ᠲᠡᠷᠢᠭᠦᠨ ᠨᠢᠭᠤᠷ>ᠬᠦᠮᠦᠨ ᠨᠡᠢᠭᠡᠮ>ᠮᠡᠳᠡᠭᠡ

2026-11-09 10:29:19

ᠵᠣᠬᠢᠶᠠᠭ᠍ᠴᠢ᠄ ᠬᠠᠨ ᠯᠢᠩ ᠯᠢᠩ ᠣᠩᠱᠢᠭ᠍ᠰᠠᠨ ᠣᠳᠠᠭ᠎ᠠ᠄ 3

ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠬᠥᠳᠡᠯᠭᠡᠭᠡᠨ᠎ᠦ ᠦᠢᠯᠡᠰ ᠪᠠ ᠠᠵᠢᠯᠴᠢᠨ᠎ᠤ ᠡᠪᠯᠡᠯ᠎ᠦᠨ ᠠᠵᠢᠯ᠎ᠤᠨ〈ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠥᠯᠦᠪᠵᠢᠭᠦᠯᠭᠡ》(ᠳᠣᠷᠣᠭ᠍ᠰᠢ《ᠲᠥᠯᠦᠪᠵᠢᠭᠦᠯᠭᠡ》 ᠭᠡᠵᠦ ᠲᠣᠪᠴᠢᠯᠠᠨ᠎ᠠ) ᠵᠢ ᠳᠠᠷᠤᠮᠠᠯᠯᠠᠨ ᠲᠠᠷᠬᠠᠭᠠᠪᠠ᠃ ᠳᠤᠰ 《ᠲᠥᠯᠦᠪᠵᠢᠭᠦᠯᠭᠡ》 ᠪᠣᠯ《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ ᠎ᠦᠨ ᠠᠵᠢᠯ ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠵᠢᠯᠣᠭᠣᠳᠤᠯᠭ᠎ᠠ᠎ᠶᠢᠨ ᠴᠢᠨᠠᠷᠲᠠᠢ ᠪᠢᠴᠢᠭ ᠮᠠᠲᠧᠷᠢᠶᠠᠯ ᠪᠣᠯᠣᠨ᠎ᠠ᠃

《ᠲᠥᠯᠦᠪᠵᠢᠭᠦᠯᠭᠡ》 ᠳ᠋ᠤ ᠵᠥᠪ ᠴᠢᠭᠯᠡᠯ ᠢ᠋ ᠪᠠᠷᠢᠮᠲᠠᠯᠠᠵᠤ᠂ ᠶᠡᠬᠡ ᠲᠠᠯ᠎ᠠ᠎ᠳᠤ ᠦᠢᠯᠡᠴᠢᠯᠡᠬᠦ ᠶ᠋ᠢ ᠪᠠᠷᠢᠮᠲᠠᠯᠠᠵᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠵᠤ᠂ ᠦᠨᠡᠨ ᠢ᠋ ᠪᠠᠷᠢᠮᠲᠠᠯᠠᠨ ᠪᠣᠳᠠᠲᠤ ᠠᠵᠢᠯᠯᠠᠭ᠎ᠠ ᠶ᠋ᠢ ᠡᠷᠬᠢᠮᠯᠡᠬᠦ ᠶ᠋ᠢ ᠪᠠᠷᠢᠮᠲᠠᠯᠠᠵᠤ᠂ ᠠᠵᠢᠯᠴᠢᠨ᠎ᠤ ᠡᠪᠯᠡᠯ᠎ᠦᠨ ᠠᠵᠢᠯ᠎ᠤᠨ ᠵᠥᠪ ᠤᠯᠤᠰ ᠲᠥᠷᠥ᠎ᠶᠢᠨ ᠴᠢᠭᠯᠡᠯ᠎ᠢ ᠪᠠᠲᠤ ᠡᠵᠡᠮᠳᠡᠬᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠦ ᠴᠤᠬᠴᠠᠯᠠᠬᠤ᠂ ᠠᠵᠢᠯᠲᠠᠨ ᠠᠵᠢᠯᠴᠢᠨ᠎ᠤ ᠦᠵᠡᠯ ᠰᠠᠨᠠᠭ᠎ᠠ ᠤᠯᠤᠰ ᠲᠥᠷᠥ᠎ᠶᠢᠨ ᠵᠢᠯᠣᠭᠣᠳᠤᠮᠵᠢ᠎ᠶᠢ ᠴᠢᠩᠭᠠᠳᠬᠠᠬᠤ᠂ ᠪᠦᠬᠦ ᠣᠷᠣᠨ ᠎ᠤ ᠠᠵᠢᠯᠲᠠᠨ ᠠᠵᠢᠯᠴᠢᠨ ᠎ᠢ ᠳᠠᠶ᠋ᠢᠴᠢᠯᠠᠨ ᠵᠣᠷᠢᠭ᠍ᠵᠢᠭᠤᠯᠵᠤ《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠪᠦᠲᠦᠭᠡᠨ ᠪᠠᠶ᠋ᠢᠭᠤᠯᠬᠤ ᠠᠮᠢᠳᠤᠯᠢᠭ᠋ ᠦᠢᠯᠡᠳᠦᠯᠭᠡ᠎ᠳᠦ ᠣᠷᠣᠯᠴᠠᠭᠤᠯᠬᠤ᠂ ᠪᠦᠬᠦ ᠣᠷᠣᠨ᠎ᠤ ᠠᠵᠢᠯᠲᠠᠨ ᠠᠵᠢᠯᠴᠢᠨ᠎ᠢ ᠳᠠᠭᠠᠭᠤᠯᠤᠨ ᠭᠠᠪᠢᠶ᠎ᠠ ᠪᠠᠢᠭᠤᠯᠤᠨ ᠦᠢᠯᠡᠰ ᠪᠦᠲᠦᠭᠡᠵᠦ ᠰᠢᠨ᠎ᠡ᠎ᠶᠢ ᠡᠭᠦᠳᠦᠨ ᠪᠦᠲᠦᠭᠡᠬᠦ᠂ ᠠᠵᠤ ᠦᠢᠯᠡᠰ᠎ᠦᠨ ᠠᠵᠢᠯᠴᠢᠨ᠎ᠤ ᠡᠩᠨᠡᠭᠡ᠎ᠶᠢᠨ ᠪᠠᠢᠭᠤᠯᠤᠯᠲᠠ ᠢ᠋ᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠂ ᠡᠷᠬᠡ ᠠᠰᠢᠭ᠋᠎ᠢᠶᠠᠨ ᠬᠠᠮᠠᠭᠠᠯᠠᠬᠤ ᠦᠢᠯᠡᠴᠢᠯᠡᠭᠡᠨ᠎ᠦ ᠠᠵᠢᠯ᠎ᠤᠨ ᠴᠢᠨᠠᠷ ᠴᠢᠨᠰᠠᠭ᠎ᠠ ᠦᠷ᠎ᠡ ᠠᠰᠢᠭ᠋᠎ᠢ ᠳᠡᠭᠡᠭᠰᠢᠯᠡᠭᠦᠯᠬᠦ᠂ ᠭᠣᠣᠯᠳᠠᠯᠭ᠎ᠠ᠎ᠲᠠᠢ ᠪᠦᠯᠬᠦᠮ ᠨᠡᠢᠲᠡ ᠢ᠋ᠢᠨ ᠪᠠᠴᠢᠮᠲᠠᠵᠦ ᠬᠦᠴᠢᠷᠲᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠲᠠᠯ ᠢ᠋ ᠠᠩᠬᠠᠷᠤᠨ ᠰᠢᠢᠳᠪᠦᠷᠢᠯᠡᠬᠦ᠂ ᠠᠵᠢᠯᠴᠢᠨ᠎ᠤ ᠡᠪᠯᠡᠯ᠎ᠦᠨ ᠠᠵᠢᠯ᠎ᠤᠨ ᠬᠠᠤᠯᠢ ᠪᠡᠷ ᠵᠠᠰᠬᠠᠤ ᠪᠠᠢᠭᠤᠯᠤᠯᠲᠠ᠎ᠶᠢ ᠠᠬᠢᠭᠤᠯᠬᠤ᠂ ᠠᠵᠢᠯᠴᠢᠨ᠎ᠤ ᠡᠪᠯᠡᠯ ᠎ᠦᠨ ᠵᠣᠬᠢᠶᠠᠨ ᠪᠠᠢᠭᠤᠯᠤᠯᠲᠠ᠎ᠶᠢᠨ ᠰᠢᠰᠲᠧᠮ ᠢ᠋ ᠬᠦᠴᠦᠷᠭᠡᠭᠵᠢᠭᠦᠯᠦᠨ ᠪᠠᠢᠭᠤᠯᠬᠤ᠂ ᠠᠵᠢᠯᠴᠢᠨ᠎ᠤ ᠡᠪᠯᠡᠯ ᠎ᠦᠨ ᠥᠭᠡᠷᠡᠴᠢᠯᠡᠯᠲᠡ ᠪᠠ ᠪᠠᠢᠭᠤᠯᠤᠯᠲᠠ᠎ᠶᠢ ᠭᠦᠨᠵᠡᠭᠡᠢᠷᠡᠭᠦᠯᠬᠦ ᠵᠡᠷᠭᠡ 11 ᠲᠠᠯ᠎ᠠ ᠪᠠᠷ ᠠᠵᠢᠯᠴᠢᠨ᠎ᠤ ᠡᠪᠯᠡᠯ ᠎ᠦᠨ ᠭᠣᠣᠯᠳᠠᠯᠭ᠎ᠠ᠎ᠲᠠᠢ ᠠᠵᠢᠯ᠎ᠤᠨ ᠡᠭᠦᠷᠭᠡ᠎ᠶᠢ ᠬᠦᠷᠢᠶ᠎ᠡ ᠬᠤᠪᠢᠶᠠᠨ ᠪᠠᠢᠷᠢᠯᠠᠭᠤᠯᠬᠤ᠎ᠶᠢᠨ ᠬᠠᠮᠲᠤ᠂ ᠤᠷᠠᠨ ᠳᠠᠷᠬᠠᠨ᠎ᠤ ᠤᠷ᠎ᠠ ᠮᠡᠷᠭᠡᠵᠢᠯ᠎ᠦᠨ ᠴᠢᠳᠠᠪᠤᠷᠢᠲᠠᠨ᠎ᠢ ᠬᠥᠮᠥᠵᠢᠭᠦᠯᠬᠦ᠂ ᠬᠥᠳᠡᠯᠮᠦᠷᠢ᠎ᠶᠢᠨ ᠵᠢᠱ᠌ᠢᠶᠡᠴᠢ ᠤᠷᠠᠨ ᠳᠠᠷᠬᠠᠨ᠎ᠤ ᠰᠢᠨ᠎ᠡ᠎ᠶᠢ ᠡᠭᠦᠳᠬᠦ ᠠᠵᠢᠯᠯᠠᠬᠤ ᠦᠷᠦᠭᠡ᠂ ᠠᠵᠢᠯᠴᠢᠨ᠎ᠤ ᠡᠪᠯᠡᠯ᠎ᠦᠨ ᠠᠵᠢᠯ ᠣᠯᠭᠣᠬᠤ ᠦᠢᠯᠡᠴᠢᠯᠡᠭᠡ᠂ ᠠᠵᠢᠯᠴᠢᠨ᠎ᠤ ᠡᠪᠯᠡᠯ᠎ᠢ ᠪᠠᠢᠭᠤᠯᠵᠤ ᠠᠵᠢᠯᠴᠢᠨ᠎ᠤ ᠡᠪᠯᠡᠯ᠎ᠳᠦ ᠣᠷᠣᠭᠤᠯᠬᠤ ᠵᠡᠷᠭᠡ ᠲᠠᠯ᠎ᠠ᠎ᠶᠢᠨ ᠪᠣᠳᠠᠲᠠᠢ ᠭᠦᠢᠴᠡᠳᠬᠡᠬᠦ ᠲᠣᠭ᠎ᠠ᠎ᠶᠢ ᠲᠣᠳᠣᠷᠬᠠᠢᠯᠠᠪᠠ᠃

《ᠲᠥᠯᠦᠪᠵᠢᠭᠦᠯᠭᠡ》 ᠳ᠋ᠤ ᠠᠵᠢᠯᠴᠢᠨ ᠎ᠤ ᠡᠪᠯᠡᠯ᠎ᠦᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠢ ᠲᠣᠬᠢᠷᠠᠭᠤᠯᠵᠤ᠂ ᠠᠵᠢᠯᠴᠢᠨ ᠎ᠤ ᠡᠪᠯᠡᠯ᠎ᠦᠨ ᠬᠥᠳᠡᠯᠮᠦᠷᠢ ᠪᠠ ᠠᠵᠤ ᠠᠬᠤᠢ᠎ᠶᠢᠨ ᠠᠵᠢᠯ᠂ ᠠᠵᠤ ᠦᠢᠯᠡᠰ᠎ᠦᠨ ᠠᠵᠢᠯᠴᠢᠨ ᠎ᠤ ᠡᠩᠨᠡᠭᠡᠨ ᠎ᠦ ᠪᠠᠢᠭᠤᠯᠤᠯᠲᠠ᠎ᠶᠢᠨ ᠥᠭᠡᠷᠡᠴᠢᠯᠡᠯᠲᠡ᠂ ᠠᠵᠢᠯᠴᠢᠨ᠎ᠤ ᠡᠪᠯᠡᠯ᠎ᠦᠨ ᠡᠷᠬᠡ᠎ᠪᠡᠨ ᠬᠠᠮᠠᠭᠠᠯᠠᠬᠤ ᠦᠢᠯᠡᠴᠢᠯᠡᠭᠡ᠂ ᠭᠣᠣᠯᠳᠠᠯᠭ᠎ᠠ᠎ᠲᠠᠢ ᠪᠦᠯᠬᠦᠮ ᠨᠡᠢᠲᠡ ᠢ᠋ᠢᠨ ᠡᠷᠬᠡ᠎ᠪᠡᠨ ᠬᠠᠮᠠᠭᠠᠯᠠᠬᠤ ᠦᠢᠯᠡᠴᠢᠯᠡᠭᠡ᠂ ᠠᠵᠢᠯᠴᠢᠨ᠎ᠤ ᠡᠪᠯᠡᠯ᠎ᠦᠨ ᠠᠵᠢᠯ᠎ᠤᠨ ᠬᠠᠤᠯᠢ᠎ᠪᠠᠷ ᠵᠠᠰᠠᠬᠤ ᠪᠠᠢᠭᠤᠯᠤᠯᠲᠠ ᠵᠡᠷᠭᠡ 8 ᠲᠤᠰᠬᠠᠢ ᠪᠤᠯᠤᠩ  ᠢ᠋ ᠲᠤᠬᠢᠷᠠᠭᠤᠯᠬᠤ ᠢ᠋ᠢᠨ ᠬᠠᠮᠲᠦ᠂ ᠰᠤᠷᠭᠠᠨ ᠬᠥᠮᠦᠵᠢᠯ᠎ᠦᠨ ᠲᠤᠰᠢᠶᠠᠯ ᠴᠢᠳᠠᠪᠬᠢ᠂ ᠬᠠᠮᠠᠭᠠᠯᠠᠯᠲᠠ᠎ᠶᠢᠨ ᠲᠤᠰᠢᠶᠠᠯ ᠴᠢᠳᠠᠪᠬᠢ᠂ ᠪᠠᠢᠭᠤᠯᠤᠯᠲᠠ᠎ᠶᠢᠨ ᠲᠤᠰᠢᠶᠠᠯ ᠴᠢᠳᠠᠪᠬᠢ᠂ ᠣᠷᠣᠯᠴᠠᠬᠤ ᠲᠤᠰᠢᠶᠠᠯ ᠴᠢᠳᠠᠪᠬᠢ ᠵᠡᠷᠭᠡ ᠲᠠᠯ᠎ᠠ᠎ᠶᠢᠨ ᠪᠣᠳᠠᠲᠠᠢ ᠬᠠᠷᠠᠯᠲᠠ᠎ᠶᠢ ᠲᠣᠳᠣᠷᠬᠠᠢᠯᠠᠪᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面