2026-11-13 11:34:10
ᠲᠦᠷᠦᠬᠦᠭᠡᠨ᠂ ᠥᠪᠡᠷᠲᠡᠭᠡᠨ ᠵᠠᠰᠠᠬᠤ ᠣᠷᠣᠨ᠎ᠤ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠲᠢᠩᠬᠢᠮ᠂ ᠰᠤᠷᠭᠠᠨ ᠬᠥᠮᠦᠵᠢᠯ᠎ᠦᠨ ᠲᠢᠩᠬᠢᠮ᠎ᠡᠴᠡ ᠬᠠᠮᠲᠤᠷᠠᠨ ᠡᠷᠭᠢᠯᠡᠭᠰᠡᠨ 2026 ᠣᠨ᠎ᠤ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠲᠤ ᠠᠵᠢᠯ ᠣᠯᠭᠣᠬᠤ ᠦᠢᠯᠡᠴᠢᠯᠡᠭᠡᠨ᠎ᠦ ᠲᠤᠰᠬᠠᠢ ᠠᠵᠢᠯᠯᠠᠭ᠎ᠠ ᠵᠢᠴᠢ ᠨᠠᠮᠤᠷ᠎ᠤᠨ ᠤᠯᠠᠷᠢᠯ᠎ᠤᠨ ᠲᠤᠰᠬᠠᠢ ᠲᠠᠯᠠᠪᠠᠶ ᠠᠵᠢᠯᠲᠠᠨ ᠤᠷᠢᠨ ᠡᠯᠰᠡᠬᠦ ᠠᠵᠢᠯᠯᠠᠭ᠎ᠠ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ ᠡᠬᠢᠯᠡᠪᠡ᠃ ᠲᠣᠰ ᠤᠳᠠᠭ᠎ᠠ ᠵᠢᠨ ᠠᠵᠢᠯᠯᠠᠭ᠎ᠠ ᠨᠢ 《ᠠᠬᠤᠢ ᠲᠠᠯᠠᠪᠠᠢ ᠳ᠋ᠤ ᠡᠬᠢᠯᠡᠭᠦᠯᠬᠦ᠂ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠰᠦᠯᠵᠢᠶ᠎ᠠ ᠪᠡᠷ ᠭᠣᠣᠯ ᠪᠣᠯᠭᠠᠬᠤ᠂ ᠤᠷᠳᠤ ᠬᠤᠭᠤᠴᠠᠭ᠎ᠠ ᠪᠡᠷ ᠦᠢᠯᠡᠴᠢᠯᠡᠬᠦ》 ᠵᠠᠭᠪᠤᠷ᠎ᠢ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠰ᠎ᠦᠨ ᠴᠢᠭᠯᠡᠯ ᠪᠣᠯᠣᠨ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠤᠨ ᠴᠢᠳᠠᠪᠤᠷᠢ ᠵᠢ ᠣᠨᠣᠴᠠᠲᠠᠶ ᠵᠣᠯᠭᠠᠭᠤᠯᠵᠤ᠂ ᠠᠵᠢᠯ ᠡᠷᠢᠬᠰᠡᠳᠲᠦ ᠠᠵᠢᠯ ᠣᠯᠭᠣᠯᠲᠠ᠎ᠶᠢᠨ ᠲᠠᠪᠴᠠᠩ ᠢ᠋ ᠪᠠᠢᠭᠤᠯᠵᠤ ᠥᠭᠪᠡ᠃
ᠲᠣᠰ ᠤᠳᠠᠭ᠎ᠠ ᠵᠢᠨ ᠠᠵᠢᠯᠲᠠᠨ ᠤᠷᠢᠨ ᠡᠯᠰᠡᠬᠦ ᠠᠵᠢᠯᠯᠠᠭ᠎ᠠ ᠳ᠋ᠤ ᠠᠵᠢᠯ᠎ᠤᠨ ᠪᠠᠢᠷᠢ᠎ᠶᠢ ᠭᠦᠢᠴᠡᠳ ᠬᠠᠩᠭᠠᠵᠦ᠂ ᠠᠬᠤᠢ ᠲᠠᠯᠠᠪᠠᠢ ᠳ᠋ᠤ 95 ᠠᠵᠤ ᠠᠬᠤᠢᠯᠠᠯ ᠣᠷᠣᠯᠴᠠᠵᠤ᠂ ᠰᠦᠯᠵᠢᠶᠡᠨ ᠳᠡᠭᠡᠷ᠎ᠡ 558 ᠠᠵᠤ ᠠᠬᠤᠢᠯᠠᠯ ᠣᠷᠣᠯᠴᠠᠵᠤ᠂ ᠨᠡᠶ᠋ᠢᠲᠡ 2000 ᠭᠠᠷᠤᠢ ᠴᠢᠨᠠᠷ ᠰᠠᠢᠲᠠᠢ ᠠᠵᠢᠯ᠎ᠤᠨ ᠪᠠᠢᠷᠢ ᠭᠠᠷᠭᠠᠵᠠᠢ᠃ ᠤᠷᠢᠨ ᠡᠯᠰᠡᠬᠦ ᠡᠲᠡᠭᠡᠳ ᠨᠢ ᠴᠡᠷᠢᠭ᠎ᠦᠨ ᠠᠯᠪᠠ᠎ᠠᠴᠠ ᠬᠠᠯᠠᠬᠳᠠᠬᠰᠠᠨ ᠤᠶᠤᠳᠠᠳ ᠵᠢᠡᠷ ᠭᠣᠣᠯᠳᠠᠭᠤᠯᠵᠤ᠂ ᠠᠵᠢᠯ ᠣᠯᠬᠤ ᠬᠦᠰᠡᠯ᠎ᠲᠠᠢ ᠴᠡᠷᠢᠭ᠎ᠦᠨ ᠠᠯᠪᠠ᠎ᠠᠴᠠ ᠬᠠᠯᠠᠬᠳᠠᠬᠰᠠᠳ᠂ ᠴᠡᠷᠢᠭ᠎ᠦᠨ ᠭᠡᠷ ᠪᠦᠯᠢ ᠵᠢᠨ ᠬᠢᠨ ᠵᠢᠴᠢ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠦ ᠬᠠᠨᠳᠤᠭᠤᠯᠪᠠ᠃ ᠠᠵᠢᠯᠯᠠᠭ᠎ᠠ ᠨᠢ 11 ᠰᠠᠷ᠎ᠠ᠎ᠶᠢᠨ ᠰᠡᠭᠦᠯᠴᠢ ᠪᠣᠯᠲᠠᠯ᠎ᠠ ᠶᠠᠪᠤᠬᠳᠠᠵᠤ᠂ ᠲᠤᠰᠬᠠᠢ ᠤᠷᠢᠨ ᠡᠯᠰᠡᠬᠦ ᠲᠤᠭᠤᠷᠢᠭ᠎ᠢ ᠥᠪᠡᠷᠲᠡᠭᠡᠨ ᠵᠠᠰᠠᠬᠤ ᠣᠷᠣᠨ᠎ᠤ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠲᠢᠩᠬᠢᠮ᠎ᠦᠨ ᠠᠵᠢᠯ ᠣᠯᠵᠤ ᠦᠢᠯᠡᠰ ᠪᠤᠰᠬᠠᠬᠤ ᠮᠡᠳᠡᠭᠡ ᠵᠠᠩᠭᠢ᠎ᠶᠢᠨ ᠦᠢᠯᠡᠴᠢᠯᠡᠭᠡᠨ᠎ᠦ ᠰᠢᠰᠲᠧᠮ᠂《ᠷᠦᠡᠭ ᠵᠢᠶᠦ᠋ᠨ ᡁᠢ ᠫᠢᠨ APP》 ᠳ᠋ᠤ ᠨᠡᠭᠡᠭᠡᠵᠦ᠂ ᠰᠦᠯᠵᠢᠶᠡᠨ ᠲᠡᠭᠡᠷ᠎ᠠ ᠤᠷᠢᠨ ᠡᠯᠰᠡᠬᠦ᠂ ᠰᠢᠭᠤᠳ ᠨᠡᠪᠲᠡᠷᠡᠭᠦᠯᠭᠡ᠎ᠪᠡᠷ ᠠᠵᠢᠯ᠎ᠤᠨ ᠪᠠᠢᠷᠢ ᠵᠢ ᠲᠠᠨᠢᠯᠴᠠᠭᠤᠯᠬᠤ ᠵᠡᠷᠭᠡ ᠰᠢᠷᠢᠰ ᠦᠢᠯᠡᠴᠢᠯᠡᠭᠡ᠎ᠶᠢ ᠪᠠᠢᠩᠭᠤᠵᠢᠭᠤᠯᠤᠨ ᠥᠷᠨᠢᠭᠦᠯᠦᠨ᠎ᠡ᠃
ᠡᠬᠢᠯᠡᠯᠲᠡ᠎ᠶᠢᠨ ᠶᠣᠰᠣᠯᠠᠯ᠎ᠤᠨ ᠲᠤᠬᠠᠢ᠎ᠶᠢᠨ ᠲᠠᠯᠠᠪᠠᠶ᠎ᠳᠤ᠂ ᠥᠪᠥᠷ ᠮᠣᠩᠭᠣᠯ᠎ᠤᠨ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠳᠡᠭᠡᠳᠦ ᠰᠤᠷᠭᠠᠭᠤᠯᠢ ᠵᠢᠨ ᠫᠠᠢᠰᠠ ᠵᠢ ᠰᠡᠬᠦᠪᠡ᠃ ᠳᠤᠰ ᠳᠡᠭᠡᠳᠦ ᠰᠤᠷᠭᠠᠭᠤᠯᠢ᠎ᠶᠢ ᠥᠪᠡᠷᠲᠡᠭᠡᠨ ᠵᠠᠰᠠᠬᠤ ᠣᠷᠣᠨ᠎ᠤ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠲᠢᠩᠬᠢᠮ ᠪᠠ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ ᠬᠠᠮᠲᠤ᠎ᠪᠠᠷ ᠪᠠᠢᠭᠤᠯᠵᠤ᠂ ᠶᠡᠬᠡ ᠳᠡᠭᠡᠳᠦ ᠰᠤᠷᠭᠠᠭᠤᠯᠢ᠎ᠶᠢᠨ ᠪᠠᠭ᠍ᠰᠢ ᠮᠡᠷᠭᠡᠵᠢᠯᠳᠡᠨ᠂ ᠪᠣᠯᠪᠠᠰᠤᠷᠠᠩᠭᠤᠢ ᠵᠢᠭᠠᠨ ᠰᠤᠷᠭᠠᠯᠲᠠ᠎ᠶᠢᠨ ᠰᠢᠰᠲᠧᠮ ᠪᠠ ᠪᠣᠳᠠᠲᠠᠢ ᠪᠣᠯᠪᠠᠰᠤᠷᠠᠯ᠎ᠤᠨ ᠲᠠᠪᠴᠠᠩ᠎ᠳᠤ ᠲᠦᠰᠢᠭᠯᠡᠨ᠂ ᠵᠠᠰᠠᠭ ᠤ᠋ᠨ ᠤᠷᠳᠤᠨ ᠰᠤᠷᠭᠠᠭᠤᠯᠢ ᠬᠠᠮᠵᠢᠯᠴᠠᠨ ᠬᠥᠮᠥᠨ᠎ᠢ ᠬᠥᠮᠥᠵᠢᠭᠦᠯᠬᠦ ᠰᠢᠨ᠎ᠡ ᠵᠠᠭᠪᠤᠷ᠎ᠢ ᠬᠠᠢᠨ ᠰᠦᠪᠡᠭᠴᠢᠯᠡᠵᠦ᠂ ᠴᠡᠷᠢᠭ᠎ᠦᠨ ᠠᠯᠪᠠ᠎ᠠᠴᠠ ᠬᠠᠯᠠᠭᠳᠠᠭᠰᠠᠳ ᠤ᠋ᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠣᠷᠣᠯᠴᠠᠬᠤ ᠳ᠋ᠤ ᠬᠦᠴᠦᠨ ᠤᠯᠭᠤᠨ᠎ᠠ᠃ ᠳᠡᠭᠡᠳᠦ ᠰᠤᠷᠭᠠᠭᠤᠯᠢ ᠵᠢᠨ ᠠᠩᠬᠠᠳᠤᠭᠠᠷ ᠬᠤᠭᠤᠴᠠᠭᠠᠨ ᠤ᠋ ᠪᠤᠯᠪᠠᠰᠤᠷᠠᠯ᠎ᠳᠤ ᠰᠤᠷᠤᠯᠭ᠎ᠠ᠎ᠪᠠᠨ ᠰᠡᠷᠭᠦᠭᠡᠭᠰᠡᠨ ᠴᠡᠷᠢᠭ᠎ᠦᠨ ᠠᠯᠪᠠ᠎ᠠᠴᠠ ᠬᠠᠯᠠᠬᠳᠠᠬᠰᠠᠳ ᠤ᠋ᠨ ᠵᠣᠬᠢᠴᠠᠯᠳᠤᠬᠤ ᠪᠣᠯᠪᠠᠰᠤᠷᠠᠯ᠂ ᠰᠤᠷᠭᠠᠭᠤᠯᠢ᠎ᠳᠤ ᠪᠠᠢᠭ᠎ᠠ ᠴᠡᠷᠢᠭ᠎ᠦᠨ ᠠᠯᠪᠠ᠎ᠠᠴᠠ ᠬᠠᠯᠠᠬᠳᠠᠬᠰᠠᠳ ᠤ᠋ᠨ ᠵᠢᠯᠣᠭᠣᠴᠢ ᠦᠭᠡᠢ ᠨᠢᠰᠬᠡᠯ᠎ᠦᠨ ᠠᠵᠢᠯᠯᠠᠭ᠍ᠴᠢ᠎ᠶᠢᠨ ᠤᠷ᠎ᠠ ᠮᠡᠷᠭᠡᠵᠢᠯ᠎ᠤᠨ ᠪᠣᠯᠪᠠᠰᠤᠷᠠᠯ ᠡᠷᠭᠢᠯᠡᠵᠦ᠂ ᠴᠡᠷᠢᠭ᠎ᠦᠨ ᠠᠯᠪᠠ᠎ᠠᠴᠠ ᠬᠠᠯᠠᠬᠳᠠᠬᠰᠠᠳ ᠳ᠋ᠦ ᠠᠵᠢᠯ ᠣᠯᠭᠣᠬᠤ ᠰᠠᠭᠤᠷᠢ᠎ᠶᠢ ᠪᠠᠲᠤᠳᠬᠠᠪᠠ᠃
ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠶ᠎ᠳᠤ᠂ ᠥᠪᠡᠷᠲᠡᠭᠡᠨ ᠵᠠᠰᠠᠬᠤ ᠣᠷᠣᠨ᠎ᠤ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠲᠢᠩᠬᠢᠮ ᠡᠴᠨ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠂ ᠥᠪᠥᠷ ᠮᠣᠩᠭᠣᠯ᠎ᠤᠨ ᠢ ᠹᠧᠢ ᠠᠭᠠᠷ᠎ᠤᠨ ᠠᠶᠠᠯᠠᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠲᠠᠢ ᠵᠠᠰᠠᠭ᠎ᠤᠨ ᠣᠷᠳᠣᠨ ᠰᠤᠷᠭᠠᠭᠤᠯᠢ ᠠᠵᠤ ᠠᠬᠤᠢᠯᠠᠯ ᠭᠤᠷᠪᠠᠨ ᠲᠠᠯ᠎ᠠ᠎ᠶᠢᠨ ᠬᠠᠮᠲᠤᠷᠠᠯᠴᠠᠭᠠᠨ᠎ᠤ ᠵᠥᠪᠯᠡᠯᠴᠡᠭᠡᠷ ᠲᠣᠭᠲᠠᠵᠤ᠂ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠤᠨ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠶᠠᠰᠦ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ᠎ᠢ ᠬᠦᠴᠦ᠎ᠪᠡᠨ ᠬᠠᠮᠲᠤᠳᠬᠠᠨ ᠠᠬᠢᠭᠤᠯᠵᠤ᠂ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠤᠨ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠬᠤᠪᠤᠯᠤᠨᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃