ᠲᠡᠷᠢᠭᠦᠨ ᠨᠢᠭᠤᠷ>ᠬᠦᠮᠦᠨ ᠨᠡᠢᠭᠡᠮ>ᠮᠡᠳᠡᠭᠡ

2026-11-04 11:32:09

ᠵᠣᠬᠢᠶᠠᠭ᠍ᠴᠢ᠄ ​ ᠼᠠᠢ ᠬᠤᠡᠭ ᠣᠩᠱᠢᠭ᠍ᠰᠠᠨ ᠣᠳᠠᠭ᠎ᠠ᠄ 3

ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠳᠡᠭᠡᠨ ᠤ᠋ ᠠᠯᠪᠠᠨ ᠭᠡᠷ ᠤ᠋ᠨ ᠬᠤᠷᠠᠯᠳᠤᠭᠤᠯᠤᠭᠰᠠᠨ ᠪᠡᠭᠡᠵᠢᠡᠭ ᠦᠪᠦᠷ ᠮᠤᠡᠭᠭᠤᠯ ᠤ᠋ᠨ ᠬᠠᠮᠵᠢᠯᠴᠠᠭ᠎ᠠ ᠶ᠋ᠢᠨ 30 ᠵᠢᠯ ᠤ᠋ᠨ ᠲᠤᠰᠬᠠᠢ ᠰᠡᠳᠦᠪᠲᠦ ᠰᠤᠨᠢᠨ ᠮᠡᠳᠡᠭᠡ ᠨᠡᠢᠲᠡᠯᠡᠬᠦ ᠬᠤᠷᠠᠯ ᠡᠴᠡ ᠤᠢᠯᠠᠭᠠᠭᠰᠠᠨ ᠶ᠋ᠢᠡᠷ᠂ 1996 ᠤᠨ ᠡᠴᠡ ᠨᠠᠭᠠᠰᠢ ᠤᠳᠤᠬᠠᠨ ᠪᠤᠯᠲᠠᠯ᠎ᠠ ᠪᠡᠭᠡᠵᠢᠡᠭ ᠬᠤᠲᠠ  ᠪᠠᠭᠰᠢ ᠪᠠ ᠡᠮᠴᠢ ᠪᠡᠷ ᠭᠤᠤᠯ ᠪᠤᠯᠭᠠᠨ ᠦᠪᠤᠷ ᠮᠤᠩᠭᠤᠯ ᠳ᠋ᠤ ᠨᠡᠢᠲᠡ 1.4 ᠲᠦᠮᠡᠨ ᠴᠢᠳᠠᠪᠤᠷᠢᠲᠠᠨ ᠲᠤᠮᠢᠯᠠᠪᠠ᠃

ᠤᠢᠯᠠᠭᠠᠭᠰᠠᠨ ᠶ᠋ᠢᠡᠷ᠂ 2010 ᠤᠨ ᠡᠴᠡ ᠨᠠᠭᠠᠰᠢ ᠪᠡᠭᠡᠵᠢᠡᠭ ᠬᠤᠲᠠ ᠶ᠋ᠢᠨ ᠬᠢᠨ ᠤᠷᠢᠳ ᠬᠤᠵᠢᠳ 8 ᠪᠦᠯᠦᠭ ᠤᠳᠠᠭ᠎ᠠ ᠶ᠋ᠢᠨ 647 ᠨᠡᠷ᠎ᠠ ᠨᠠᠮ ᠵᠠᠰᠠᠭ ᠤ᠋ᠨ ᠺᠠᠳ᠋ᠷ ᠢ᠋ ᠦᠪᠤᠷ ᠮᠤᠩᠭᠤᠯ ᠳ᠋ᠦ ᠲᠤᠮᠢᠯᠠᠨ ᠲᠦᠷ ᠴᠠᠭ ᠤ᠋ᠨ ᠲᠤᠰᠢᠶᠠᠯ ᠡᠭᠦᠷᠭᠡᠯᠡᠭᠦᠯᠵᠦ᠂ 80% ᠰᠢᠬᠠᠮ ᠤ᠋ᠨ ᠺᠠᠳ᠋ᠷ ᠦᠨᠳᠦᠰᠦᠨ ᠱᠠᠳᠤᠨ ᠳ᠋ᠦ ᠭᠦᠨᠵᠡᠭᠡᠢᠷᠡᠵᠦ ᠂ ᠠᠵᠤ ᠦᠢᠯᠡᠰ ᠢ᠋ ᠬᠦᠭᠵᠢᠭᠦᠯᠬᠦ᠂ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ᠂ ᠠᠷᠠᠳ ᠤ᠋ᠨ ᠠᠮᠢᠳᠤᠷᠠᠯ ᠢ᠋ ᠪᠠᠲᠤᠯᠠᠨ ᠰᠠᠢᠵᠢᠷᠠᠭᠤᠯᠬᠤ᠂ ᠰᠤᠶᠤᠯ ᠵᠢᠭᠤᠯᠴᠢᠯᠡᠯ ᠢ᠋ ᠠᠭᠤᠰᠤᠯᠴᠠᠭᠤᠯᠤᠨ ᠬᠦᠭᠵᠢᠭᠦᠯᠬᠦ ᠠᠵᠢᠯ ᠳ᠋ᠦ ᠢᠳᠡᠪᠬᠢ ᠬᠤᠪᠢ ᠨᠡᠮᠡᠷᠢ ᠦᠵᠡᠭᠦᠯᠪᠡ᠃ ᠤᠳᠤᠬᠠᠨ ᠳ᠋ᠦ ᠨᠠᠢ᠍ᠮᠠᠳᠤᠭᠠᠷ ᠪᠦᠯᠦᠭ ᠤ᠋ᠨ 123 ᠨᠡᠷ᠎ᠡ ᠲᠦᠷ ᠴᠠᠭ ᠤ᠋ᠨ ᠲᠤᠰᠢᠶᠠᠯ ᠡᠭᠦᠷᠭᠡᠯᠡᠵᠦ ᠪᠠᠢᠭ᠎ᠠ ᠺᠠᠳ᠋ᠷ ᠵᠢᠴᠢ 655 ᠨᠡᠷ᠎ᠠ ᠴᠢᠳᠠᠪᠤᠷᠢᠲᠠᠨ ᠮᠠᠨ ᠤ᠋ ᠤᠷᠤᠨ ᠤ᠋ 7 ᠠᠢᠮᠠᠭ ᠬᠤᠲᠠ᠂ 32 ᠬᠤᠰᠢᠭᠤ ᠰᠢᠶᠠᠨ ᠳ᠋ᠦ ᠭᠦᠨᠵᠡᠭᠡᠢᠷᠡᠨ ᠠᠵᠢᠯᠯᠠᠵᠤ ᠪᠠᠢᠨ᠎ᠠ᠃

30 ᠵᠢᠯ ᠤ᠋ᠨ ᠲᠤᠷᠰᠢ᠂ ᠪᠡᠭᠡᠵᠢᠡᠭ ᠬᠤᠲᠠ ᠶ᠋ᠢᠨ ᠬᠢᠨ ᠦᠪᠡᠷᠲᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ ᠵᠠᠰᠠᠭ ᠤ᠋ᠨ ᠤᠷᠳᠤᠨ ᠤ᠋ ᠳᠡᠮᠵᠢᠯᠭᠡ ᠳ᠋ᠦ ᠲᠦᠰᠢᠭᠯᠡᠨ᠂ ᠭᠤᠤᠯᠳᠠᠯᠭ᠎ᠠ ᠲᠠᠢ ᠲᠦᠷᠦᠯ ᠵᠦᠢᠯ ᠤ᠋ᠨ ᠲᠤᠭᠤᠷᠢᠨ ᠳ᠋ᠦ ᠠᠷᠭ᠎ᠠ ᠤᠬᠠᠭᠠᠨ ᠰᠦᠪᠡᠭᠴᠢᠯᠡᠵᠦ ᠲᠦᠯᠦᠪᠵᠢᠭᠦᠯᠦᠨ ᠪᠠᠢᠷᠢᠰᠢᠭᠤᠯᠵᠤ᠂ ᠪᠡᠭᠡᠵᠢᠡᠭ ᠦᠪᠦᠷ ᠮᠤᠡᠭᠭᠤᠯ ᠤ᠋ᠨ ᠬᠠᠮᠵᠢᠯᠴᠠᠭ᠎ᠠ ᠶ᠋ᠢᠨ 6773 ᠲᠥᠷᠥᠯ ᠵᠦᠢᠯ ᠢ᠋ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠵᠢ ᠠᠬᠢᠭᠤᠯᠪᠠ᠃ ᠪᠡᠭᠡᠵᠢᠩ ᠥᠪᠥᠷ ᠮᠣᠩᠭᠣᠯ ᠤ᠋ᠨ ᠬᠠᠮᠵᠢᠯᠴᠠᠭᠠᠨ ᠤ᠋ ᠠᠵᠤ ᠦᠢᠯᠡᠰ ᠤ᠋ᠨ ᠬᠦᠷᠢᠶᠡᠯᠡᠩ ᠢ᠋ ᠬᠠᠮᠲᠤ ᠪᠡᠷ ᠪᠠᠶ᠋ᠢᠭᠤᠯᠵᠤ᠂ ᠮᠠᠨ ᠤ᠋ ᠤᠷᠤᠨ ᠤ᠋ ᠤᠨᠴᠠᠯᠢᠬᠳᠤ ᠠᠵᠤ ᠦᠢᠯᠡᠰ ᠪᠠ ᠠᠵᠤ ᠦᠢᠯᠡᠰ ᠤ᠋ᠨ ᠪᠦᠯᠦᠭᠵᠢᠯ ᠢ᠋ ᠴᠣᠭᠴᠠᠯᠠᠬᠤ ᠳ᠋ᠤ ᠬᠦᠴᠦᠨ ᠨᠡᠮᠡᠷᠢᠯᠡᠵᠦ᠍᠂ ᠤᠯᠠᠭᠠᠨᠬᠠᠳᠠ ᠵᠢᠨ ᠭᠠᠯᠲᠤ᠌ ᠠᠭᠤᠯᠠ᠂ ᠺᠠᠶ ᠳ᠋ᠠ ᠲᠥᠮᠥᠰᠥ ᠵᠢᠨ ᠦᠢᠯᠡᠰ ᠵᠡᠷᠭᠡ ᠨᠢ ᠪᠡᠭᠡᠵᠢᠩ ᠥᠪᠥᠷ ᠮᠣᠩᠭᠣᠯ ᠤ᠋ᠨ ᠬᠠᠮᠵᠢᠯᠴᠠᠭᠠᠨ ᠤ᠋ ᠪᠡᠯᠭᠡ ᠲᠡᠮᠳᠡᠭ ᠤ᠋ᠨ ᠴᠢᠨᠠᠷᠲᠠᠶ ᠲᠥᠷᠥᠯ ᠵᠦᠢᠯ ᠪᠣᠯᠵᠣ᠂ ᠣᠷᠴᠣᠨ ᠤ᠋ ᠪᠤᠷᠤ ᠮᠠᠭᠠᠵᠢ ᠬᠡᠤᠬᠡᠨ᠂ ᠣᠩᠨᠢᠭᠤᠳ ᠤ᠋ᠨ ᠬᠤᠷ ᠰᠠᠭᠠᠭ ᠤ᠋ᠨ ᠬᠡᠤᠬᠡᠨ ᠵᠡᠷᠭᠡ ᠪᠠᠶᠠᠵᠢᠯ ᠤ᠋ᠨ ᠳᠠᠭᠠᠭᠤᠯᠤᠭᠴᠢ ᠵᠢ ᠬᠦᠮᠦᠵᠢᠬᠦᠯᠵᠠᠢ᠃

30 ᠵᠢᠯ ᠤ᠋ᠨ ᠲᠤᠷᠰᠢ᠂ ᠪᠡᠭᠡᠵᠢᠡᠭ ᠬᠤᠲᠠ ᠶ᠋ᠢᠨ ᠬᠢᠨ ᠰᠤᠷᠭᠠᠨ ᠬᠦᠮᠦᠵᠢᠯ᠂ ᠡᠮ ᠡᠮᠨᠡᠯᠭᠡ ᠶ᠋ᠢᠨ ᠬᠦᠷᠢᠶᠡᠨ ᠳ᠋ᠦ ᠠᠡᠭᠬᠠᠷᠤᠯ ᠶ᠋ᠢᠡᠨ ᠲᠦᠪᠯᠡᠷᠡᠭᠦᠯᠵᠦ᠂ ᠦᠪᠤᠷ ᠮᠤᠩᠭᠤᠯ ᠤ᠋ᠨ ᠲᠠᠯ᠎ᠠ ᠨᠤᠳᠤᠭ ᠤ᠋ᠨ ᠠᠷᠠᠳ ᠲᠦᠮᠡᠨ ᠤ᠋ ᠭᠡᠷ ᠤ᠋ᠨ ᠡᠭᠦᠳᠡᠨ ᠳ᠋ᠡᠭᠡᠨ ᠴᠢᠨᠠᠷ ᠰᠠᠢᠲᠠᠢ ᠰᠤᠷᠭᠠᠨ ᠬᠦᠮᠦᠵᠢᠯ ᠵᠢᠴᠢ ᠡᠮᠴᠢᠯᠡᠭᠡᠨ ᠤ᠋  ᠦᠢᠯᠡᠴᠢᠯᠡᠭᠡ ᠬᠦᠷᠲᠡᠬᠦ ᠵᠢ ᠪᠡᠶᠡᠯᠡᠭᠦᠯᠪᠡ᠃ ᠲᠡᠷᠡ ᠮᠦᠷᠲᠡᠭᠡᠨ ᠠᠵᠢᠯ ᠤᠯᠭᠤᠯᠲᠠ ᠵᠢ ᠪᠦᠬᠦ ᠬᠦᠴᠦᠨ ᠶ᠋ᠢᠡᠷ ᠶ᠋ᠢᠡᠨ ᠠᠬᠢᠭᠤᠯᠵᠤ᠂《ᠬᠤᠸᠠᠳ᠋ᠸ ᠶ᠋ᠢᠨ ᠤᠶᠤᠳᠠᠯᠴᠢᠨ》᠂《ᠲᠦᠴᠦᠸᠠᠨ ᠤ᠋ ᠭᠠᠡᠭᠨᠠᠭᠤᠷᠴᠢᠨ》ᠵᠡᠷᠭᠡ 39 ᠬᠦᠳᠡᠯᠮᠦᠷᠢ ᠦᠢᠯᠡᠴᠢᠯᠡᠭᠡᠨ ᠤ᠋ ᠲᠦᠷᠦᠯ ᠲᠡᠮᠲᠡᠭ ᠢ᠋ ᠴᠤᠭᠴᠠᠯᠠᠵᠤ᠂《ᠨᠢᠭᠡ ᠬᠦᠮᠦᠨ ᠳ᠋ᠦ ᠪᠤᠯᠪᠠᠰᠤᠷᠠᠯ ᠬᠦᠷᠲᠡᠭᠡᠪᠡᠯ ᠨᠢᠭᠡ ᠬᠦᠮᠦᠨ ᠳ᠋ᠦ ᠠᠵᠢᠯ ᠤᠯᠭᠤᠨ ᠨᠢᠭᠡ ᠡᠷᠦᠭᠡ ᠶ᠋ᠢᠨ ᠤᠷᠤᠯᠭ᠎ᠠ ᠵᠢ ᠨᠡᠮᠡᠭᠳᠡᠭᠦᠯᠵᠦ ᠨᠢᠭᠡ ᠪᠦᠯᠦᠭ ᠢ᠋ ᠳᠠᠢᠴᠢᠯᠠᠬᠤ》 ᠬᠠᠷᠠᠯᠲᠠ ᠵᠢ ᠪᠡᠶᠡᠯᠡᠭᠦᠯᠪᠡ᠃

30 ᠵᠢᠯ ᠤ᠋ᠨ ᠲᠤᠷᠰᠢ᠂ ᠪᠡᠭᠡᠵᠢᠡᠭ ᠬᠤᠲᠠ ᠶ᠋ᠢᠨ ᠬᠢᠨ ᠦᠪᠤᠷ ᠮᠤᠩᠭᠤᠯ ᠤ᠋ᠨ 《ᠪᠤᠬᠢᠷᠳᠤᠯ ᠦᠭᠡᠢ ᠪᠦᠲᠦᠭᠡᠭᠳᠡᠭᠦᠨ ᠢ᠋ ᠭᠠᠳᠠᠭᠰᠢ ᠭᠠᠷᠭᠠᠬᠤ》 ᠤᠬᠠᠭᠤᠯᠭ᠎ᠠ ᠲᠠᠨᠢᠯᠴᠠᠭᠤᠯᠭ᠎ᠠ ᠶ᠋ᠢᠨ ᠠᠵᠢᠯᠯᠠᠭ᠎ᠠ ᠵᠢ ᠪᠦᠬᠦ ᠬᠦᠴᠦᠨ ᠵᠢᠡᠷ ᠲᠡᠮᠵᠢᠵᠦ᠂ ᠮᠠᠨ ᠤ᠋ ᠤᠷᠤᠨ ᠤ᠋ ᠰᠢᠯᠢᠳᠡᠭ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠪᠡᠭᠡᠵᠢᠡᠭ ᠳ᠋ᠡᠬᠢ ᠪᠤᠷᠤᠯᠠᠭᠤᠯᠭ᠎ᠠ ᠶ᠋ᠢᠨ ᠵᠠᠬ᠎ᠠ ᠳᠡᠯᠭᠡᠭᠦᠷ ᠢ᠋ ᠦᠷᠭᠡᠳᠭᠡᠪᠡ᠃ ᠮᠠᠨ ᠤ᠋ ᠤᠷᠤᠨ ᠤ᠋ ᠨᠡᠡᠭ ᠤᠯᠠᠨ ᠰᠢᠯᠢᠳᠡᠭ ᠪᠦᠲᠦᠭᠡᠭᠳᠡᠭᠦᠨ ᠪᠡᠭᠡᠵᠢᠡᠭ ᠤ᠋ᠨ ᠠᠷᠠᠳ ᠲᠦᠮᠡᠨ ᠤ᠋ ᠬᠤᠭᠤᠯᠠᠨ ᠰᠢᠷᠡᠭᠡᠨ ᠳ᠋ᠦ ᠭᠠᠷᠴᠤ᠂ ᠪᠡᠭᠡᠵᠢᠡᠭ ᠤ᠋ᠨ ᠬᠤᠪᠴᠠᠰᠤ ᠬᠤᠨᠠᠷ ᠤ᠋ᠨ ᠠᠷᠠᠯᠵᠢᠶᠠᠨ ᠤ᠋ ᠬᠤᠷᠠᠯ᠂ ᠵᠦᠡᠭ ᠭᠤᠸᠠᠨ ᠼᠦᠨ ᠤ᠋ ᠶᠠᠷᠢᠶᠠᠨ ᠤ᠋ ᠲᠠᠪᠴᠠᠡᠭ᠂ ᠮᠦᠡᠭᠭᠦᠨ ᠭᠦᠢᠯᠭᠡᠭᠡᠨ ᠤ᠋ ᠵᠡᠭᠡᠯᠢ ᠶ᠋ᠢᠨ ᠶᠠᠷᠢᠶᠠᠨ ᠤ᠋ ᠲᠠᠪᠴᠠᠡᠭ ᠵᠡᠷᠭᠡ ᠴᠢᠬᠤᠯᠠ ᠶᠡᠬᠡ ᠠᠵᠢᠯᠯᠠᠭ᠎ᠠ ᠳ᠋ᠦ ᠳᠡᠯᠭᠡᠨ ᠪᠤᠷᠤᠯᠠᠭᠤᠯᠤᠭᠳᠠᠵᠤ᠂ 2025 ᠤᠨ  ᠳ᠋ᠤ ᠦᠪᠤᠷ ᠮᠤᠩᠭᠤᠯ ᠤ᠋ᠨ ᠰᠢᠯᠢᠳᠡᠭ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠪᠡᠭᠡᠵᠢᠡᠭ ᠳ᠋ᠡᠬᠢ ᠪᠤᠷᠤᠯᠠᠭᠤᠯᠭ᠎ᠠ ᠶ᠋ᠢᠨ ᠬᠡᠮᠵᠢᠶ᠎ᠡ 326 ᠳ᠋ᠦᠩᠰᠢᠭᠤᠷ ᠲᠥᠭᠥᠷᠢᠭ ᠲᠦ᠍ ᠬᠦᠷᠴᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面