᠳᠠᠷᠠᠭᠠᠬᠤ ᠵᠡᠷᠭᠡ ᠤᠷᠤᠯᠳᠤᠭᠠᠨ ᠳ᠋ᠤ ᠤᠷᠤᠯᠴᠠᠨ᠂ ᠭᠠᠯ ᠰᠡᠷᠭᠡᠢᠯᠡᠵᠤ ᠭᠠᠯ ᠤᠨᠲᠠᠷᠠᠭᠠᠬᠤ ᠡᠮᠥᠨ᠎ᠡ ᠹᠷᠣᠨᠲ᠎ᠤᠨ ᠡᠩᠨᠡᠭᠡᠨ᠎ᠤ ᠪᠣᠳᠠᠲᠤ ᠪᠠᠢᠯᠳᠤᠭᠠᠨ᠎ᠤ ᠴᠢᠳᠠᠪᠤᠷᠢ᠎ᠶᠢ ᠪᠦᠬᠦ ᠲᠠᠯ᠎ᠠ᠎ᠪᠠᠷ ᠰᠢᠯᠭᠠᠨ ᠪᠠᠢᠴᠠᠭᠠᠬᠰᠠᠨ ᠪᠠᠢᠨ᠎ᠠ᠃ ᠵᠢᠷᠤᠭ ᠪᠤᠯ ᠭᠠᠯ ᠤᠨᠳᠠᠷᠠᠭᠠᠬᠤ ᠤᠷᠤᠯᠳᠤᠭᠠᠨ ᠶᠠᠪᠤᠭᠳᠠᠵᠤ ᠪᠠᠢᠭ᠎ᠠ ᠠᠬᠤᠢ ᠲᠠᠯᠠᠪᠠᠢ ᠪᠤᠯᠤᠨ᠎ᠠ᠃
ᠲᠤᠰ ᠰᠤᠨᠢᠨ᠎ᠤ ᠰᠤᠷᠪᠤᠯᠵᠢᠯᠠᠭ᠍ᠴᠢ ᠪᠦᠦ ᠴᠢᠩ ᠱᠧᠩ ᠰᠡᠭᠥᠳᠡᠷᠯᠡᠪᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃