ᠲᠡᠷᠢᠭᠦᠨ ᠨᠢᠭᠤᠷ>ᠬᠦᠮᠦᠨ ᠨᠡᠢᠭᠡᠮ>ᠮᠡᠳᠡᠭᠡ

2026-11-11 16:28:18

ᠵᠣᠬᠢᠶᠠᠭ᠍ᠴᠢ᠄ ​ ᠰᠠᠴᠤᠷᠠᠯ ᠣᠩᠱᠢᠭ᠍ᠰᠠᠨ ᠣᠳᠠᠭ᠎ᠠ᠄ 3

ᠥᠪᠥᠷ ᠮᠣᠩᠭᠣᠯ᠎ᠤᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠡᠴᠡ ᠤᠢᠯᠠᠭᠠᠬᠰᠠᠨ ᠵᠢᠡᠷ᠂ ᠣᠢᠷ᠎ᠠ᠎ᠳᠤ᠂ ᠥᠪᠥᠷ ᠮᠣᠩᠭᠣᠯ᠎ᠤᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ᠎ᠶᠢᠨ ᠭᠠᠯ᠎ᠤᠨ ᠭᠠᠮᠰᠢᠭ᠋᠎ᠢ ᠪᠠᠢᠴᠠᠭᠠᠬᠤ ᠮᠡᠷᠭᠡᠵᠢᠯ᠎ᠦᠨ ᠰᠤᠳᠤᠯᠤᠨ ᠶᠠᠷᠢᠯᠴᠠᠬᠤ ᠠᠩᠭᠢ ᠴᠢᠩ ᠬᠤᠸᠠ ᠶᠡᠬᠡ ᠰᠤᠷᠭᠠᠭᠤᠯᠢ᠎ᠶᠢᠨ ᠾᠧᠹᠧᠢ ᠵᠢᠨ ᠣᠯᠠᠨ ᠨᠡᠶ᠋ᠢᠲᠡ᠎ᠶᠢᠨ ᠠᠮᠤᠷ ᠲᠦᠪᠰᠢᠨ᠎ᠦ ᠰᠤᠳᠤᠯᠭᠠᠨ᠎ᠤ ᠬᠦᠷᠢᠶᠡᠯᠡᠩ᠎ᠳᠦ ᠶᠠᠪᠤᠭᠳᠠᠵᠦ᠂ ᠥᠪᠥᠷ ᠮᠣᠩᠭᠣᠯ᠎ᠤᠨ ᠭᠠᠯ᠎ᠤᠨ ᠠᠶᠤᠯ᠎ᠤᠨ ᠪᠠᠢᠴᠠᠭᠠᠯᠲᠠ᠎ᠶᠢᠨ ᠮᠡᠷᠭᠡᠵᠢᠯ᠎ᠦᠨ 20 ᠭᠣᠣᠯᠯᠠᠭ᠍ᠴᠢ ᠬᠦᠴᠦᠨ ᠤᠷᠤᠯᠴᠠᠪᠠ᠃

ᠲᠣᠰ ᠤᠳᠠᠭᠠᠨ᠎ᠤ ᠰᠤᠳᠤᠯᠤᠨ ᠶᠠᠷᠢᠯᠴᠠᠬᠤ ᠠᠩᠭᠢ᠎ᠳᠤ ᠲᠤᠬᠠᠢ᠎ᠶᠢᠨ ᠲᠠᠯᠠᠪᠠᠢ ᠵᠢᠨ ᠬᠠᠢᠨ ᠪᠠᠢᠴᠠᠭᠠᠯᠲᠠ᠂ ᠪᠣᠳᠠᠰ᠎ᠤᠨ ᠭᠡᠷᠡᠴᠢ᠎ᠶᠢᠨ ᠬᠢᠨᠠᠨ ᠲᠣᠭᠲᠠᠭᠠᠯᠲᠠ᠂ ᠲᠠᠭᠤ ᠳᠦᠷᠰᠦ ᠰᠢᠩᠭᠡᠭᠡᠯᠲᠡ᠎ᠶᠢᠨ ᠵᠠᠳᠠᠯᠤᠯᠲᠠ᠂ ᠬᠡᠷᠡᠭ᠎ᠦᠨ ᠵᠢᠱ᠌ᠢᠶ᠎ᠡ᠎ᠶᠢᠨ ᠬᠠᠭᠤᠯᠪᠤᠷᠢ ᠵᠢᠴᠢ ᠵᠤᠬᠢᠶᠠᠮᠠᠯ ᠣᠶᠤᠨ ᠴᠢᠳᠠᠪᠤᠷᠢ᠎ᠵᠢᠨ ᠭᠠᠯ᠎ᠤᠨ ᠭᠠᠮᠰᠢᠭ᠋᠎ᠤᠨ ᠪᠠᠢᠴᠠᠭᠠᠯᠲᠠ᠎ᠳᠠᠬᠢ ᠬᠡᠷᠡᠭᠯᠡᠯᠲᠡ ᠵᠡᠷᠭᠡ ᠣᠯᠠᠨ ᠵᠦᠢᠯ᠎ᠦᠨ ᠲᠤᠰᠬᠠᠢ ᠰᠡᠳᠦᠪᠲᠦ ᠬᠢᠴᠢᠶᠡᠯ ᠲᠤᠬᠢᠷᠠᠭᠤᠯᠵᠠᠢ᠃ ᠡᠬᠦᠨ᠎ᠳᠤ ᠲᠥᠪᠯᠡᠷᠡᠭᠦᠯᠦᠨ ᠲᠠᠢᠯᠤᠮᠵᠢ ᠬᠢᠬᠦ ᠪᠠ ᠳᠤᠭᠤᠢᠯᠠᠩ ᠬᠤᠪᠢᠶᠠᠨ ᠰᠤᠳᠤᠯᠤᠨ ᠶᠠᠷᠢᠯᠴᠠᠬᠤ᠎ᠶᠢ ᠬᠠᠷᠢᠯᠴᠠᠨ ᠤᠶᠠᠯᠳᠤᠭᠤᠯᠵᠤ᠂ ᠭᠠᠯ᠎ᠤᠨ ᠭᠠᠮᠰᠢᠭ᠋᠎ᠤᠨ ᠪᠠᠢᠴᠠᠭᠠᠯᠲᠠ᠎ᠶᠢᠨ ᠡᠳᠦᠷ ᠲᠤᠲᠤᠮ᠎ᠤᠨ ᠪᠣᠳᠠᠲᠤ ᠠᠵᠢᠯᠯᠠᠭᠠᠨ ᠳᠤᠮᠳᠠᠬᠢ ᠬᠦᠴᠢᠷ ᠠᠰᠠᠭᠤᠳᠠᠯ᠎ᠢ ᠬᠦᠴᠦᠯᠡᠨ ᠰᠢᠢᠳᠪᠦᠷᠢᠯᠡᠬᠦ᠎ᠳᠤ ᠠᠩᠬᠠᠷᠤᠯ ᠵᠢᠡᠨ ᠲᠦᠪᠯᠡᠷᠡᠭᠦᠯᠦᠭᠰᠡᠨ ᠵᠢᠡᠷ ᠪᠠᠷᠠᠬᠤ ᠦᠭᠡᠢ ᠪᠠᠰᠠ ᠢᠷᠡᠭᠡᠳᠦᠢ᠎ᠶᠢᠨ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ᠎ᠶᠢᠨ ᠬᠡᠯᠪᠡᠷᠢ᠎ᠳᠠᠬᠢ ᠭᠠᠯ᠎ᠤᠨ ᠭᠠᠮᠰᠢᠭ᠋᠎ᠤᠨ ᠪᠠᠢᠴᠠᠭᠠᠯᠲᠠ᠎ᠳᠤ ᠲᠤᠯᠭᠠᠷᠠᠬᠤ ᠥᠷᠢᠰᠦᠯᠳᠦᠭᠡᠨ ᠪᠠ ᠠᠵᠠ ᠲᠣᠬᠢᠶᠠᠯ᠎ᠢ ᠬᠠᠢᠨ ᠰᠦᠪᠡᠭᠴᠢᠯᠡᠪᠡ᠃ ᠥᠪᠥᠷ ᠮᠣᠩᠭᠣᠯ᠎ᠤᠨ ᠰᠢᠨ᠎ᠡ ᠡᠨᠧᠷᠭᠢ᠎ᠶᠢᠨ ᠡᠬᠢ ᠪᠠᠶᠠᠯᠢᠭ᠋᠎ᠤᠨ ᠣᠨᠴᠠᠯᠢᠭ᠋᠎ᠢ ᠦᠨᠳᠦᠰᠦᠯᠡᠵᠦ᠂ ᠰᠤᠳᠤᠯᠤᠨ ᠶᠠᠷᠢᠯᠴᠠᠬᠤ ᠠᠩᠭᠢ ᠵᠢᠨ ᠬᠢᠨ ᠪᠠᠰᠠ ᠯᠢᠲ᠋ᠢ ᠴᠠᠬᠢᠯᠭᠠᠨ ᠴᠡᠨᠡᠭ᠎ᠦᠨ ᠭᠠᠯ ᠰᠡᠷᠭᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠦ ᠲᠤᠰᠬᠠᠢ ᠠᠩᠭᠢ ᠲᠣᠬᠢᠷᠠᠭᠤᠯᠵᠤ᠂ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ ᠵᠡᠷᠭᠡ ᠯᠢᠲ᠋ᠢ ᠴᠠᠬᠢᠯᠭᠠᠨ ᠴᠡᠨᠡᠭ᠎ᠤᠨ ᠠᠮᠤᠷ ᠲᠦᠪᠰᠢᠨ᠎ᠦ ᠰᠤᠳᠤᠯᠭᠠᠨ᠎ᠤ ᠪᠠᠢᠭᠤᠯᠤᠮᠵᠢ᠂ ᠹᠸᠩ ᠴᠤᠤ ᠡᠨ᠋ᠸᠷᠬᠢ ᠵᠡᠷᠬᠡ ᠯᠢᠲ᠋ᠢ ᠴᠠᠬᠢᠯᠭᠠᠨ ᠴᠡᠨᠡᠭ ᠰᠤᠳᠤᠯᠤᠨ ᠨᠡᠭᠡᠭᠡᠬᠦ ᠠᠵᠦ ᠠᠬᠤᠢᠯᠠᠯ᠎ᠤᠨ ᠬᠢᠨ ᠲᠤᠰ ᠲᠤᠰ ᠯᠢᠲ᠋ᠢ ᠴᠠᠬᠢᠯᠭᠠᠨ ᠴᠡᠨᠡᠭ᠎ᠤᠨ ᠭᠠᠯ᠎ᠤᠨ ᠭᠠᠮᠰᠢᠭ᠋᠎ᠤᠨ ᠵᠢᠮ᠎ᠡ ᠬᠠᠤᠯᠢ ᠵᠢᠴᠢ ᠡᠬᠢ ᠡᠬᠦᠰᠦᠯ᠎ᠢ ᠡᠷᠢᠬᠦ ᠮᠡᠷᠭᠡᠵᠢᠯ᠂ ᠬᠠᠲᠠᠭᠤ ᠲᠥᠯᠥᠪᠲᠦ ᠴᠠᠬᠢᠯᠭᠠᠨ ᠴᠡᠨᠡᠭ᠎ᠢ ᠰᠤᠳᠤᠯᠤᠨ ᠨᠡᠭᠡᠭᠡᠬᠦ ᠵᠡᠷᠭᠡ ᠲᠤᠰᠬᠠᠢ ᠰᠡᠳᠦᠪ᠎ᠦᠨ ᠲᠣᠭᠣᠷᠢᠨ᠎ᠳᠤ ᠶᠠᠷᠢᠯᠴᠠᠭ᠎ᠠ ᠦᠷᠨᠢᠬᠦᠯᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面