ᠲᠡᠷᠢᠭᠦᠨ ᠨᠢᠭᠤᠷ>ᠬᠦᠮᠦᠨ ᠨᠡᠢᠭᠡᠮ>ᠮᠡᠳᠡᠭᠡ

2026-11-06 16:58:27

ᠵᠣᠬᠢᠶᠠᠭ᠍ᠴᠢ᠄ ​ᠬᠠᠨ ᠯᠢᠩ ᠯᠢᠩ ᠣᠩᠱᠢᠭ᠍ᠰᠠᠨ ᠣᠳᠠᠭ᠎ᠠ᠄ 3

 ᠲᠦᠷᠦᠭᠦᠭᠡᠨ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ 2026 ᠣᠨ᠎ᠤ ᠪᠦᠬᠦ ᠣᠷᠣᠨ᠎ᠤ ᠣᠷᠴᠢᠨ ᠲᠣᠭᠣᠷᠢᠨ᠎ᠤ ᠠᠷᠢᠭᠤᠨ ᠴᠡᠪᠡᠷ ᠢ᠋ ᠬᠠᠮᠠᠭᠠᠯᠠᠬᠤ ᠠᠵᠢᠯᠴᠢᠨ᠎ᠢ ᠲᠥᠪᠯᠡᠷᠡᠭᠦᠯᠦᠨ ᠲᠣᠬᠣᠨᠢᠭᠤᠯᠬᠤ ᠠᠵᠢᠯᠯᠠᠭ᠎ᠠ᠎ᠶᠢ ᠵᠣᠬᠢᠶᠠᠨ ᠪᠠᠢᠭᠤᠯᠤᠨ ᠥᠷᠨᠢᠭᠦᠯᠵᠦ᠂ ᠪᠦᠬᠦ ᠣᠷᠣᠨ᠎ᠤ ᠡᠯ᠎ᠡ ᠱᠠᠲᠤᠨ᠎ᠤ ᠠᠵᠢᠯᠴᠢᠨ᠎ᠤ ᠡᠪᠯᠡᠯ 830 ᠭᠠᠷᠤᠢ ᠲᠦᠮᠡᠨ ᠲᠥᠭᠥᠷᠢᠭ ᠴᠤᠭᠯᠠᠭᠤᠯᠤᠨ 4.3 ᠲᠦᠮᠡ ᠭᠠᠷᠤᠢ ᠣᠷᠴᠢᠨ ᠲᠣᠭᠣᠷᠢᠨ᠎ᠤ ᠠᠷᠢᠭᠤᠨ ᠴᠡᠪᠡᠷ ᠢ᠋ ᠬᠠᠮᠠᠭᠠᠯᠠᠬᠤ ᠠᠵᠢᠯᠴᠢᠨ᠎ᠢ ᠲᠣᠬᠣᠨᠢᠭᠤᠯᠪᠠ᠃

ᠠᠵᠢᠯᠯᠠᠭ᠎ᠠ᠎ᠶᠢᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠦᠨ ᠵᠣᠬᠢᠶᠠᠨ ᠪᠠᠢᠭᠤᠯᠤᠯᠲᠠ᠎ᠶᠢᠨ ᠳᠠᠭᠠᠭᠤᠯᠭ᠎ᠠ ᠳᠣᠣᠷ᠎ᠠ᠂ ᠪᠦᠬᠦ ᠣᠷᠣᠨ᠎ᠤ ᠡᠯ᠎ᠡ ᠱᠠᠲᠤᠨ᠎ᠤ ᠠᠵᠢᠯᠴᠢᠨ᠎ᠤ ᠡᠪᠯᠡᠯ ᠣᠷᠴᠢᠨ ᠲᠣᠭᠣᠷᠢᠨ᠎ᠤ ᠠᠷᠢᠭᠤᠨ ᠴᠡᠪᠡᠷ ᠢ᠋ ᠬᠠᠮᠠᠭᠠᠯᠠᠬᠤ ᠠᠵᠢᠯᠴᠢᠳ᠎ᠤᠨ ᠠᠵᠢᠯ ᠠᠮᠢᠳᠤᠷᠠᠯ᠎ᠤᠨ ᠪᠣᠳᠠᠲᠤ ᠬᠡᠷᠡᠭᠴᠡᠭᠡ᠎ᠳᠦ ᠰᠠᠭᠤᠷᠢᠯᠠᠵᠤ᠂ ᠣᠷᠴᠢᠨ ᠲᠣᠭᠣᠷᠢᠨ᠎ᠤ ᠠᠷᠢᠭᠤᠨ ᠴᠡᠪᠡᠷ ᠢ᠋ ᠬᠠᠮᠠᠭᠠᠯᠠᠬᠤ ᠠᠵᠢᠯ᠎ᠤᠨ ᠲᠤᠬᠠᠢ᠎ᠶᠢᠨ ᠲᠠᠯᠠᠪᠠᠢ᠂ ᠠᠵᠢᠯᠴᠢᠨ᠎ᠤ ᠡᠪᠯᠡᠯ᠎ᠦᠨ ᠤᠯᠠᠭ᠎ᠠ ᠦᠷᠳᠡᠭᠡ ᠵᠡᠷᠭᠡ ᠭᠠᠵᠠᠷ᠎ᠲᠤ ᠭᠦᠨᠵᠡᠭᠡᠢᠷᠡᠨ ᠲᠥᠪᠯᠡᠷᠡᠭᠦᠯᠦᠨ ᠲᠣᠬᠣᠨᠢᠭᠤᠯᠬᠤ ᠠᠵᠢᠯᠯᠠᠭ᠎ᠠ ᠥᠷᠨᠢᠭᠦᠯᠵᠦ᠂ ᠤᠷᠳᠤ ᠬᠤᠭᠤᠴᠠᠭ᠎ᠠ᠎ᠪᠠᠷ ᠨᠢᠭᠡᠳᠦᠭᠡᠷ ᠹᠷᠣᠨᠲ᠎ᠲᠤ ᠠᠵᠢᠯᠯᠠᠵᠤ ᠪᠠᠢᠭ᠎ᠠ ᠣᠷᠴᠢᠨ ᠲᠣᠭᠣᠷᠢᠨ᠎ᠤ ᠠᠷᠢᠭᠤᠨ ᠴᠡᠪᠡᠷ ᠢ᠋ ᠬᠠᠮᠠᠭᠠᠯᠠᠬᠤ ᠠᠵᠢᠯᠴᠢᠳ᠎ᠲᠤ ᠲᠤᠬᠤᠨᠢᠭᠤᠯᠬᠤ ᠡᠳ᠋ ᠪᠣᠳᠠᠰ ᠪᠠ 《ᠪᠦᠬᠦ ᠤᠯᠤᠰ᠎ᠤᠨ ᠣᠷᠴᠢᠨ ᠲᠣᠭᠣᠷᠢᠨ᠎ᠤ ᠠᠷᠢᠭᠤᠨ ᠴᠡᠪᠡᠷ ᠢ᠋ ᠬᠠᠮᠠᠭᠠᠯᠠᠬᠤ ᠠᠵᠢᠯᠴᠢᠳ᠎ᠲᠤ ᠥᠭᠭᠦᠭᠰᠡᠨ ᠲᠣᠬᠣᠨᠢᠭᠤᠯᠬᠤ ᠵᠠᠬᠢᠳᠠᠯ》 ᠢ᠋ ᠬᠦᠷᠭᠡᠪᠡ᠃

ᠲᠥᠪᠯᠡᠷᠡᠭᠦᠯᠦᠨ ᠲᠣᠬᠣᠨᠢᠭᠤᠯᠬᠤ᠂ ᠨᠢᠭᠡᠳᠦᠭᠡᠷ ᠹᠷᠣᠨᠲ᠎ᠢᠶᠠᠷ ᠰᠤᠷᠪᠤᠯᠵᠢᠯᠠᠬᠤ ᠵᠡᠷᠭᠡ ᠤᠯᠠᠮᠵᠢᠯᠠᠯᠲᠤ ᠲᠣᠬᠣᠨᠢᠭᠤᠯᠬᠤ ᠬᠡᠯᠪᠡᠷᠢ᠎ᠶᠢᠨ ᠰᠠᠭᠤᠷᠢᠨ ᠳᠡᠭᠡᠷ᠎ᠡ᠂ ᠡᠯ᠎ᠡ ᠱᠠᠲᠤᠨ᠎ᠤ ᠠᠵᠢᠯᠴᠢᠨ᠎ᠤ ᠡᠪᠯᠡᠯ ᠣᠨᠴᠠᠯᠢᠭ᠍ᠲᠤ ᠠᠵᠢᠯᠯᠠᠭ᠎ᠠ᠎ᠶᠢ ᠨᠠᠷᠢᠨ ᠨᠢᠮᠪᠠᠢ ᠤᠬᠠᠭᠠᠯᠠᠨ ᠲᠥᠯᠥᠪᠯᠡᠵᠦ᠂ ᠰᠢᠨ᠎ᠡ᠎ᠶᠢ ᠡᠭᠦᠳᠬᠦ ᠠᠷᠭ᠎ᠠ ᠬᠡᠮᠵᠢᠶ᠎ᠡ ᠪᠡᠷ ᠲᠣᠬᠣᠨᠢᠭᠤᠯᠬᠤ ᠠᠵᠢᠯᠯᠠᠭ᠎ᠠ᠎ᠶᠢᠨ ᠠᠭᠤᠯᠤᠭᠳᠠᠬᠤᠨ᠎ᠢ ᠲᠠᠰᠤᠷᠠᠯᠲᠠ ᠦᠭᠡᠢ ᠪᠠᠶᠠᠯᠢᠭ᠍ᠵᠢᠭᠤᠯᠪᠠ᠃ ᠬᠥᠬᠡᠬᠣᠲᠠ᠎ᠶᠢᠨ ᠬᠢᠨ 《ᠠᠷᠪᠠᠨ ᠵᠢᠯ᠎ᠦᠨ ᠪᠠᠲᠤ ᠰᠠᠬᠢᠯ·ᠤᠯᠠᠪᠤᠷ ᠬᠤᠪᠴᠠᠰᠤᠲᠠᠨ᠎ᠤ ᠢᠷᠠᠭᠤ ᠠᠯᠳᠠᠷ》 ᠣᠷᠴᠢᠨ ᠲᠣᠭᠣᠷᠢᠨ᠎ᠤ ᠠᠷᠢᠭᠤᠨ ᠴᠡᠪᠡᠷ ᠢ᠋ ᠬᠠᠮᠠᠭᠠᠯᠠᠬᠤ ᠠᠵᠢᠯᠴᠢᠨ᠎ᠤ ᠶᠠᠷᠢᠯᠴᠠᠬᠤ ᠬᠤᠷᠠᠯ ᠡᠷᠭᠢᠯᠡᠵᠦ᠂ ᠠᠵᠢᠯ᠎ᠤᠨ ᠪᠠᠢᠷᠢ᠎ᠪᠠᠨ ᠠᠷᠪᠠᠨ ᠵᠢᠯ ᠪᠠᠲᠤ ᠰᠠᠬᠢᠭ᠍ᠰᠠᠨ ᠠᠬᠠᠮᠠᠳ ᠠᠵᠢᠯᠴᠢᠨ᠎ᠳᠤ《ᠠᠵᠢᠯ᠎ᠤᠨ ᠪᠠᠢᠷᠢ᠎ᠳᠡᠬᠢ ᠰᠡᠭᠦᠲᠡᠷ》 ᠢ᠋ ᠨᠢ ᠬᠦᠷᠬᠡᠪᠡ; ᠤᠯᠠᠭᠠᠨᠬᠠᠳᠠ ᠬᠤᠳᠠ᠎ᠶᠢᠨ ᠬᠢᠨ ᠦᠵᠡᠯ ᠰᠠᠨᠠᠭ᠎ᠠ ᠤᠯᠤᠰ ᠲᠦᠷᠦ᠎ᠪᠡᠷ ᠬᠥᠲᠥᠯᠥᠨ ᠳᠠᠭᠠᠭᠤᠯᠬᠤ ᠪᠠ ᠲᠣᠬᠣᠨᠢᠭᠤᠯᠵᠤ ᠬᠠᠯᠠᠮᠵᠢᠯᠠᠬᠤ᠎ᠶᠢ ᠣᠷᠭᠠᠨᠢᠭ᠋᠎ᠢᠶᠠᠷ ᠤᠶᠠᠯᠳᠤᠭᠤᠯᠵᠤ᠂《ᠡᠳ᠋ ᠪᠣᠳᠠᠰ ᠤ᠋ᠨ ᠲᠣᠬᠣᠨᠢᠭᠤᠯᠭ᠎ᠠ + ᠲᠣᠭᠠᠴᠢᠯᠠᠭᠰᠠᠨ ᠦᠵᠡᠯ ᠰᠠᠨᠠᠭ᠎ᠠ ᠤᠯᠤᠰ ᠲᠦᠷᠦ》 ᠢ᠋ᠢᠨ ᠨᠡᠭᠦᠳᠡᠯ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠦᠨ ᠲᠠᠩᠬᠢᠮ᠎ᠢ ᠪᠠᠢᠭᠤᠯᠵᠤ᠂ ᠬᠠᠢᠷ᠎ᠠ ᠬᠠᠯᠠᠮᠵᠢᠲᠦ ᠥᠷᠯᠥᠭᠡ᠎ᠶᠢᠨ ᠬᠣᠭᠣᠯᠠ᠎ᠶᠢᠨ ᠲᠦᠷᠦᠯ ᠵᠦᠢᠯ᠎ᠢ ᠡᠬᠢᠯᠡᠭᠦᠯᠵᠦ᠂ 2026 ᠣᠨ᠎ᠤ 11 ᠰᠠᠷ᠎ᠠ᠎ᠶᠢᠨ 1 ᠎ᠤ᠋ ᠡᠳᠦᠷ᠎ᠡᠴᠡ 2027 ᠣᠨ᠎ᠤ 3 ᠰᠠᠷ᠎ᠠ᠎ᠶᠢᠨ 31ᠤ᠋ ᠡᠳᠦᠷ ᠪᠣᠯᠲᠠᠯ᠎ᠠ᠂ ᠡᠳᠦᠷ ᠪᠦᠷᠢ 400 ᠨᠡᠷᠡᠰ ᠨᠢᠭᠡᠳᠦᠭᠡᠷ ᠹᠷᠣᠨᠲ᠎ᠤᠨ ᠣᠷᠴᠢᠨ ᠲᠣᠭᠣᠷᠢᠨ᠎ᠤ ᠠᠷᠢᠭᠤᠨ ᠴᠡᠪᠡᠷ ᠢ᠋ ᠬᠠᠮᠠᠭᠠᠯᠠᠬᠤ ᠠᠵᠢᠯᠴᠢᠨ᠎ᠳᠤ ᠰᠦᠢᠳᠬᠡᠯ ᠬᠤᠷᠢᠶᠠᠬᠤ ᠦᠭᠡᠢ᠎ᠪᠡᠷ ᠬᠠᠢᠷ᠎ᠠ ᠬᠠᠯᠠᠮᠵᠢᠲᠦ ᠥᠷᠯᠥᠭᠡ᠎ᠶᠢᠨ ᠬᠣᠭᠣᠯᠠ ᠬᠠᠩᠭᠠᠨ᠎ᠠ᠃ ᠡᠯ᠎ᠡ ᠠᠢᠮᠠᠭ ᠬᠤᠳᠠ᠎ᠶᠢᠨ ᠠᠵᠢᠯᠴᠢᠨ᠎ᠤ ᠡᠪᠯᠡᠯ ᠪᠠᠰᠠ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠬᠠᠢᠷ᠎ᠠ ᠬᠠᠯᠠᠮᠵᠢ᠎ᠶᠢᠨ ᠠᠯᠪᠠᠨ ᠵᠢᠷᠤᠮ᠎ᠤᠨ ᠡᠮᠴᠢᠯᠡᠭᠡ᠂ ᠰᠦᠢᠳᠬᠡᠯ ᠬᠤᠷᠢᠶᠠᠬᠤ ᠦᠭᠡᠢ᠎ᠪᠡᠷ ᠦᠰᠦ ᠵᠠᠰᠠᠬᠤ᠂ ᠶᠠᠷᠢᠯᠴᠠᠨ ᠰᠣᠯᠢᠯᠴᠠᠬᠤ᠂ ᠨᠣᠮ ᠤᠩᠰᠢᠵᠤ ᠬᠤᠪᠢᠶᠠᠯᠴᠠᠬᠤ᠂ ᠲᠦᠷᠦ᠎ᠶᠢᠨ ᠪᠣᠳᠣᠯᠭ᠎ᠠ᠎ᠶᠢᠨ ᠲᠠᠢᠯᠤᠮᠵᠢ ᠬᠢᠬᠦ᠂ ᠺᠢᠨᠣ᠋ ᠦᠵᠡᠬᠦ᠂ ᠰᠣᠨᠢᠷᠬᠠᠯᠲᠦ ᠲᠠᠮᠢᠷ᠎ᠤᠨ ᠤᠷᠤᠯᠳᠤᠭᠠᠨ᠂ ᠬᠠᠢᠷ᠎ᠠ ᠬᠠᠯᠠᠮᠵᠢ᠎ᠶᠢᠨ ᠥᠷᠯᠥᠭᠡ᠎ᠶᠢᠨ ᠬᠣᠭᠣᠯᠠ ᠵᠡᠷᠭᠡ ᠣᠨᠴᠠᠯᠢᠭ᠍ᠲᠤ ᠠᠵᠢᠯᠯᠠᠭ᠎ᠠ᠎ᠥᠷᠨᠢᠭᠦᠯᠵᠦ᠂ ᠥᠷᠭᠡᠨ ᠤᠯᠠᠨ ᠨᠢᠭᠡᠳᠦᠭᠡᠷ ᠹᠷᠣᠨᠲ᠎ᠤᠨ ᠣᠷᠴᠢᠨ ᠲᠣᠭᠣᠷᠢᠨ᠎ᠤ ᠠᠷᠢᠭᠤᠨ ᠴᠡᠪᠡᠷ ᠢ᠋ ᠬᠠᠮᠠᠭᠠᠯᠠᠬᠤ ᠠᠵᠢᠯᠴᠢᠳ᠎ᠲᠤ ᠨᠠᠮ ᠪᠣᠯᠣᠨ ᠵᠠᠰᠠᠭ᠎ᠤᠨ ᠣᠷᠳᠣᠨ᠎ᠤ ᠬᠠᠢᠷ᠎ᠠ ᠬᠠᠯᠠᠮᠵᠢ ᠵᠢᠴᠢ ᠠᠵᠢᠯᠴᠢᠨ᠎ᠤ ᠡᠪᠯᠡᠯ᠎ᠦᠨ ᠵᠣᠬᠢᠶᠠᠨ ᠪᠠᠢᠭᠤᠯᠤᠯᠲᠠ᠎ᠶᠢᠨ ᠳᠣᠲᠣᠨᠣ᠌ ᠬᠠᠢᠷ᠎ᠠ ᠬᠠᠯᠠᠮᠵᠢ᠎ᠶᠢ ᠦᠨᠡᠨ᠎ᠬᠦ ᠮᠡᠳᠡᠷᠡᠭᠦᠯᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面