2026-11-10 09:32:04
ᠵᠡᠮᠳᠡᠭᠴᠦᠳ᠎ᠦᠨ ᠠᠵᠢᠯ ᠣᠯᠵᠤ ᠦᠢᠯᠡᠰ ᠪᠤᠰᠬᠠᠬᠤ ᠠᠷᠭ᠎ᠠ ᠵᠠᠮ᠎ᠢ ᠤᠯᠠᠮ ᠨᠢᠭᠡ ᠠᠯᠬᠤᠮ ᠥᠷᠭᠡᠳᠬᠡᠬᠦ᠎ᠶᠢᠨ ᠲᠥᠯᠥᠭᠡ ᠤᠢᠷ᠎ᠠ᠎ᠳᠤ ᠥᠪᠥᠷ ᠮᠣᠩᠭᠣᠯ᠎ᠤᠨ ᠴᠢᠩ ᠱᠠᠨ ᠵᠡᠮᠳᠡᠭᠴᠦᠳ᠎ᠦᠨ ᠶᠡᠷᠦᠩᠬᠡᠢᠯᠡᠭᠰᠡᠨ ᠲᠤᠰᠠᠯᠠᠬᠤ ᠴᠢᠨᠠᠷᠲᠠᠢ ᠦᠢᠯᠡᠴᠢᠯᠡᠭᠡᠨ᠎ᠦ ᠲᠦᠪ 2026 ᠣᠨ᠎ᠤ ᠵᠡᠮᠳᠡᠭᠴᠦᠳ᠎ᠦᠨ ᠢᠰᠡᠭᠡᠢ ᠬᠢᠬᠦ ᠤᠷ᠎ᠠ ᠮᠡᠷᠭᠡᠵᠢᠯ᠎ᠤᠨ ᠪᠣᠯᠪᠠᠰᠤᠷᠠᠯ ᠡᠷᠬᠢᠯᠡᠪᠡ᠃
ᠢᠰᠡᠭᠡᠢ ᠬᠢᠬᠦ ᠪᠣᠯ ᠮᠠᠨ᠎ᠤ ᠣᠷᠣᠨ᠎ᠤ ᠲᠥᠯᠥᠭᠡᠯᠡᠬᠦ ᠴᠢᠨᠠᠷᠲᠠᠢ ᠤᠯᠠᠮᠵᠢᠯᠠᠯᠲᠤ ᠦᠨᠳᠦᠰᠦᠲᠡᠨ᠎ᠦ ᠭᠠᠷ ᠤᠷᠠᠯᠠᠯ ᠪᠠᠢᠵᠤ᠂ ᠭᠠᠷ ᠤᠷᠠᠯᠠᠯ ᠨᠢ ᠲᠠᠯᠠᠪᠤᠷ ᠭᠠᠵᠠᠷ᠎ᠤᠨ ᠬᠢᠵᠠᠭᠠᠷᠯᠠᠯ᠎ᠢ ᠬᠦᠯᠢᠶᠡᠬᠦ ᠦᠭᠡᠢ᠂ ᠭᠤᠸ᠎ᠠ ᠲᠠᠭᠠᠰᠢᠶᠠᠯ ᠪᠠ ᠵᠠᠬ᠎ᠠ ᠳᠡᠯᠭᠡᠭᠦᠷ᠎ᠦᠨ ᠦᠨ᠎ᠡ ᠥᠷᠲᠡᠭ᠎ᠲᠠᠢ ᠪᠠᠢᠵᠤ᠂ ᠵᠡᠮᠳᠡᠭᠴᠦᠳ᠎ᠦᠨ ᠭᠡᠷ᠎ᠲᠡᠬᠡᠨ ᠰᠤᠷᠤᠯᠴᠠᠵᠤ ᠦᠢᠯᠡᠳᠦᠯᠭᠡᠵᠢᠭᠦᠯᠬᠦ᠎ᠳᠦ ᠮᠠᠰᠢ ᠲᠣᠬᠢᠷᠠᠳᠠᠭ᠃ ᠲᠤᠰ ᠤᠳᠠᠭᠠᠨ᠎ᠤ ᠪᠣᠯᠪᠠᠰᠤᠷᠠᠯ ᠨᠢ ᠵᠡᠮᠳᠡᠭ ᠤᠯᠠᠨ ᠨᠡᠢᠲᠡ᠎ᠵᠢᠨ ᠪᠣᠳᠠᠲᠠᠢ ᠬᠡᠷᠡᠭᠴᠡᠭᠡ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠤᠨ᠂ ᠤᠯᠠᠮᠵᠢᠯᠠᠯᠲᠤ ᠤᠷ᠎ᠠ ᠮᠡᠷᠭᠡᠵᠢᠯ᠎ᠢ ᠤᠯᠠᠮᠵᠢᠯᠠᠨ ᠵᠠᠯᠭᠠᠮᠵᠢᠯᠠᠬᠤ ᠪᠠ ᠠᠵᠢᠯ ᠣᠯᠭᠣᠯᠲᠠ᠎ᠶᠢᠨ ᠴᠢᠳᠠᠪᠤᠷᠢ ᠡᠵᠡᠮᠰᠢᠬᠦᠯᠬᠦ᠎ᠶᠢ ᠣᠷᠭᠠᠨᠢᠭ᠋᠎ᠢᠶᠠᠷ ᠤᠶᠠᠯᠳᠤᠭᠤᠯᠪᠠ᠃ ᠪᠤᠯᠪᠠᠰᠤᠷᠠᠯᠲᠡᠭᠡᠷᠡ᠂ ᠬᠢᠴᠢᠶᠡᠯᠯᠡᠵᠦ ᠪᠠᠢᠭ᠎ᠠ ᠪᠠᠭ᠍ᠰᠢ ᠨᠠᠷ ᠡᠴᠡ ᠬᠤᠨᠢᠨ ᠨᠣᠣᠰᠣ᠌᠎ᠶᠢ ᠵᠤᠯᠭᠠᠬᠤ᠂ ᠨᠣᠣᠰᠣ᠌᠎ᠶᠢ ᠳᠡᠪᠢᠰᠦᠨ ᠬᠡᠯᠪᠡᠷᠢᠵᠢᠭᠦᠯᠬᠦ᠂ ᠵᠡᠭᠦᠦ ᠬᠠᠳᠬᠤᠬᠤ ᠠᠷᠭ᠎ᠠ ᠪᠠᠷᠢᠯ᠂ ᠵᠡᠬᠦᠦ ᠬᠠᠳᠬᠤᠬᠤ ᠡᠷᠴᠢᠮ᠎ᠢ ᠡᠵᠡᠮᠳᠡᠬᠦ᠂ ᠥᠩᠭᠡ ᠪᠤᠳᠤᠭ᠎ᠢ ᠵᠣᠬᠢᠴᠠᠭᠤᠯᠬᠤ᠂ ᠪᠦᠲᠦᠭᠡᠭᠳᠡᠬᠦᠨ᠎ᠢ ᠵᠠᠰᠠᠬᠤ ᠵᠡᠷᠭᠡ ᠦᠨᠳᠦᠰᠦᠨ ᠠᠵᠢᠯ᠎ᠤᠨ ᠳᠠᠷᠠᠭᠠᠯᠠᠯ᠎ᠢ ᠨᠠᠷᠢᠨ ᠲᠠᠢᠯᠪᠤᠷᠢᠯᠠᠵᠤ᠂ ᠠᠳᠠᠯᠢ ᠪᠤᠰᠤ ᠰᠤᠷᠤᠭ᠍ᠴᠢᠳ᠎ᠤᠨ ᠬᠦᠯᠢᠶᠡᠨ ᠠᠪᠬᠤ ᠴᠢᠳᠠᠪᠤᠷᠢ᠎ᠳᠤ ᠴᠢᠭᠯᠡᠭᠦᠯᠦᠨ ᠨᠢᠭᠡᠳ ᠨᠢᠭᠡ᠎ᠪᠡᠷ ᠵᠢᠱ᠌ᠢᠶ᠎ᠡ ᠦᠵᠡᠭᠦᠯᠵᠦ᠂ ᠬᠦᠯᠢᠴᠡᠩᠭᠦᠢ᠎ᠪᠡᠷ ᠵᠢᠭᠠᠨ ᠵᠢᠯᠣᠭᠣᠳᠪᠠ᠃ ᠡᠬᠦᠨ᠎ᠳᠤ ᠰᠤᠷᠤᠭ᠍ᠴᠢᠳ᠎ᠤᠨ ᠰᠤᠷᠤᠯᠴᠠᠬᠤ ᠤᠷᠮ᠎ᠠ ᠵᠣᠷᠢᠭ᠋ ᠪᠠᠳᠠᠷᠠᠵᠦ᠂ ᠳᠠᠬᠢᠨ ᠳᠠᠪᠲᠠᠨ ᠪᠣᠳᠠᠲᠠᠢ ᠪᠣᠯᠪᠠᠰᠤᠷᠠᠬᠤ ᠳᠤᠮᠳᠠ ᠠ᠋ᠴᠠ ᠭᠠᠷ ᠤᠷᠠᠯᠠᠯ᠎ᠤᠨ ᠥᠪᠡᠷᠮᠢᠴᠡ ᠷᠢᠳᠢ ᠰᠢᠳᠢ ᠶ᠋ᠢ ᠣᠢᠯᠠᠭᠠᠪᠠ᠃ ᠪᠣᠯᠪᠠᠰᠤᠷᠠᠯ᠎ᠳᠤ ᠬᠡᠷᠡᠭᠯᠡᠭᠡᠨ᠎ᠦ ᠴᠢᠨᠠᠷ ᠪᠠ ᠵᠠᠬ᠎ᠠ ᠳᠡᠯᠭᠡᠭᠦᠷᠴᠢᠯᠡᠯᠲᠡ᠎ᠶᠢ ᠬᠠᠮᠲᠤ ᠳ᠋ᠤᠨᠢ ᠬᠠᠷᠠᠭᠠᠯᠵᠠᠵᠤ᠂ ᠰᠡᠭᠦᠯᠴᠢ᠎ᠶᠢᠨ ᠬᠤᠭᠤᠴᠠᠭᠠᠨ᠎ᠳᠤ ᠪᠠᠰᠠ ᠦᠢᠯᠡᠳᠬᠦᠨ᠎ᠦ ᠵᠢᠷᠤᠭ ᠲᠥᠯᠥᠪᠯᠡᠭᠡ᠂ ᠵᠠᠬᠢᠶᠠᠯᠠᠭ᠎ᠠ᠎ᠶᠢᠨ ᠬᠠᠭᠤᠳᠠᠰᠤ᠎ᠶᠢ ᠵᠣᠯᠭᠠᠭᠤᠯᠬᠤ᠂ ᠰᠦᠯᠵᠢᠶᠡᠨ ᠳᠡᠭᠡᠷᠡᠬᠢ ᠡᠵᠡᠩᠨᠡᠯᠲᠡ ᠵᠡᠷᠭᠡ ᠠᠭᠤᠯᠭ᠎ᠠ᠎ᠶᠢ ᠲᠠᠢᠯᠪᠤᠷᠢᠯᠠᠵᠦ᠂ 《ᠦᠢᠯᠡᠳᠬᠦ ︱ ᠪᠣᠷᠣᠯᠠᠭᠤᠯᠬᠤ》 ᠬᠡᠯᠬᠢᠶ᠎ᠠ᠎ᠶᠢ ᠨᠠᠪᠲᠠᠷᠡᠭᠦᠯᠵᠦ᠂ ᠰᠤᠷᠤᠭ᠍ᠴᠢᠳ᠎ᠢ ᠬᠠᠪᠰᠤᠷᠤᠨ ᠠᠮᠢᠳᠤᠯᠢᠭ᠋᠎ᠢᠶᠠᠷ ᠠᠵᠢᠯ ᠤᠯᠭᠤᠵᠦ ᠣᠷᠣᠯᠭ᠎ᠠ᠎ᠶᠢ ᠨᠢ ᠨᠡᠮᠡᠭᠳᠡᠭᠦᠯᠬᠦ᠎ᠵᠢ ᠠᠬᠢᠭᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃