ᠲᠡᠷᠢᠭᠦᠨ ᠨᠢᠭᠤᠷ>ᠬᠦᠮᠦᠨ ᠨᠡᠢᠭᠡᠮ>ᠮᠡᠳᠡᠭᠡ

2026-11-12 16:40:32

ᠵᠣᠬᠢᠶᠠᠭ᠍ᠴᠢ᠄ ᠰᠠᠴᠤᠷᠠᠯ ᠣᠩᠱᠢᠭ᠍ᠰᠠᠨ ᠣᠳᠠᠭ᠎ᠠ᠄ 3

ᠵᠡᠮᠳᠡᠭᠴᠦᠳ᠎ᠦᠨ ᠡᠷᠡᠭᠦᠯᠵᠢᠯ᠎ᠦᠨ ᠴᠢᠳᠠᠪᠤᠷᠢᠲᠠᠨ᠎ᠤ ᠡᠩᠨᠡᠭᠡ᠎ᠶᠢ ᠬᠦᠴᠦᠷᠬᠡᠭᠵᠢᠭᠦᠯᠬᠦ᠎ᠶᠢᠨ ᠲᠥᠯᠥᠭᠡ᠂ ᠣᠢᠷ᠎ᠠ᠎ᠳᠤ ᠬᠥᠬᠡᠬᠣᠲᠠ᠎ᠶᠢᠨ ᠵᠡᠮᠳᠡᠭᠴᠤᠳ᠎ᠤᠨ ᠬᠤᠯᠪᠤᠭ᠎ᠠ 2026 ᠣᠨ᠎ᠤ ᠵᠡᠮᠳᠡᠭᠴᠦᠳ᠎ᠦᠨ ᠡᠷᠡᠭᠦᠯᠵᠢᠯ᠎ᠦᠨ ᠲᠤᠰᠬᠠᠢ ᠮᠡᠷᠭᠡᠵᠢᠯ᠎ᠦᠨ ᠮᠡᠳᠡᠯᠭᠡ᠎ᠶᠢᠨ ᠤᠷᠤᠯᠳᠤᠭᠠᠨ ᠡᠷᠬᠢᠯᠡᠵᠦ᠂ ᠪᠥᠬᠥ ᠬᠣᠲᠠ᠎ᠶᠢᠨ ᠵᠡᠮᠳᠡᠭᠴᠦᠳ᠎ᠦᠨ ᠡᠷᠡᠭᠦᠯᠵᠢᠯ᠎ᠦᠨ ᠪᠠᠢᠭᠤᠯᠤᠮᠵᠢ᠎ᠶᠢᠨ 34 ᠡᠷᠡᠭᠦᠯᠵᠢᠯ᠎ᠦᠨ ᠠᠵᠢᠯᠲᠠᠨ ᠤᠷᠤᠯᠳᠤᠭᠠᠨ᠎ᠳᠤ ᠣᠷᠣᠯᠴᠠᠪᠠ᠃

ᠤᠷᠤᠯᠳᠤᠭᠠᠨ᠎ᠢ ᠳᠥᠷᠪᠡᠨ ᠶᠡᠬᠡ ᠲᠤᠰᠬᠠᠢ ᠮᠡᠷᠭᠡᠵᠢᠯ᠎ᠦᠨ ᠲᠥᠷᠥᠯ ᠢᠯᠭᠠᠯ᠎ᠢᠶᠠᠷ ᠳᠤᠭᠤᠢᠯᠠᠩ ᠬᠤᠪᠢᠶᠠᠨ ᠥᠷᠨᠢᠭᠦᠯᠵᠦ᠂ ᠤᠷᠤᠯᠳᠤᠭᠠᠨ᠎ᠤ ᠠᠭᠤᠯᠭ᠎ᠠ᠎ᠳᠤ ᠣᠨᠣᠯ᠎ᠤᠨ ᠮᠡᠳᠡᠯᠭᠡ᠂ ᠵᠡᠮᠳᠡᠭᠴᠦᠳ᠎ᠦᠨ ᠡᠷᠡᠭᠦᠯᠵᠢᠯ᠎ᠦᠨ ᠲᠥᠷᠥ᠎ᠶᠢᠨ ᠪᠣᠳᠣᠯᠭ᠎ᠠ ᠵᠢᠴᠢ ᠲᠤᠰᠬᠠᠢ ᠮᠡᠷᠭᠡᠵᠢᠯ᠎ᠦᠨ ᠮᠡᠳᠡᠯᠭᠡ᠎ᠶᠢ ᠪᠠᠭᠲᠠᠭᠠᠵᠠᠢ᠃ ᠤᠷᠤᠯᠳᠤᠭᠠᠨ᠎ᠳᠤ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ ᠭᠡᠬᠦ ᠬᠣᠶᠠᠷ ᠶᠡᠬᠡ ᠭᠣᠭᠴᠣᠭ᠎ᠠ᠎ᠶᠢ ᠲᠣᠬᠢᠷᠠᠭᠤᠯᠵᠤ᠂ ᠵᠠᠪᠠᠯ ᠬᠠᠷᠢᠭᠤᠯᠬᠤ ᠰᠡᠳᠦᠪ᠎ᠲᠦ ᠣᠷᠣᠯᠴᠠᠭᠰᠠᠳ᠎ᠤᠨ ᠮᠡᠳᠡᠯᠭᠡ᠎ᠶᠢᠨ ᠨᠥᠭᠡᠴᠡ᠎ᠶᠢ ᠭᠣᠣᠯᠳᠠᠯᠭ᠎ᠠ᠎ᠲᠠᠢ ᠪᠠᠢᠴᠠᠭᠠᠨ ᠰᠢᠯᠭᠠᠵᠦ᠂ ᠵᠠᠪᠳᠤᠨ ᠬᠠᠷᠢᠭᠤᠯᠬᠤ ᠰᠡᠳᠦᠪ᠎ᠦᠨ ᠰᠢᠯᠭᠠᠯᠲᠠ᠎ᠳᠤ ᠭᠤᠤᠯᠳᠠᠭᠤ ᠣᠷᠣᠯᠴᠠᠭᠰᠠᠳ᠎ᠤᠨ ᠰᠡᠳᠬᠢᠴᠡ᠎ᠵᠢᠨ ᠴᠢᠳᠠᠪᠤᠷᠢ᠎ᠶᠢ ᠰᠢᠯᠭᠠᠪᠠ᠃ ᠡᠬᠦᠨ᠎ᠳᠤ ᠤᠷᠤᠯᠳᠤᠭᠠᠨ᠎ᠳᠤ ᠣᠷᠣᠯᠴᠠᠭᠰᠠᠳ ᠯᠠᠪᠳᠠᠭᠤᠨ ᠲᠣᠭᠲᠠᠭᠤᠨ᠎ᠢᠶᠠᠷ ᠰᠡᠳᠬᠢᠨ ᠪᠣᠳᠣᠯᠬᠢᠯᠠᠵᠤ᠂ ᠢᠳᠡᠪᠬᠢᠲᠡᠢ᠎ᠪᠡᠷ ᠬᠠᠷᠢᠭᠤᠯᠲᠠ ᠥᠭᠴᠦ᠂ ᠲᠤᠬᠠᠢ᠎ᠶᠢᠨ ᠲᠠᠯᠠᠪᠠᠢ᠎ᠶᠢᠨ ᠠᠭᠤᠷ ᠠᠮᠢᠰᠬᠤᠯ ᠪᠠᠴᠢᠮ ᠶᠠᠭᠠᠷᠠᠯᠲᠠᠢ ᠪᠥᠭᠡᠳ ᠬᠥᠭᠵᠢᠶᠡᠨᠲᠡᠢ ᠪᠠᠢᠵᠤ᠂ ᠬᠦᠬᠡᠬᠤᠲᠠ᠎ᠶᠢᠨ ᠡᠷᠡᠭᠦᠯᠵᠢᠯ᠎ᠦᠨ ᠠᠵᠢᠯᠲᠠᠳ᠎ᠤᠨ ᠯᠠᠪᠳᠠᠭᠤᠨ ᠪᠠᠲᠤᠲᠠᠢ ᠤᠨᠤᠯ᠎ᠤᠨ ᠰᠠᠭᠤᠷᠢ ᠪᠣᠯᠣᠨ ᠦᠨᠳᠦᠷ ᠬᠢᠷᠢ ᠲᠦᠪᠰᠢᠨ ᠪᠦᠬᠦᠢ ᠠᠵᠢᠯ ᠮᠡᠷᠭᠡᠵᠢᠯ᠎ᠦᠨ ᠬᠡᠪ ᠪᠣᠯᠪᠠᠰᠤᠷᠠᠯ᠎ᠢ ᠭᠦᠢᠴᠡᠳ ᠢᠯᠡᠷᠡᠭᠦᠯᠵᠦ᠂ ᠡᠷᠡᠭᠦᠯᠵᠢᠯ᠎ᠦᠨ ᠠᠵᠢᠯᠲᠠᠨ᠎ᠤ ᠲᠤᠬᠠᠢᠯᠠᠭᠰᠠᠨ ᠠᠵᠢᠯ᠎ᠤᠨ ᠰᠠᠭᠤᠷᠢ ᠮᠡᠳᠡᠯᠭᠡ ᠪᠠᠨ ᠤᠯᠠᠮ ᠨᠢᠭᠡ ᠠᠯᠬᠤᠮ ᠪᠠᠲᠤᠳᠬᠠᠵᠤ᠂ ᠡᠷᠡᠭᠦᠯᠵᠢᠯ᠎ᠦᠨ ᠲᠥᠷᠥ᠎ᠶᠢᠨ ᠪᠣᠳᠣᠯᠭ᠎ᠠ᠎ᠶᠢᠨ ᠣᠨᠣᠯ᠎ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ᠎ᠶᠢ ᠠᠬᠢᠭᠤᠯᠪᠠ᠃ ᠤᠯᠠᠨ᠎ᠢᠶᠠᠷ᠎ᠢᠶᠠᠨ᠂ ᠲᠤᠰ ᠤᠳᠠᠭ᠎ᠠ᠎ᠶᠢᠨ ᠤᠷᠤᠯᠳᠤᠭᠠᠨ᠎ᠢᠶᠠᠷ ᠭᠠᠷᠤᠭ᠎ᠠ ᠪᠣᠯᠭᠠᠵᠤ᠂ ᠲᠤᠰᠬᠠᠢ ᠮᠡᠷᠭᠡᠵᠢᠯ᠎ᠦᠨ ᠮᠡᠳᠡᠯᠭᠡ᠎ᠶᠢ ᠦᠷᠭᠦᠯᠵᠢᠯᠡᠨ ᠭᠦᠨᠵᠡᠭᠡᠢ ᠰᠤᠷᠤᠯᠴᠠᠵᠤ᠂ ᠲᠤᠬᠠᠢᠯᠠᠭᠰᠠᠨ ᠠᠵᠢᠯ᠎ᠤᠨ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠤᠨ᠎ᠠ ᠭᠡᠵᠦ ᠢᠯᠡᠳᠬᠡᠵᠡᠭᠡᠪᠡ᠃

ᠬᠤᠢᠰᠢᠳᠠ ᠬᠥᠬᠡᠬᠣᠲᠠ᠎ᠶᠢᠨ ᠵᠡᠮᠳᠡᠭᠴᠦᠳ᠎ᠦᠨ ᠬᠣᠯᠪᠣᠭ᠎ᠠ᠎ᠶᠢᠨ ᠬᠢᠨ ᠵᠡᠮᠳᠡᠭᠴᠦᠳ᠎ᠦᠨ ᠡᠷᠡᠭᠦᠯᠵᠢᠯ᠎ᠦᠨ ᠴᠢᠳᠠᠪᠤᠷᠢᠲᠠᠨ᠎ᠤ ᠡᠩᠨᠡᠭᠡ᠎ᠶᠢᠨ ᠪᠠᠢᠭᠤᠯᠤᠯᠲᠠ᠎ᠶᠢ ᠦᠷᠭᠦᠯᠵᠢᠯᠡᠨ ᠴᠢᠩᠭᠠᠳᠬᠠᠵᠤ᠂ ᠡᠷᠡᠭᠦᠯᠵᠢᠯ᠎ᠦᠨ ᠦᠢᠯᠡᠴᠢᠯᠡᠭᠡᠨ᠎ᠦ ᠴᠢᠳᠠᠪᠤᠷᠢ᠎ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠥᠬᠥ ᠬᠣᠲᠠ᠎ᠶᠢᠨ ᠵᠡᠮᠳᠡᠭᠴᠦᠳ᠎ᠦᠨ ᠡᠷᠡᠭᠦᠯᠵᠢᠯ᠎ᠦᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠪᠥᠬᠥ ᠬᠦᠴᠦᠨ᠎ᠢᠶᠡᠷ᠎ᠢᠶᠡᠨ ᠠᠬᠢᠭᠤᠯᠬᠤ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面