ᠲᠡᠷᠢᠭᠦᠨ ᠨᠢᠭᠤᠷ>ᠬᠦᠮᠦᠨ ᠨᠡᠢᠭᠡᠮ>ᠮᠡᠳᠡᠭᠡ

2026-11-11 16:28:45

ᠵᠣᠬᠢᠶᠠᠭ᠍ᠴᠢ᠄ ​ᠰᠦᠨ ᠯᠢ ᠶᠢᠡᠭ ᠣᠩᠱᠢᠭ᠍ᠰᠠᠨ ᠣᠳᠠᠭ᠎ᠠ᠄ 3

ᠦᠪᠡᠷᠳᠡᠭᠡᠨ ᠵᠠᠰᠠᠬᠤ ᠤᠷᠤᠨ᠎ᠤ ᠴᠡᠷᠢᠭ᠎ᠤᠨ ᠠᠯᠪᠠ ᠡᠴᠡ  ᠬᠠᠯᠠᠬᠳᠠᠬᠰᠡᠳ᠎ᠤᠨ  ᠶᠠᠪᠤᠳᠠᠯ ᠎ᠤᠨ ᠳᠢᠩᠬᠢᠮ ᠡᠴᠡ ᠤᠢᠯᠠᠭᠠᠬᠰᠠᠨ ᠵᠢᠡᠷ᠂ ᠲᠦᠷᠦᠭᠦᠬᠡᠨ ᠠᠯᠠᠱᠠ ᠠᠢᠮᠠᠭ᠎ᠤᠨ ᠥᠯᠵᠡᠢ ᠬᠢᠯᠢ᠎ᠶᠢᠨ ᠪᠣᠭᠣᠮᠲᠠ᠎ᠳᠤ  ᠴᠡᠷᠢᠭ ᠤ᠋ᠨ ᠠᠯᠪᠠ᠎ᠡᠴᠡ ᠬᠠᠯᠠᠭᠳᠠᠭᠰᠠᠳ᠎ᠤᠨ ᠬᠢᠯᠢ ᠪᠠᠨ ᠰᠠᠬᠢᠵᠦ ᠬᠢᠯᠢ ᠪᠠᠨ ᠬᠠᠮᠠᠭᠠᠯᠠᠬᠤ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠩᠭᠢ᠎ᠳᠤ  ᠲᠣᠭ  ᠣᠯᠭᠣᠬᠤ  ᠶᠣᠰᠣᠯᠠᠯ  ᠶᠠᠪᠤᠭᠳᠠᠪᠠ᠃

ᠥᠯᠵᠡᠢ ᠬᠢᠯᠢ ᠵᠢᠨ ᠪᠣᠭᠣᠮᠲᠠ ᠨᠢ ᠠᠯᠠᠱᠠ ᠵᠡᠭᠦᠨ ᠬᠣᠰᠢᠭᠤᠨ᠎ᠤ ᠬᠣᠢᠲᠤ ᠬᠡᠰᠡᠭ᠎ᠲᠦ ᠪᠠᠢᠷᠢᠯᠠᠵᠤ᠂ ᠬᠠᠷᠢᠶ᠎ᠠ ᠣᠷᠣᠨ᠎ᠤ ᠬᠢᠯᠢ ᠵᠢᠨ ᠪᠣᠭᠣᠮᠲᠠ᠂ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠬᠤ ᠥᠷᠲᠡᠭᠡ᠂ ᠬᠢᠯᠢ᠎ᠶᠢᠨ ᠲᠣᠮᠢᠯᠠᠭᠰᠠᠨ ᠰᠠᠯᠪᠤᠷᠢ ᠵᠡᠷᠭᠡ ᠨᠢᠭᠡᠴᠢ᠎ᠶᠢᠨ ᠺᠠᠳ᠋ᠷ᠎ᠤᠨ ᠡᠩᠨᠡᠭᠡ᠎ᠶᠢᠨ ᠳᠣᠲᠣᠷ᠎ᠠ ᠴᠡᠷᠢᠭ ᠤ᠋ᠨ ᠠᠯᠪᠠ᠎ᠡᠴᠡ ᠬᠠᠯᠠᠭᠳᠠᠭᠰᠠᠳ ᠨᠡᠯᠢᠶᠡᠳ ᠣᠯᠠᠨ ᠪᠠᠢᠵᠤ᠂ ᠪᠣᠭᠣᠮᠲᠠ᠎ᠶᠢᠨ ᠬᠢᠯᠢ᠎ᠶᠢ ᠰᠠᠬᠢᠵᠤ ᠬᠢᠯᠢ᠎ᠶᠢ ᠪᠡᠬᠢᠵᠢᠭᠦᠯᠬᠦ ᠭᠣᠣᠯᠯᠠᠭ᠍ᠴᠢ ᠬᠦᠴᠦᠨ ᠪᠣᠯᠣᠨ᠎ᠠ᠃ ᠣᠷᠳᠣ᠌ ᠬᠤᠭᠤᠴᠠᠭᠠᠨ᠎ᠤ ᠲᠤᠷᠰᠢ᠂ ᠲᠠᠳᠠ ᠡᠯ᠎ᠡ ᠲᠥᠷᠥᠯ᠎ᠦᠨ ᠰᠠᠢᠨ ᠳᠤᠷ᠎ᠠ᠎ᠶᠢᠨ ᠦᠢᠯᠡᠳᠦᠯᠭᠡ᠎ᠳᠦ ᠰᠠᠨᠠᠭᠠᠴᠢᠯᠠᠭ᠎ᠠ᠎ᠠᠴᠠ᠎ᠪᠠᠨ ᠣᠷᠣᠯᠴᠠᠵᠤ᠂ ᠬᠢᠯᠢ᠎ᠶᠢᠨ ᠡᠮᠦᠨ᠎ᠡ ᠹᠷᠤᠨᠲ᠎ᠲᠦ ᠬᠦᠴᠦᠨ ᠴᠢᠳᠠᠯ᠎ᠢᠶᠠᠨ ᠡᠷᠭᠦᠭᠰᠡᠭᠡᠷ ᠢᠷᠡᠵᠡᠶ᠃

ᠣᠢᠯᠠᠭᠠᠭᠰᠠᠨ᠎ᠢᠶᠠᠷ᠂ ᠲᠣᠰ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠩᠭᠢ ᠨᠢ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠤᠨ ᠰᠢᠯᠢᠳᠡᠭ ᠰᠤᠷᠲᠠᠯ᠎ᠢ ᠬᠢᠯᠢ᠎ᠶᠢ ᠰᠠᠬᠢᠵᠤ ᠬᠢᠯᠢ᠎ᠶᠢ ᠬᠠᠮᠠᠭᠠᠯᠠᠬᠤ ᠪᠥᠬᠥ ᠶᠠᠪᠤᠴᠠ᠎ᠳᠤ ᠠᠭᠤᠰᠬᠠᠨ ᠣᠷᠣᠭᠤᠯᠵᠤ᠂ ᠬᠢᠯᠢ᠎ᠶᠢᠨ ᠴᠠᠭᠳᠠᠨ ᠬᠠᠮᠠᠭᠠᠯᠠᠯᠲᠠ᠂ ᠬᠡᠮ ᠰᠣᠭᠣᠭ᠎ᠢ ᠵᠢᠭ᠍ᠰᠠᠭᠠᠨ ᠪᠠᠢᠴᠠᠭᠠᠬᠤ᠂ ᠬᠢᠯᠢ᠎ᠶᠢᠨ ᠬᠥᠰᠢᠶ᠎ᠡ᠎ᠶᠢ ᠬᠠᠮᠢᠶᠠᠷᠤᠨ ᠬᠠᠮᠠᠭᠠᠯᠠᠬᠤ ᠠᠵᠢᠯ ᠢ᠋ ᠪᠠᠢᠩᠭᠤ ᠥᠷᠨᠢᠭᠦᠯᠵᠦ᠂ ᠬᠢᠯᠢ᠎ᠶᠢᠨ ᠬᠠᠮᠠᠭᠠᠯᠠᠯᠲᠠ᠎ᠶᠢᠨ ᠬᠦᠴᠦᠨ᠎ᠲᠠᠢ ᠬᠠᠮᠵᠢᠯᠴᠠᠨ ᠬᠢᠯᠢ᠎ᠶᠢᠨ ᠰᠡᠷᠭᠡᠢᠯᠡᠨ ᠡᠵᠡᠮᠳᠡᠬᠦ ᠲᠣᠣᠷ᠎ᠢ ᠨᠢᠬᠳᠠ ᠰᠦᠯᠵᠢᠨ᠎ᠠ;ᠤᠯᠤᠰ᠎ᠤᠨ ᠡᠭᠦᠳᠡ᠂ ᠬᠢᠯᠢ᠎ᠶᠢᠨ ᠬᠥᠰᠢᠶ᠎ᠡ᠂ ᠬᠠᠷᠠᠭᠤᠯ᠎ᠤᠨ ᠭᠠᠵᠠᠷ  ᠵᠡᠷᠭᠡ ᠬᠤᠪᠢᠰᠬᠠᠯ᠎ᠤᠨ ᠵᠢᠭ᠍ᠰᠠᠭᠠᠯ᠎ᠤᠨ ᠭᠠᠵᠠᠷ᠎ᠲᠤ ᠲᠦᠰᠢᠭᠯᠡᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ ᠪᠣᠯᠣᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ᠎ᠶᠢ ᠥᠷᠨᠢᠭᠦᠯᠦᠨ᠎ᠡ; ᠬᠢᠯᠢ ᠬᠢᠵᠠᠭᠠᠷ᠎ᠤᠨ ᠦᠨᠳᠦᠰᠦᠨ ᠱᠠᠲᠤᠨ᠎ᠳᠤ ᠭᠦᠨᠵᠡᠭᠡᠢᠷᠡᠵᠦ᠂ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢ ᠰᠣᠨᠣᠰᠴᠤ᠂ ᠬᠦᠴᠢᠷᠳᠡᠯᠲᠡᠢ ᠣᠯᠠᠨ ᠲᠦᠮᠡᠨ᠎ᠢ ᠬᠠᠪᠰᠤᠷᠤᠨ ᠲᠡᠳᠬᠦᠵᠦ᠂ ᠣᠯᠠᠨ ᠲᠦᠮᠡᠨ᠎ᠦ ᠪᠠᠴᠢᠮᠳᠠᠵᠤ  ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ ᠎ᠢ ᠰᠢᠢᠳᠪᠦᠷᠢᠯᠡᠵᠦ᠂ ᠦᠨᠳᠦᠰᠦᠲᠡᠨ᠎ᠦ ᠪᠦᠯᠬᠦᠮᠳᠡᠯ᠎ᠦᠨ ᠰᠠᠭᠤᠷᠢ᠎ᠶᠢ ᠪᠡᠬᠢᠵᠢᠭᠦᠯᠦᠨ᠎ᠡ;ᠪᠣᠭᠣᠮᠲᠠ᠎ᠶᠢᠨ ᠪᠠᠢᠷᠢ ᠲᠣᠭᠲᠠᠭᠠᠯᠲᠠ᠎ᠳᠤ ᠰᠠᠭᠤᠷᠢᠯᠠᠨ᠂ ᠲᠥᠷᠥ᠎ᠶᠢᠨ ᠪᠣᠳᠣᠯᠭ᠎ᠠ᠎ᠶᠢ ᠤᠩᠰᠢᠨ ᠲᠠᠢᠯᠪᠤᠷᠢᠯᠠᠬᠤ᠂ ᠵᠥᠷᠢᠴᠡᠯ᠎ᠢ ᠡᠶᠡᠳᠡᠭᠦᠯᠬᠦ᠂ ᠠᠷᠠᠳ᠎ᠲᠤ ᠲᠥᠬᠥᠮ ᠦᠵᠡᠭᠦᠯᠬᠦ ᠠᠵᠢᠯ ᠢ᠋ ᠰᠠᠢᠲᠤᠷ ᠬᠢᠵᠦ᠂ ᠬᠢᠯᠢ᠎ᠶᠢᠨ ᠠᠮᠤᠷ ᠲᠦᠪᠰᠢᠨ ᠡᠶ᠎ᠡ ᠵᠣᠬᠢᠴᠠᠩᠭᠤᠢ ᠪᠣᠭᠣᠮᠲᠠ᠎ᠶᠢᠨ ᠨᠡᠭᠡᠭᠡᠯᠲᠡ ᠬᠢᠬᠦ ᠪᠦᠲᠦᠭᠡᠨ ᠪᠠᠢᠭᠤᠯᠤᠯᠲᠠ᠎ᠵᠢ ᠬᠠᠮᠠᠭᠠᠯᠠᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ ᠶᠡᠬᠡ ᠲᠠᠯ᠎ᠠ᠎ᠳᠤ ᠦᠢᠯᠡᠴᠢᠯᠡᠨ᠎ᠡ᠃

ᠲᠣᠭ ᠣᠯᠭᠣᠬᠤ ᠶᠣᠰᠣᠯᠠᠯ᠎ᠤᠨ ᠳᠠᠷᠠᠭ᠎ᠠ᠂ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠩᠭᠢ ᠤᠯᠤᠰ᠎ᠤᠨ ᠠᠮᠤᠷ ᠲᠦᠪᠰᠢᠨ᠎ᠦ ᠬᠥᠮᠦᠵᠢᠯ᠎ᠦᠨ ᠲᠤᠰᠬᠠᠢ ᠰᠡᠳᠦᠪᠲᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶᠢ ᠵᠣᠬᠢᠶᠠᠨ ᠪᠠᠢᠭᠤᠯᠤᠨ ᠥᠷᠨᠢᠭᠦᠯᠦᠭᠰᠡᠨ ᠪᠥᠭᠡᠳ ᠡᠷᠦᠬᠡ᠎ᠶᠢᠨ ᠴᠡᠷᠢᠭ᠎ᠦᠨ ᠡᠩᠨᠡᠭᠡ᠎ᠲᠠᠢ ᠬᠠᠮᠲᠤ᠎ᠪᠠᠷ ᠬᠢᠯᠢ᠎ᠶᠢ ᠲᠣᠭᠣᠷᠢᠨ ᠴᠠᠬᠳᠠᠬᠤ ᠠᠵᠢᠯᠯᠠᠭ᠎ᠠ ᠥᠷᠨᠢᠭᠦᠯᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面