ᠲᠡᠷᠢᠭᠦᠨ ᠨᠢᠭᠤᠷ>ᠬᠦᠮᠦᠨ ᠨᠡᠢᠭᠡᠮ>ᠮᠡᠳᠡᠭᠡ

2026-11-10 11:04:03

ᠵᠣᠬᠢᠶᠠᠭ᠍ᠴᠢ᠄ ​ ᠬᠤᠩ ᠰᠢᠶᠠ ᠣᠩᠱᠢᠭ᠍ᠰᠠᠨ ᠣᠳᠠᠭ᠎ᠠ᠄ 3

ᠲᠦᠷᠦᠭᠦᠭᠡᠨ᠂ ᠪᠥᠬᠦ᠌ ᠣᠷᠤᠨ᠎ᠤ ᠵᠠᠯᠠᠭᠤᠴᠤᠳ᠎ᠤᠨ ᠰᠠᠶ᠋ᠢᠨ ᠳᠤᠷ᠎ᠠ᠎ᠶ᠋ᠢᠨ ᠦᠢᠯᠡᠴᠢᠯᠡᠭᠡᠨ᠎ᠤ ᠦᠢᠯᠡᠰ᠎ᠤᠨ ᠴᠢᠨᠠᠷ ᠰᠠᠶ᠋ᠢᠲᠠᠢ ᠬᠥᠭᠵᠢᠯᠲᠡ᠎ᠶ᠋ᠢ ᠠᠬᠢᠭᠤᠯᠬᠤ ᠭᠤᠤᠯᠯᠠᠭᠴᠢ ᠬᠦᠴᠦᠨ᠎ᠤ ᠪᠣᠯᠪᠠᠰᠤᠷᠠᠯ᠎ᠤᠨ ᠠᠩᠭᠢ ᠥᠪᠡᠷᠲᠡᠭᠡᠨ ᠵᠠᠰᠠᠬᠤ ᠣᠷᠤᠨ᠎ᠤ ᠡᠪᠯᠡᠯ᠎ᠤᠨ ᠰᠤᠷᠭᠠᠭᠤᠯᠢ᠎ᠳᠤ ᠶᠠᠪᠤᠬᠳᠠᠪᠠ᠃ ᠡᠪ ᠬᠠᠮᠲᠤ᠌ ᠵᠠᠯᠠᠭᠤᠴᠤᠳ᠎ᠤᠨ ᠡᠪᠯᠡᠯ᠎ᠤᠨ ᠡᠯ᠎ᠡ ᠠᠶ᠋ᠢᠮᠠᠭ ᠬᠤᠲᠠ᠎ᠶ᠋ᠢᠨ ᠬᠤᠷᠢᠶ᠎ᠠ᠂ ᠥᠪᠦᠷ ᠮᠣᠩᠭᠤᠯ᠎ᠤᠨ ᠵᠠᠯᠠᠭᠤᠴᠤᠳ᠎ᠤᠨ ᠰᠠᠶ᠋ᠢᠨ ᠲᠤᠷᠠᠴᠤᠳ᠎ᠤᠨ ᠨᠡᠶ᠋ᠢᠭᠡᠮᠯᠢᠭ᠂ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠭᠠᠯ ᠰᠡᠷᠭᠡᠶ᠋ᠢᠯᠡᠵᠦ᠍ ᠭᠠᠯ ᠤᠨᠲᠠᠷᠠᠭᠠᠬᠤ ᠪᠠᠴᠢᠮ ᠪᠠᠢᠳᠠᠯ᠎ᠢ ᠠᠷᠭᠠᠴᠠᠭᠠᠬᠤ ᠠᠪᠤᠷᠠᠨ ᠲᠤᠰᠠᠯᠠᠬᠤ ᠶᠡᠷᠦᠩᠬᠡᠢ ᠠᠩᠭᠢ᠂ 《ᠤᠮᠠᠷᠠᠲᠤ᠌ ᠬᠢᠯᠢ᠎ᠶ᠋ᠢᠨ ᠬᠥᠬᠡ ᠳᠥᠯᠦ》 ᠰᠠᠶ᠋ᠢᠨ ᠳᠤᠷ᠎ᠠ᠎ᠶ᠋ᠢᠨ ᠦᠢᠯᠡᠴᠢᠯᠡᠭᠡᠨ᠎ᠤ ᠠᠩᠭᠢ᠎ᠶ᠋ᠢᠨ 80 ᠰᠢᠬᠠᠮ ᠵᠠᠯᠠᠭᠤ ᠰᠠᠶ᠋ᠢᠨ ᠲᠤᠷᠠᠴᠤᠳ ᠪᠣᠯᠪᠠᠰᠤᠷᠠᠯ᠎ᠳᠤ ᠣᠷᠤᠯᠴᠠᠵᠠᠢ᠃

ᠲᠣᠰ ᠤᠳᠠᠭᠠᠨ᠎ᠤ ᠪᠣᠯᠪᠠᠰᠤᠷᠠᠯ᠎ᠤᠨ ᠠᠩᠭᠢ᠎ᠨᠢ ᠲᠤᠰᠭᠠᠢ ᠰᠡᠳᠦᠪᠲᠦ᠍ ᠲᠠᠶ᠋ᠢᠯᠤᠮᠵᠢ᠂ ᠲᠤᠬᠠᠢ᠎ᠶ᠋ᠢᠨ ᠭᠠᠵᠠᠷ᠎ᠲᠤᠨᠢ ᠰᠤᠷᠤᠯᠴᠠᠬᠤ᠂  ᠤᠯᠤᠯᠳᠠ ᠲᠦᠷᠦᠭᠳᠡᠯ ᠵᠢᠡᠨ ᠰᠤᠯᠢᠯᠴᠠᠬᠤ᠂ ᠳᠤᠭᠤᠶ᠋ᠢᠯᠠᠩ ᠬᠤᠪᠢᠶᠠᠨ ᠰᠤᠳᠤᠯᠤᠨ ᠶᠠᠷᠢᠯᠴᠠᠬᠤ ᠵᠡᠷᠭᠡ ᠣᠯᠠᠨ ᠵᠦᠢᠯ᠎ᠤᠨ ᠬᠡᠯᠪᠡᠷᠢ ᠪᠡᠷ ᠨᠠᠮᠴᠢ ᠴᠢᠨᠠᠷ᠎ᠤᠨ ᠬᠥᠮᠦᠵᠢᠯ᠂ ᠰᠠᠶ᠋ᠢᠨ ᠳᠤᠷ᠎ᠠ᠎ᠶ᠋ᠢᠨ ᠦᠢᠯᠡᠴᠢᠯᠡᠭᠡᠨ᠎ᠤ  ᠲᠥᠷᠦᠯ ᠲᠡᠮᠳᠡᠭ᠎ᠢ ᠳᠡᠯᠭᠡᠷᠡᠭᠦᠯᠬᠦ᠌ ᠪᠠ ᠳᠡᠯᠭᠡᠨ ᠦᠵᠡᠭᠦᠯᠬᠦ᠂ ᠰᠠᠶ᠋ᠢᠨ ᠳᠤᠷ᠎ᠠ᠎ᠶ᠋ᠢᠨ  ᠦᠢᠯᠡᠴᠢᠯᠡᠭᠡᠨ᠎ᠤ ᠲᠥᠷᠦᠯ ᠵᠦᠢᠯ᠎ᠤᠨ ᠪᠦᠲᠦᠭᠡᠯᠴᠢ ᠰᠡᠳᠭᠢᠮᠵᠢ᠎ᠶ᠋ᠢ ᠳᠡᠭᠡᠭᠰᠢᠯᠡᠭᠦᠯᠬᠦ᠌ ᠪᠠ ᠤᠬᠠᠭᠠᠯᠠᠨ ᠰᠡᠳᠦᠬᠦ᠂ ᠵᠠᠯᠠᠭᠤᠴᠤᠳ᠎ᠤᠨ ᠰᠠᠶ᠋ᠢᠨ ᠳᠤᠷ᠎ᠠ᠎ᠶ᠋ᠢᠨ ᠦᠢᠯᠡᠴᠢᠯᠡᠭᠡᠨ᠎ᠤ ᠲᠣᠮᠤ ᠬᠡᠯᠪᠡᠷᠢ᠎ᠶ᠋ᠢᠨ ᠤᠷᠤᠯᠳᠤᠭᠠᠨ ᠴᠤᠭᠯᠠᠭᠠᠨ ᠵᠡᠷᠭᠡ ᠠᠭᠤᠯᠭ᠎ᠠ᠎ᠶ᠋ᠢ ᠬᠠᠮᠤᠷᠴᠤ᠂  ᠰᠤᠷᠤᠯᠴᠠᠯᠭ᠎ᠠ  ᠦᠢᠯᠡᠳᠦᠯᠭᠡ ᠳᠤᠮᠳᠠ ᠵᠠᠯᠠᠭᠤᠴᠤᠳ᠎ᠤᠨ ᠰᠠᠶ᠋ᠢᠨ ᠳᠤᠷ᠎ᠠ᠎ᠶ᠋ᠢᠨ ᠦᠢᠯᠡᠴᠢᠯᠡᠭᠡᠨ᠎ᠤ ᠠᠵᠢᠯ᠎ᠤᠨ ᠰᠡᠳᠬᠢᠮᠵᠢ ᠵᠢ ᠭᠦᠨᠵᠡᠭᠡᠶ᠋ᠢᠷᠡᠭᠦᠯᠦᠨ᠂  ᠰᠣᠯᠢᠯᠴᠠᠨ ᠰᠣᠯᠢᠯᠴᠠᠬᠤ ᠳᠤᠮᠳᠠ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠳᠠᠵᠤ᠂ ᠵᠠᠯᠠᠭᠤᠴᠤᠳ᠎ᠤᠨ ᠰᠠᠶ᠋ᠢᠨ ᠳᠤᠷ᠎ᠠ᠎ᠶ᠋ᠢᠨ ᠦᠢᠯᠡᠴᠢᠯᠡᠭᠡᠨ᠎ᠤ ᠠᠵᠢᠯ᠎ᠤᠨ ᠳᠤᠮᠳᠠᠬᠢ ᠬᠦᠴᠢᠷ ᠠᠰᠠᠭᠤᠳᠠᠯ᠎ᠢ ᠬᠠᠮᠲᠤ ᠪᠠᠷ ᠰᠢᠢᠳᠪᠦᠷᠢᠯᠡᠪᠡ᠃

ᠪᠣᠯᠪᠠᠰᠤᠷᠠᠯ᠎ᠳᠤ ᠣᠷᠤᠯᠴᠠᠭᠰᠠᠳ᠂ ᠲᠤᠰ ᠤᠳᠠᠭᠠᠨ᠎ᠤ ᠪᠣᠯᠪᠠᠰᠤᠷᠠᠯ᠎ᠤᠨ ᠭᠤᠤᠯ ᠰᠡᠳᠦᠪ᠎ᠨᠢ ᠢᠯᠡ ᠲᠣᠳᠤ᠂ ᠬᠠᠷᠠᠯᠲᠠ ᠴᠢᠭᠯᠡᠯ᠎ᠨᠢ ᠣᠨᠤᠪᠴᠢᠲᠠᠢ ᠪᠠᠶ᠋ᠢᠵᠤ᠂ ᠤᠨᠤᠯ᠎ᠤᠨ ᠦᠨᠳᠦᠷᠴᠡ᠎ᠲᠠᠢ ᠮᠥᠷᠲᠡᠭᠡᠨ ᠦᠨᠳᠦᠰᠦᠨ ᠱᠠᠲᠤᠨ᠎ᠤ ᠵᠠᠯᠠᠭᠤᠴᠤᠳ᠎ᠤᠨ ᠰᠠᠶ᠋ᠢᠨ ᠳᠤᠷ᠎ᠠ᠎ᠶ᠋ᠢᠨ ᠦᠢᠯᠡᠴᠢᠯᠡᠭᠡᠨ᠎ᠤ ᠠᠵᠢᠯ᠎ᠤᠨ ᠪᠣᠳᠠᠲᠤ᠌ ᠪᠠᠶ᠋ᠢᠳᠠᠯ᠎ᠲᠠᠢ ᠨᠡᠶ᠋ᠢᠴᠡᠵᠡᠢ᠃ ᠰᠤᠷᠤᠯᠴᠠᠯᠭ᠎ᠠ᠎ᠪᠠᠷ ᠳᠠᠮᠵᠢᠨ ᠰᠢᠨ᠎ᠡ ᠴᠠᠭ ᠦᠶ᠎ᠡ᠎ᠶ᠋ᠢᠨ ᠵᠠᠯᠠᠭᠤᠴᠤᠳ᠎ᠤᠨ ᠰᠠᠶ᠋ᠢᠨ ᠳᠤᠷ᠎ᠠ᠎ᠶ᠋ᠢᠨ ᠦᠢᠯᠡᠴᠢᠯᠡᠭᠡᠨ᠎ᠤ ᠠᠵᠢᠯ᠎ᠤᠨ ᠬᠥᠭᠵᠢᠯᠲᠡ᠎ᠶ᠋ᠢᠨ ᠴᠢᠭᠯᠡᠯ᠎ᠳᠤ ᠨᠡᠩ ᠭᠦᠨᠵᠡᠭᠡᠢ ᠣᠶ᠋ᠢᠯᠠᠭᠠᠯᠲᠠ᠎ᠲᠠᠢ ᠪᠣᠯᠵᠤ᠂ ᠵᠠᠯᠠᠭᠤᠴᠤᠳ᠎ᠤᠨ ᠰᠠᠶ᠋ᠢᠨ ᠳᠤᠷ᠎ᠠ᠎ᠶ᠋ᠢᠨ ᠦᠢᠯᠡᠴᠢᠯᠡᠭᠡᠨ᠎ᠤ ᠲᠦᠷᠦᠯ ᠵᠦᠢᠯ᠎ᠤᠨ ᠰᠢᠨ᠎ᠡ᠎ᠶ᠋ᠢ ᠡᠭᠦᠳᠬᠦ᠂ ᠲᠥᠯᠦᠪᠵᠢᠭᠦᠯᠬᠦ᠂ ᠳᠡᠯᠭᠡᠨ ᠦᠵᠡᠭᠦᠯᠬᠦ᠌ ᠲᠠᠯ᠎ᠠ᠎ᠶ᠋ᠢᠨ ᠳᠤᠲᠠᠭᠤᠳᠠᠯ᠎ᠢ ᠨᠥᠬᠦᠪᠦᠷᠢᠯᠡᠵᠦ ᠦᠭᠴᠡᠢ᠃ ᠬᠤᠶ᠋ᠢᠰᠢᠳᠠ᠂ ᠬᠤᠪᠢ ᠨᠡᠮᠡᠷᠢ ᠦᠵᠡᠭᠦᠯᠬᠦ᠂ ᠨᠥᠬᠦᠷᠰᠡᠭ ᠲᠤᠳᠤᠨᠤ ᠪᠠᠢᠬᠤ᠂ ᠬᠠᠷᠢᠯᠴᠠᠨ ᠬᠠᠪᠰᠤᠷᠤᠯᠴᠠᠬᠤ᠂ ᠤᠷᠤᠬᠰᠢᠯᠠᠨ ᠳᠠᠪᠰᠢᠬᠤ ᠰᠠᠶ᠋ᠢᠨ ᠳᠤᠷ᠎ᠠ᠎ᠶ᠋ᠢᠨ ᠦᠢᠯᠡᠴᠢᠯᠡᠭᠡᠨ᠎ᠤ ᠵᠣᠷᠢᠭ ᠰᠠᠨᠠᠭ᠎ᠠ᠎ᠶ᠋ᠢ ᠦᠷᠭᠦᠯᠵᠢᠯᠡᠨ ᠦᠢᠯᠡᠳᠦᠯᠭᠡᠵᠢᠭᠦᠯᠵᠦ᠍᠂ ᠨᠠᠩ ᠰᠢᠨ᠎ᠡ ᠰᠡᠪᠡᠭᠦᠨ᠂ ᠨᠠᠩ ᠲᠤᠰᠭᠠᠢ ᠮᠡᠷᠭᠡᠵᠢᠭᠰᠡᠨ᠂ ᠨᠠᠩ ᠪᠥᠬᠦ᠌ ᠲᠠᠯ᠎ᠠ᠎ᠶ᠋ᠢᠨ ᠵᠠᠯᠠᠭᠤᠴᠤᠳ᠎ᠤᠨ ᠰᠠᠶ᠋ᠢᠨ ᠳᠤᠷ᠎ᠠ᠎ᠶ᠋ᠢᠨ ᠦᠢᠯᠡᠴᠢᠯᠡᠭᠡᠨ᠎ᠤ ᠲᠥᠷᠦᠯ ᠵᠦᠢᠯ᠎ᠢ ᠪᠤᠶ᠋ᠢᠵᠢᠭᠤᠯᠤᠨ᠎ᠠ ᠬᠡᠵᠡᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面