ᠲᠡᠷᠢᠭᠦᠨ ᠨᠢᠭᠤᠷ>ᠬᠦᠮᠦᠨ ᠨᠡᠢᠭᠡᠮ>ᠮᠡᠳᠡᠭᠡ

2026-10-29 20:28:09

ᠵᠣᠬᠢᠶᠠᠭ᠍ᠴᠢ᠄ ​ ᠰᠠᠴᠤᠷᠠᠯ ᠣᠩᠱᠢᠭ᠍ᠰᠠᠨ ᠣᠳᠠᠭ᠎ᠠ᠄ 3

 ᠰᠤᠷᠪᠤᠯᠵᠢᠯᠠᠬᠴᠢ ᠦᠪᠦᠷ ᠮᠤᠩᠭᠤᠯ᠎ᠤᠨ ᠵᠡᠮᠳᠡᠭᠴᠤᠳ᠎ᠤᠨ ᠬᠤᠯᠪᠤᠭ᠎ᠠ ᠡᠴᠡ  ᠤᠢᠯᠠᠭᠠᠬᠰᠠᠨ ᠵᠢᠡᠷ᠂ ᠤᠢᠷ᠎ᠠ᠎ᠳᠤ᠂ ᠦᠪᠦᠷ ᠮᠤᠩᠭᠤᠯ᠎ᠤᠨ ᠵᠡᠮᠳᠡᠭᠴᠦᠳ᠎ᠦᠨ ᠬᠣᠯᠪᠣᠭ᠎ᠠ᠂ ᠦᠪᠦᠷ ᠮᠤᠩᠭᠤᠯ᠎ᠤᠨ ᠬᠠᠷᠠᠭ᠎ᠠ ᠠᠯᠳᠠᠬᠰᠠᠳ᠎ᠤᠨ ᠨᠡᠢᠭᠡᠮᠯᠢᠭ᠎ᠡᠴᠡ ᠭᠣᠣᠯᠯᠠᠨ ᠡᠷᠭᠢᠯᠡᠭᠰᠡᠨ《ᠠᠶᠠᠯᠭᠤ ᠳᠠᠭᠤᠤ ᠪᠡᠷ ᠵᠢᠡᠨ ᠲᠠᠯ᠎ᠠ ᠨᠤᠲᠤᠭ᠎ᠢ  ᠬᠡᠷᠡᠯᠲᠦᠬᠦᠯᠵᠦ᠂ ᠬᠡᠷᠡᠯ ᠭᠢᠯᠪᠠᠭ᠎ᠠ᠎ᠶᠢ ᠬᠥᠭᠡᠭᠡᠴᠡᠯᠳᠦᠨ ᠠᠶᠠᠯᠠᠨ᠎ᠠ ︱ ᠪᠥᠬᠥ ᠣᠷᠣᠨ᠎ᠤ ᠬᠠᠷᠠᠭ᠎ᠠ ᠠᠯᠳᠠᠬᠰᠠᠳ᠎ᠤᠨ ᠳᠠᠭᠤᠤ᠎ᠶᠢᠨ ᠤᠷᠤᠯᠳᠤᠭᠠᠨ》 ᠪᠤᠭᠤᠲᠤ ᠬᠣᠲᠠ᠎ᠳᠤ ᠶᠠᠪᠤᠭᠳᠠᠵᠦ᠂ ᠪᠦᠬᠦ ᠣᠷᠣᠨ᠎ᠤ 12 ᠠᠢᠮᠠᠭ ᠬᠤᠳᠠ᠎ᠠᠴᠠ ᠬᠦᠷᠦᠯᠴᠡᠨ ᠢᠷᠡᠭᠰᠡᠨ 42 ᠬᠠᠷᠠᠭ᠎ᠠ ᠠᠯᠳᠠᠬᠰᠠᠳ ᠤᠷᠤᠯᠳᠤᠭᠠᠨ᠎ᠳᠤ ᠤᠷᠤᠯᠴᠠᠪᠠ᠃

ᠤᠢᠯᠠᠭᠠᠬᠰᠠᠨ ᠵᠢᠡᠷ᠂ ᠤᠷᠤᠯᠳᠤᠭᠠᠨ᠎ᠤ ᠠᠬᠤᠢ ᠲᠠᠯᠠᠪᠠᠢ᠎ᠶᠢᠨ ᠠᠭᠤᠷ ᠠᠮᠢᠰᠬᠤᠯ ᠬᠦᠷ  ᠬᠥᠭᠵᠢᠶᠡᠨ ᠵᠢᠡᠷ ᠪᠢᠯᠬᠠᠵᠦ᠂ ᠤᠷᠤᠯᠴᠠᠬᠴᠢ ᠰᠢᠪᠠᠭ᠎ᠠ ᠰᠤᠭᠤᠯᠤᠬᠰᠠᠨ ᠲᠡᠰ ᠳᠠᠷᠠᠭᠠᠯᠠᠯ᠎ᠢᠶᠠᠷ ᠵᠢᠡᠨ ᠲᠠᠢᠰᠠᠨ᠎ᠳᠤ ᠭᠠᠷᠴᠤ᠂ ᠦᠨᠳᠦᠰᠦᠲᠡᠨ᠎ᠤ ᠳᠠᠭᠤᠤ᠂ ᠴᠢᠯᠦᠭᠡᠲᠦ ᠳᠠᠭᠤᠤ᠂ ᠲᠠᠯ᠎ᠠ ᠨᠤᠲᠤᠭ᠎ᠤᠨ ᠳᠠᠭᠤᠤ ᠵᠡᠷᠭᠡ ᠤᠯᠠᠨ ᠡᠰᠢᠲᠦ ᠳᠠᠭᠤᠯᠠᠬᠤᠢ᠎ᠵᠢᠨ ᠠᠷᠭ᠎ᠠ᠎ᠪᠠᠷ 《ᠳᠤᠮᠳᠠᠳᠤ᠎ᠪᠠᠨ ᠬᠠᠢᠷᠠᠯᠠᠨ᠎ᠠ》 ᠂ 《ᠤᠯᠠᠭᠠᠨ ᠲᠤᠭ ᠨᠠᠮᠢᠷᠠᠨ᠎ᠠ》 ᠵᠡᠷᠭᠡ ᠳᠠᠭᠤᠤ᠎ᠶᠢ ᠭᠦᠨ ᠰᠡᠳᠬᠢᠯᠭᠡ᠎ᠲᠠᠢ᠎ᠪᠡᠷ ᠳᠠᠭᠤᠯᠠᠪᠠ᠃ ᠴᠢᠩ ᠦᠨᠡᠨᠴᠢ ᠳᠠᠭᠤᠤ᠎ᠶᠢᠨ ᠦᠭᠡ ᠠᠶᠠᠰ ᠨᠢ ᠰᠢᠨ᠎ᠡ ᠴᠠᠭ ᠦᠶ᠎ᠡ᠎ᠶᠢᠨ ᠵᠡᠮᠳᠡᠭᠴᠤᠳ᠎ᠤᠨ ᠬᠦᠴᠦᠷᠬᠡᠭᠵᠢᠬᠦ᠎ᠪᠡᠷ ᠬᠦᠴᠦᠯᠡᠨ ᠴᠢᠷᠮᠠᠢᠬᠤ᠂ ᠠᠮᠢᠳᠤᠷᠠᠯ᠎ᠳᠤ ᠬᠠᠢᠷᠠᠲᠠᠢ᠂ ᠴᠤᠭ ᠪᠠᠳᠠᠷᠠᠩᠭᠤᠢ ᠥᠭᠡᠳᠡᠯᠡᠨ ᠳᠠᠪᠰᠢᠬᠤ ᠤᠶᠤᠨ ᠰᠠᠨᠠᠭᠠᠨ᠎ᠤ ᠳᠦᠷᠰᠦ ᠪᠠᠢᠳᠠᠯ᠎ᠢ ᠭᠦᠢᠴᠡᠳ ᠬᠠᠷᠠᠭᠤᠯᠵᠠᠢ᠃ ᠲᠤᠬᠠᠢ᠎ᠶᠢᠨ ᠲᠠᠯᠠᠪᠤᠷ᠎ᠤᠨ ᠬᠤᠷᠴᠠ ᠰᠢᠷᠦᠬᠦᠨ ᠮᠥᠷᠥᠢᠴᠡᠭᠡᠨ᠎ᠢᠶᠡᠷ  ᠳᠡᠮᠵᠢᠨ᠂ ᠤᠷᠤᠯᠳᠤᠭᠠᠨ᠎ᠤ ᠨᠢᠭᠡᠳᠦᠭᠡᠷ ᠳᠡᠰ᠎ᠤᠨ ᠱᠠᠩᠨᠠᠯ᠎ᠳᠤ 1 ᠨᠡᠷᠡᠰ᠂ ᠬᠣᠶᠠᠳᠤᠭᠠᠷ ᠳᠡᠰ᠎ᠤᠨ ᠱᠠᠩᠨᠠᠯ᠎ᠳᠤ 2 ᠨᠠᠷᠡᠰ᠂ ᠭᠤᠷᠪᠠᠳᠤᠭᠠᠷ ᠳᠡᠰ᠎ᠤᠨ ᠱᠠᠩᠨᠠᠯ᠎ᠳᠤ 3 ᠨᠡᠷᠡᠰ᠎ᠢ ᠰᠢᠯᠭᠠᠷᠠᠭᠤᠯᠪᠠ᠃ ᠤᠷᠤᠯᠳᠤᠭᠠᠨ ᠳᠠᠭᠤᠰᠤᠭᠰᠠᠨ᠎ᠤ ᠲᠠᠷᠠᠭ᠎ᠠ᠂ ᠪᠦᠬᠦ ᠬᠥᠮᠥᠰ᠎ᠢ ᠵᠤᠬᠢᠶᠠᠨ ᠪᠠᠢᠭᠤᠯᠵᠦ ᠪᠤᠭᠤᠲᠦ᠎ᠵᠢᠨ ᠤᠯᠤᠰ ᠵᠢᠡᠨ ᠬᠠᠢᠷᠠᠯᠠᠬᠤ ᠬᠦᠮᠦᠵᠢᠯ᠎ᠤᠨ ᠰᠠᠭᠤᠷᠢᠨ ᠪᠤᠯᠬᠤ ᠤᠮᠠᠷᠠᠲᠤ᠎ᠶᠢᠨ ᠴᠡᠷᠢᠭ᠎ᠦᠨ ᠵᠡᠪᠰᠡᠭ᠎ᠦᠨ ᠬᠤᠳᠠ᠎ᠳᠤ ᠬᠦᠷᠴᠦ ᠬᠤᠪᠢᠰᠬᠠᠯᠲᠦ ᠬᠦᠮᠦᠵᠢᠯ᠎ᠤᠨ ᠲᠤᠭᠤᠷᠢᠨ ᠰᠤᠷᠤᠯᠴᠠᠬᠤ ᠠᠵᠢᠯᠯᠠᠭ᠎ᠠ ᠥᠷᠨᠢᠭᠦᠯᠵᠦ᠂ ᠤᠯᠠᠨ ᠵᠢᠡᠷ ᠵᠢᠠᠨ ᠰᠠᠢᠨ ᠳᠤᠷ᠎ᠠ᠎ᠶᠢᠨ ᠠᠵᠢᠯᠯᠠᠭᠰᠠᠳ᠎ᠤᠨ ᠪᠠᠷ᠎ᠠ ᠪᠤᠯᠤᠯᠭ᠎ᠠ᠎ᠲᠠᠢ᠎ᠪᠠᠷ ᠲᠠᠢᠯᠤᠮᠵᠢ᠎ᠶᠢ ᠰᠣᠨᠣᠰᠴᠤ᠂ ᠦᠵᠡᠭᠦᠯᠭᠡ᠎ᠶᠢᠨ ᠵᠦᠢᠯᠡᠰ᠎ᠢ ᠪᠡᠶᠡᠴᠢᠯᠡᠨ ᠤᠢᠯᠠᠭᠠᠵᠦ᠂ ᠨᠠᠮ᠎ᠢᠶᠠᠨ ᠬᠠᠢᠷᠠᠯᠠᠬᠤ ᠤᠯᠤᠰ᠎ᠢᠶᠠᠨ ᠬᠠᠢᠷᠠᠯᠠᠬᠤ ᠰᠡᠳᠬᠢᠯᠭᠡ᠎ᠪᠠᠨ ᠵᠤᠵᠠᠭᠠᠳᠬᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠵᠢ ᠠᠬᠢᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面