2026-11-13 16:35:24
ᠲᠦᠷᠦᠬᠦᠬᠡᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ᠎ᠤᠨ ᠠᠮᠤᠷ ᠲᠦᠪᠰᠢᠨ᠎ᠦ ᠠᠯᠪᠠᠨ ᠭᠡᠷ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠠᠴᠠ ᠭᠣᠣᠯᠯᠠᠨ ᠡᠷᠭᠢᠯᠡᠭᠰᠡᠨ《ᠤᠯᠤᠰ᠎ᠤᠨ ᠶᠡᠷᠦᠩᠬᠡᠢ ᠠᠮᠤᠷ ᠲᠦᠪᠰᠢᠨ᠎ᠦ ᠦᠵᠡᠯᠲᠡ᠎ᠶᠢ ᠦᠢᠯᠡᠳᠦᠯᠭᠡᠵᠢᠭᠦᠯᠵᠦ᠂ ᠡᠬᠡ ᠤᠯᠤᠰ᠎ᠤᠨ ᠤᠮᠠᠷᠠᠲᠤ ᠬᠢᠯᠢ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠶᠢ ᠪᠠᠲᠤ ᠴᠣᠭᠴᠠᠯᠠᠬᠤ》 ᠶᠠᠷᠢᠶ᠎ᠠ ᠢᠯᠡᠳᠭᠡᠯ ᠤ᠋ᠨ ᠰᠢᠢᠳᠪᠦᠷᠢᠲᠦ ᠤᠷᠤᠯᠳᠤᠭᠠᠨ ᠬᠥᠬᠡᠬᠣᠲᠠ᠎ᠳᠤ ᠶᠠᠪᠤᠭᠳᠠᠪᠠ᠃ ᠬᠣᠶᠠᠷ ᠡᠳᠦᠷ᠎ᠦᠨ ᠲᠤᠷᠰᠢ᠂ ᠪᠦᠬᠦ ᠣᠷᠣᠨ᠎ᠤ 43 ᠤᠷᠤᠯᠴᠠᠬᠰᠡᠳ ᠨᠢᠭᠡ ᠲᠠᠢᠰᠠᠨ᠎ᠠ ᠮᠥᠷᠥᠢᠴᠡᠵᠦ᠂ ᠥᠪᠥᠷ ᠮᠣᠩᠭᠣᠯ᠎ᠤᠨ ᠡᠬᠡ ᠭᠠᠵᠠᠷ ᠤ᠋ᠨ ᠤᠯᠤᠰ᠎ᠤᠨ ᠠᠮᠤᠷ ᠲᠦᠪᠰᠢᠨ᠎ᠢ ᠬᠠᠮᠠᠭᠠᠯᠠᠭᠰᠠᠨ ᠰᠡᠳᠬᠢᠯ ᠬᠥᠳᠡᠯᠭᠡᠮ᠎ᠡ ᠦᠯᠢᠭᠡᠷ᠎ᠢ ᠶᠠᠷᠢᠪᠠ᠃
ᠱᠠᠲᠤ ᠱᠠᠲᠤ᠎ᠪᠠᠷ ᠰᠣᠩᠭᠣᠨ ᠲᠠᠨᠢᠯᠴᠠᠭᠤᠯᠬᠤ᠎ᠪᠠᠷ ᠳᠠᠮᠵᠢᠨ᠂ ᠠᠢᠮᠠᠭ ᠬᠣᠲᠠ᠎ᠶᠢᠨ ᠳᠤᠭᠤᠢᠯᠠᠩ ᠤ᠋ᠨ 27 ᠤᠷᠤᠯᠴᠠᠬᠴᠢ᠂ ᠲᠢᠩᠬᠢᠮ ᠲᠣᠪᠴᠢᠶ᠎ᠠ᠎ᠶᠢᠨ ᠳᠤᠭᠤᠢᠯᠠᠩ ᠤ᠋ᠨ 16 ᠤᠷᠤᠯᠴᠠᠬᠰᠡᠳ ᠰᠢᠢᠳᠪᠦᠷᠢᠲᠦ ᠤᠷᠤᠯᠳᠤᠭᠠᠨ᠎ᠳᠤ ᠳᠡᠪᠰᠢᠪᠡ᠃ ᠤᠷᠤᠯᠳᠤᠭᠠᠨ᠎ᠳᠤ ᠣᠷᠣᠯᠴᠠᠭᠰᠠᠳ᠎ᠤᠨ ᠳᠣᠲᠣᠷ᠎ᠠ᠂ ᠬᠢᠯᠢ᠎ᠶᠢᠨ ᠬᠠᠮᠠᠭᠠᠯᠠᠯᠲᠠ᠎ᠶᠢᠨ ᠠᠵᠢᠯᠲᠠᠨ᠂ ᠦᠨᠳᠦᠰᠦᠨ ᠱᠠᠲᠤᠨ᠎ᠤ ᠺᠠᠳ᠋ᠷ ᠪᠠᠢᠬᠤ ᠪᠥᠭᠡᠳ ᠪᠠᠰᠠ ᠶᠡᠬᠡ ᠳᠡᠭᠡᠳᠦ ᠰᠤᠷᠭᠠᠭᠤᠯᠢ᠎ᠶᠢᠨ ᠵᠠᠯᠠᠭᠤ ᠪᠠᠭ᠍ᠰᠢ ᠰᠣᠷᠣᠭ᠍ᠴᠢᠴᠦ ᠪᠤᠢ᠃ ᠲᠤᠬᠠᠢ᠎ᠶᠢᠨ ᠲᠠᠯᠠᠪᠠᠶ᠎ᠳᠤ ᠤᠷᠤᠯᠳᠤᠭᠠᠨ ᠳ᠋ᠤ ᠤᠷᠤᠯᠴᠠᠬᠰᠠᠳ 《ᠪᠠᠭ᠎ᠠ ᠬᠡᠷᠴᠢᠭᠡᠰᠤ》 ᠪᠡᠷ《ᠶᠡᠬᠡ ᠰᠡᠳᠦᠪ》 ᠢ᠋ ᠢᠯᠡᠷᠡᠭᠦᠯᠵᠦ᠂ ᠤᠯᠤᠰ᠎ᠤᠨ ᠶᠡᠷᠦᠩᠬᠡᠢ ᠠᠮᠤᠷ ᠲᠦᠪᠰᠢᠨ᠎ᠦ ᠦᠵᠡᠯᠲᠡ᠎ᠶᠢ ᠬᠢᠯᠢ ᠬᠢᠵᠠᠭᠠᠷᠵᠢᠡᠨ ᠰᠠᠬᠢᠨ ᠬᠠᠮᠠᠭᠠᠯᠠᠬᠤ᠂ ᠠᠵᠤ ᠦᠢᠯᠡᠰ᠎ᠦᠨ ᠬᠥᠭᠵᠢᠯᠲᠡ᠂ ᠦᠨᠳᠦᠰᠦᠨ ᠱᠠᠲᠤᠨ᠎ᠤ ᠵᠠᠰᠠᠯᠲᠠ ᠵᠡᠷᠭᠡ ᠳᠡᠷᠭᠡᠳᠡᠬᠢ ᠥᠯᠢᠭᠡᠷ᠎ᠲᠦ ᠠᠭᠤᠰᠬᠠᠵᠤ᠂ ᠰᠢᠨ᠎ᠡ ᠴᠠᠭ ᠦᠶ᠎ᠡ ᠵᠢᠨ ᠤᠯᠤᠰ᠎ᠤᠨ ᠠᠮᠤᠷ ᠲᠦᠪᠰᠢᠨ᠎ᠦ ᠠᠵᠢᠯ᠎ᠢ ᠰᠠᠢᠲᠤᠷ ᠬᠢᠬᠦ ᠡᠭᠦᠷᠭᠡ ᠬᠠᠷᠢᠭᠤᠴᠠᠯᠭ᠎ᠠ᠎ᠶᠢ ᠠᠮᠢᠳᠤᠯᠢᠭ᠋᠎ᠢᠶᠠᠷ ᠲᠠᠢᠯᠪᠤᠷᠢᠯᠠᠵᠤ᠂ ᠪᠥᠬᠥ ᠣᠷᠣᠨ᠎ᠤ ᠡᠯ᠎ᠡ ᠹᠷᠣᠨᠲ᠎ᠤᠨ ᠡᠬᠡ ᠤᠯᠤᠰ᠎ᠤᠨ ᠤᠮᠠᠷᠠᠲᠤ ᠬᠢᠯᠢ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠠᠳᠤ ᠴᠣᠭᠴᠠᠯᠠᠬᠤ ᠣᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠪᠡ᠃
ᠣᠢᠯᠠᠭᠠᠭᠰᠠᠨ᠎ᠢᠶᠠᠷ᠂ ᠲᠣᠰ ᠤᠳᠠᠭᠠᠨ᠎ᠤ ᠶᠠᠷᠢᠶ᠎ᠠ ᠢᠯᠡᠳᠬᠡᠯ᠎ᠦᠨ ᠤᠷᠤᠯᠳᠤᠭᠠᠨ ᠪᠣᠯ ᠮᠠᠨ᠎ᠤ ᠣᠷᠣᠨ᠎ᠤ ᠥᠷᠨᠢᠭᠦᠯᠦᠭᠰᠡᠨ ᠪᠥᠬᠥ ᠠᠷᠠᠳ᠎ᠤᠨ ᠤᠯᠤᠰ᠎ᠤᠨ ᠠᠮᠤᠷ ᠲᠦᠪᠰᠢᠨ᠎ᠦ ᠬᠥᠮᠦᠵᠢᠯ᠎ᠦᠨ ᠰᠢᠷᠢᠰ ᠠᠵᠢᠯᠯᠠᠭ᠎ᠠ᠎ᠶᠢᠨ ᠨᠢᠭᠡ ᠪᠣᠯᠣᠨ᠎ᠠ᠃ ᠡᠨᠡ ᠵᠢᠯ ᠦᠪᠦᠷ ᠮᠤᠡᠭᠭᠤᠯ《ᠨᠢᠭᠡᠳᠦᠯᠲᠡᠢ ᠲᠥᠯᠥᠪᠵᠢᠬᠦᠯᠦᠨ ᠬᠥᠭᠵᠢᠭᠦᠯᠬᠦ ᠬᠢᠬᠡᠳ ᠠᠮᠤᠷ ᠲᠦᠪᠰᠢᠨ᠂〈ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠥᠯᠦᠪᠵᠢᠭᠦᠯᠭᠡ᠎ᠶᠢᠨ ᠰᠢᠨ᠎ᠡ ᠠᠶᠠᠯᠠᠯ᠎ᠢ ᠬᠠᠮᠠᠭᠠᠯᠠᠬᠤ》 ᠭᠣᠣᠯ ᠰᠡᠳᠦᠪ᠎ᠲᠠᠢ ᠨᠢᠭ᠍ᠲᠠ ᠤᠶᠠᠯᠳᠤᠭᠤᠯᠤᠨ᠂ 8 ᠶᠡᠬᠡ ᠲᠥᠷᠥᠯ 33 ᠵᠦᠢᠯ᠎ᠦᠨ ᠠᠵᠢᠯᠯᠠᠭ᠎ᠠ᠎ᠶᠢ ᠵᠣᠬᠢᠶᠠᠨ ᠪᠠᠢᠭᠤᠯᠤᠨ ᠥᠷᠨᠢᠭᠦᠯᠵᠦ᠂ ᠪᠠᠢᠩᠭᠤ ᠵᠢᠨ ᠤᠬᠠᠭᠤᠯᠭ᠎ᠠ ᠪᠠ ᠲᠥᠪᠯᠡᠷᠡᠩᠭᠦᠢ ᠤᠬᠠᠭᠤᠯᠭ᠎ᠠ᠎ᠶᠢ ᠬᠠᠷᠢᠯᠴᠠᠨ ᠤᠶᠠᠯᠳᠤᠭᠤᠯᠬᠤ᠎ᠪᠠᠷ ᠳᠠᠮᠵᠢᠨ᠂ ᠤᠯᠤᠰ᠎ᠤᠨ ᠠᠮᠤᠷ ᠲᠦᠪᠰᠢᠨ᠎ᠦ ᠤᠬᠠᠭᠤᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠪᠠ᠃ ᠣᠯᠠᠨ ᠵᠢᠯ᠎ᠦᠨ ᠲᠤᠷᠰᠢ᠂ ᠥᠪᠥᠷ ᠮᠣᠩᠭᠣᠯ ᠤᠯᠤᠰ᠎ᠤᠨ ᠠᠮᠤᠷ ᠲᠦᠪᠰᠢᠨ᠎ᠦ ᠬᠥᠮᠦᠵᠢᠯ᠎ᠦᠨ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ᠎ᠤᠨ ᠠᠮᠤᠷ ᠲᠦᠪᠰᠢᠨ᠎ᠦ ᠤᠬᠠᠭᠤᠯᠭ᠎ᠠ ᠬᠥᠮᠦᠵᠢᠯ ᠢ᠋ 《ᠳᠣᠯᠣᠭ᠎ᠠ ᠳ᠋ᠤ ᠣᠷᠣᠭᠤᠯᠬᠤ》 ᠠᠵᠢᠯᠯᠠᠭ᠎ᠠ᠎ᠶᠢ ᠥᠷᠨᠢᠭᠦᠯᠵᠦ᠂ ᠤᠯᠤᠰ᠎ᠤᠨ ᠶᠡᠷᠦᠩᠬᠡᠢ ᠠᠮᠤᠷ ᠲᠦᠪᠰᠢᠨ᠎ᠦ ᠦᠵᠡᠯᠲᠡ᠎ᠶᠢ ᠬᠥᠮᠥᠰ᠎ᠦᠨ ᠰᠡᠳᠬᠢᠯ᠎ᠳᠦ ᠭᠦᠨ ᠬᠠᠳᠠᠩᠰᠢᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃