2026-11-13 16:34:59
ᠰᠢᠯᠢ ᠵᠢᠨ ᠭᠤᠤᠯ ᠠᠢᠮᠠᠬ᠎ᠤᠨ ᠪᠠᠷᠠᠭᠤᠨ ᠦᠵᠦᠮᠦᠴᠢᠨ ᠬᠣᠰᠢᠭᠤ ᠤᠢ᠌ᠷ᠎ᠠ᠎ᠳᠤ ᠨᠠᠰᠤᠳᠠᠢᠴᠤᠳ᠎ᠤᠨ ᠦᠢᠯᠡᠴᠢᠯᠡᠭᠡᠨ᠎ᠦ ᠪᠠᠶ᠋ᠢᠭᠤᠯᠤᠮᠵᠢ ᠵᠢ ᠵᠣᠬᠢᠶᠠᠨ ᠪᠠᠶ᠋ᠢᠭᠤᠯᠤᠭᠠᠳ᠂ ᠨᠡᠶ᠋ᠢᠭᠡᠮ ᠲᠣᠭᠣᠷᠢᠭ᠎ᠯᠤᠭ᠎ᠠ ᠬᠣᠯᠪᠣᠭᠠᠯᠠᠨ᠂ ᠰᠣᠶᠣᠯ ᠲᠠᠮᠢᠷ᠂ ᠬᠠᠤᠯᠢ ᠲᠦᠭᠡᠮᠡᠯᠵᠢᠭᠦᠯᠵᠦ ᠡᠷᠬᠡ ᠠᠰᠢᠬ᠎ᠢ ᠬᠠᠮᠠᠭᠠᠯᠠᠬᠤ ᠵᠡᠷᠭᠡ ᠤᠯᠠᠨ ᠵᠦᠢᠯ᠎ᠤᠨ ᠨᠠᠰᠤᠲᠠᠢᠴᠤᠳ᠎ᠢ ᠬᠠᠯᠠᠮᠵᠢᠯᠠᠭᠰᠠᠨ ᠠᠵᠢᠯᠯᠠᠭ᠎ᠠ ᠡᠷᠬᠢᠯᠡᠭᠡᠳ ᠨᠡᠢᠭᠡᠮ ᠨᠡᠢᠳᠡ ᠵᠢᠨ ᠦᠨᠳᠦᠷ ᠦᠨᠡᠯᠡᠯᠲᠡ ᠵᠢ ᠤᠯᠤᠭᠰᠠᠨ ᠪᠠᠢᠨ᠎ᠠ᠃
ᠪᠠᠶᠠᠠᠠᠠᠭᠤᠯᠠ ᠨᠠᠰᠤᠳᠠᠢᠴᠤᠳ᠎ᠤᠨ ᠠᠰᠠᠷᠠᠮᠵᠢ᠎ᠶᠢᠨ ᠬᠦᠷᠢᠶᠡᠯᠡᠩ᠎ᠳᠤ ᠪᠤᠯᠤᠭᠰᠠᠨ ᠪᠠᠷᠠᠭᠤᠨ ᠦᠵᠦᠮᠦᠴᠢᠨ ᠬᠣᠰᠢᠭᠤᠨ᠎ᠤ ᠺᠠᠩ ᠯᠸ ᠬᠦᠵᠦᠷ᠎ᠤᠨ ᠤᠷᠤᠯᠳᠤᠭᠠᠨ᠎ᠳᠤ ᠪᠥᠬᠥ᠌ ᠬᠣᠰᠢᠭᠤᠨ᠎ᠤ ᠡᠯ᠎ᠡ ᠰᠤᠮᠤ ᠪᠠᠯᠭᠠᠰᠤᠨ᠎ᠤ ᠠᠬᠠᠮᠠᠳ ᠨᠠᠰᠤᠳᠠᠢᠴᠤᠳ ᠢᠳᠡᠪᠬᠢᠯᠡᠨ ᠤᠷᠤᠯᠴᠠᠵᠦ ᠂ ᠪᠠᠶᠠᠷ ᠪᠠᠬᠠᠳᠤᠯ ᠵᠢᠠᠷ ᠪᠢᠯᠬᠠᠭᠰᠠᠨ ᠰᠠᠢᠬᠠᠨ ᠠᠵᠢᠯᠯᠠᠭ᠎ᠠ ᠪᠤᠯᠵᠠᠢ᠃ ᠬᠤᠭᠤᠯᠠᠳᠤ ᠵᠢᠨ ᠭᠤᠤᠯ ᠪᠠᠯᠭᠠᠰᠤᠨ᠎ᠳᠤ ᠨᠤᠳᠤᠭᠳᠠᠢ ᠣᠷᠤᠯᠮ᠎ᠠ ᠨᠠᠰᠤᠲᠠᠨ ᠡᠨᠡ ᠵᠢᠯ 83᠎ᠦ ᠨᠠᠰᠤᠨ ᠰᠡᠭᠦᠳᠡᠷ ᠵᠤᠭᠤᠭᠯᠠᠵᠦ᠂ ᠡᠳᠦᠭᠡ ᠪᠠᠶᠠᠠᠠᠠᠭᠤᠯᠠ ᠨᠠᠰᠤᠳᠠᠢᠴᠤᠳ᠎ᠤᠨ ᠠᠰᠠᠷᠠᠮᠵᠢ᠎ᠶᠢᠨ ᠬᠦᠷᠢᠶᠡᠯᠡᠩ᠎ᠳᠦ ᠠᠵᠦ ᠲᠦᠷᠦᠨ ᠠᠮᠢᠳᠤᠷᠠᠵᠤ ᠪᠠᠶ᠋ᠢᠨ᠎ᠠ᠂ ᠨᠠᠰᠤᠳᠠᠨ ᠭᠤᠸᠠᠢ ᠡᠨᠡ ᠤᠳᠠᠭᠠᠨ᠎ᠤ ᠬᠦᠵᠦᠷ᠎ᠤᠨ ᠤᠷᠤᠯᠳᠤᠭᠠᠨ᠎ᠳᠤ ᠤᠷᠤᠯᠴᠠᠭᠠᠳ ᠮᠠᠰᠢ ᠵᠤᠭᠠᠳᠠᠢ ᠪᠠᠢᠯ᠎ᠠ᠃《ᠨᠠᠮ ᠵᠠᠰᠠᠭ᠎ᠤᠨ ᠬᠠᠯᠠᠮᠵᠢ ᠦᠨᠡᠭᠡᠷ ᠰᠠᠢᠬᠠᠨ ᠪᠠᠢᠨ᠎ᠠ᠂ ᠶᠡᠷᠦ᠎ᠳᠡᠭᠡᠨ ᠴᠤ᠌ ᠤᠯᠠᠨ ᠰᠠᠢᠬᠠᠨ ᠤᠳᠭ᠎ᠠ ᠠᠭᠤᠯᠭ᠎ᠠ ᠲᠠᠢ ᠠᠵᠢᠯᠯᠠᠭ᠎ᠠ ᠡᠷᠬᠢᠯᠡᠵᠦ᠂ ᠮᠠᠨ᠎ᠤ ᠠᠮᠢᠳᠤᠷᠠᠯ᠎ᠳᠤ ᠪᠠᠶᠠᠷ ᠪᠠᠬᠠᠳᠤᠯ ᠠᠪᠴᠢᠷᠠᠵᠦ ᠪᠠᠢᠨ᠎ᠠ ᠰᠢᠦ》 ᠭᠡᠵᠦ᠍ ᠤᠷᠤᠯᠮᠠ ᠨᠠᠰᠤᠲᠠᠨ ᠰᠤᠷᠪᠤᠯᠵᠢᠯᠠᠭᠴᠢ᠎ᠳᠤ ᠪᠠᠶᠠᠷᠯᠠᠨ ᠶᠠᠷᠢᠪᠠ᠃
ᠰᠢᠷᠢᠰ ᠠᠵᠢᠯᠯᠠᠭ᠎ᠠ ᠳᠡᠭᠡᠷ᠎ᠡ ᠰᠤᠶᠤᠯ ᠲᠠᠮᠢᠷ ᠵᠤᠭ᠎ᠠ ᠴᠡᠡᠭᠭᠡᠯᠤᠨ ᠠᠵᠢᠯᠯᠠᠭ᠎ᠠ ᠡᠴᠡ ᠭᠠᠳᠠᠨ᠎ᠠ ᠪᠠᠰᠠ ᠡᠷᠡᠭᠦᠯ ᠮᠡᠨᠳᠤ ᠵᠢᠨ ᠮᠡᠳᠡᠯᠭᠡ ᠮᠡᠷᠭᠡᠵᠢᠯ᠎ᠢ ᠤᠬᠠᠭᠤᠯᠤᠭᠰᠠᠨ ᠠᠭᠤᠯᠭ᠎ᠠ ᠨᠢ ᠠᠬᠠᠮᠠᠳ ᠨᠠᠰᠤᠳᠠᠢᠴᠤᠳ᠎ᠤᠨ ᠲᠠᠭᠠᠰᠢᠶᠠᠯ᠎ᠳᠤ ᠬᠦᠷᠴᠡᠢ᠃ ᠪᠠᠶᠠᠠᠠᠠᠭᠤᠯᠠ ᠨᠠᠰᠤᠳᠠᠢᠴᠤᠳ᠎ᠤᠨ ᠠᠰᠠᠷᠠᠮᠵᠢ᠎ᠶᠢᠨ ᠬᠦᠷᠢᠶᠡᠯᠡᠩ ᠤᠵᠢᠬ ᠡᠪᠡᠳᠴᠢᠨ᠎ᠢ ᠰᠡᠷᠭᠡᠶ᠋ᠢᠯᠡᠬᠦ ᠬᠢᠴᠢᠶᠡᠯ ᠭᠠᠷᠭᠠᠵᠦ᠂ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ᠂ ᠵᠢᠷᠦᠬᠡ ᠲᠠᠷᠢᠬᠢ ᠴᠢᠰᠤᠨ ᠰᠤᠳᠠᠯ᠎ᠤᠨ ᠡᠪᠡᠳᠴᠢᠨ ᠵᠡᠷᠭᠡ ᠨᠠᠰᠤᠲᠠᠶ᠋ᠢᠴᠤᠳᠲᠤ᠌ ᠦᠷᠭᠦᠯᠵᠢ ᠲᠣᠬᠢᠶᠠᠯᠳᠤᠳᠠᠭ ᠡᠪᠡᠳᠴᠢᠨ᠎ᠳᠦ ᠴᠢᠭᠯᠡᠭᠦᠯᠦᠨ ᠡᠮ ᠬᠡᠷᠡᠭᠯᠡᠬᠦ᠌᠂ ᠬᠣᠭᠣᠯᠠ ᠤᠮᠳᠠ᠂ ᠪᠡᠶ᠎ᠡ ᠴᠢᠬᠢᠷᠠᠭᠵᠢᠭᠤᠯᠬᠤ ᠵᠡᠷᠭᠡ ᠲᠠᠯ᠎ᠠ ᠵᠢᠨ ᠮᠡᠳᠡᠯᠭᠡ᠎ᠶᠢ ᠲᠠᠶ᠋ᠢᠯᠪᠤᠷᠢᠯᠠᠵᠤ᠂ ᠦᠲᠡᠯᠦᠭᠡ ᠨᠠᠰᠤᠳᠠᠢᠴᠤᠳ᠎ᠤᠨ ᠪᠡᠶ᠎ᠡ ᠪᠠᠨ ᠰᠤᠪᠢᠯᠠᠬᠤ ᠤᠬᠠᠮᠰᠠᠷ᠎ᠢ ᠨᠢ ᠳᠡᠭᠡᠭᠰᠢᠯᠡᠭᠦᠯᠪᠡ᠃ ᠪᠠᠶᠠᠰᠤᠯ ᠨᠠᠰᠤᠲᠠᠨ᠎ᠢ ᠠᠰᠠᠷᠠᠬᠤ ᠦᠢᠯᠡᠴᠢᠯᠡᠭᠡᠨ᠎ᠦ ᠲᠥᠪ ᠰᠠᠶ᠋ᠢᠨ ᠳᠤᠷᠠᠴᠤᠳ᠎ᠤᠨ ᠤᠬᠠᠭᠤᠯᠤᠨ ᠲᠠᠶ᠋ᠢᠯᠪᠤᠷᠢᠯᠠᠬᠤ ᠠᠵᠢᠯ ᠥᠷᠨᠢᠭᠦᠯᠵᠦ᠍᠂ ᠨᠠᠰᠤᠲᠠᠢᠴᠤᠳ᠎ᠤᠨ ᠬᠡᠷᠡᠭᠯᠡᠬᠦ ᠪᠦᠲᠦᠭᠡᠭᠳᠡᠬᠦᠨ᠂ ᠨᠠᠰᠤᠵᠢᠯ᠎ᠤᠨ ᠬᠡᠷᠡᠭᠯᠡᠭᠡᠨ᠎ᠦ ᠲᠡᠮᠳᠡᠭ ᠵᠡᠷᠭᠡ᠎ᠶᠢ ᠲᠠᠨᠢᠯᠴᠠᠭᠤᠯᠵᠤ᠂ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠲᠠᠯ᠎ᠠ᠎ᠪᠠᠷ᠎ᠬᠢ ᠨᠠᠰᠤᠵᠢᠯ᠎ᠤᠨ ᠠᠰᠠᠷᠠᠮᠵᠢ᠎ᠶᠢᠨ ᠮᠡᠬᠡᠯᠡᠯ᠎ᠢ ᠰᠡᠷᠭᠡᠶ᠋ᠢᠯᠡᠬᠦ᠌ ᠮᠡᠳᠡᠯᠭᠡ ᠵᠢ ᠲᠦᠭᠡᠮᠡᠯᠵᠢᠭᠦᠯᠦᠭᠰᠡᠨ ᠪᠠᠢᠨ᠎ᠠ᠃ ᠪᠠᠯᠭᠠᠷᠭᠤᠤᠯ ᠪᠠᠯᠭᠠᠰᠤᠨ᠎ᠤ ᠨᠠᠰᠤᠳᠠᠢᠴᠤᠳ᠎ᠤᠨ ᠦᠢᠯᠡᠴᠢᠯᠡᠭᠡᠨ᠎ᠦ ᠲᠥᠪ ᠲᠤᠰᠠᠯᠠᠬᠤ ᠪᠠᠭᠠᠵᠢ ᠬᠡᠷᠡᠭᠰᠡᠯ᠂ ᠬᠠᠯᠲᠤᠷᠢᠬᠤ᠎ᠡᠴᠡ ᠰᠡᠷᠭᠡᠶ᠋ᠢᠯᠡᠬᠦ᠌ ᠲᠥᠬᠥᠭᠡᠷᠦᠮᠵᠢ᠎ᠶᠢᠨ ᠬᠡᠷᠡᠭᠯᠡᠬᠦ᠌ ᠠᠷᠭ᠎ᠠ᠎ᠶᠢ ᠲᠤᠬᠠᠶ᠎ᠶᠢᠨ ᠲᠠᠯᠠᠪᠠᠢ᠎ᠳᠤ ᠳᠡᠯᠭᠡᠨ ᠦᠵᠡᠭᠦᠯᠦᠭᠰᠡᠨ ᠪᠦᠭᠡᠳ ᠪᠠᠰᠠ ᠠᠯᠪᠠᠨ ᠵᠢᠷᠤᠮ᠎ᠤᠨ ᠦᠰᠦ ᠵᠠᠰᠠᠬᠤ ᠦᠢᠯᠡᠴᠢᠯᠡᠭᠡ ᠦᠷᠨᠢᠭᠦᠯᠵᠦ᠂ ᠨᠠᠰᠤᠲᠠᠶ᠋ᠢᠴᠤᠳ᠎ᠤᠨ ᠠᠮᠢᠳᠤᠷᠠᠯ ᠳᠤᠮᠳᠠᠬᠢ ᠵᠢᠵᠢᠭ ᠰᠠᠵᠢᠭ ᠤᠴᠢᠷᠢᠴᠦ ᠲᠤᠬᠢᠲᠠᠢ ᠰᠠᠢᠬᠠᠨ ᠰᠢᠢᠳᠪᠦᠷᠢᠯᠡᠵᠦ ᠦᠭᠪᠡ᠃
ᠡᠬᠦᠨ ᠡᠴᠡ ᠭᠠᠳᠠᠨ᠎ᠠ ᠪᠠᠰᠠ ᠤᠷᠠᠨ ᠰᠠᠶ᠋ᠢᠬᠠᠨ᠎ᠤ ᠲᠣᠭᠯᠠᠯᠲᠠ᠂ ᠭᠠᠷ ᠤᠷᠠᠯᠠᠯ᠎ᠤᠨ ᠬᠢᠴᠢᠶᠡᠯ᠂ ᠠᠯᠪᠠᠨ ᠵᠢᠷᠤᠮ᠎ᠤᠨ ᠡᠮᠴᠢᠯᠡᠭᠡᠵᠡᠷᠭᠡ ᠠᠵᠢᠯᠯᠠᠭᠠᠶᠠᠪᠤᠭᠳᠠᠵᠠᠢ᠃ ᠵᠢᠦᠢ ᠵᠢᠶᠠ ᠨᠠᠰᠤᠳᠠᠢᠴᠤᠳ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠲᠥᠪ ᠶᠢᠰᠦᠨ ᠰᠠᠷ᠎ᠠ᠎ᠶᠢᠨ ᠶᠢᠰᠦᠨ᠎ᠳᠦ ᠤᠷᠠᠨ ᠰᠠᠶ᠋ᠢᠬᠠᠨ᠎ᠤ ᠲᠣᠭᠯᠠᠯᠲᠠᠵᠤᠬᠢᠶᠠᠨ ᠪᠠᠢᠭᠤᠯᠤᠭᠰᠠᠨ ᠵᠢᠠᠷ ᠪᠠᠷᠠᠬᠤ ᠦᠭᠡᠢ ᠪᠠᠰᠠ ᠴᠠᠭᠠᠰᠤᠨ ᠬᠠᠶ᠋ᠢᠴᠢᠯᠠᠮᠠᠯ᠂ ᠰᠦᠯᠵᠢᠮᠡᠯ ᠬᠤᠸᠠᠷ ᠵᠡᠷᠭᠡ ᠤᠯᠠᠮᠵᠢᠯᠠᠯᠲᠤ᠌ ᠭᠠᠷ ᠤᠷᠠᠯᠠᠯ᠎ᠢ ᠪᠡᠶᠡᠴᠢᠯᠡᠨ ᠣᠶ᠋ᠢᠯᠠᠭᠠᠬᠤ ᠠᠵᠢᠯᠯᠠᠭ᠎ᠠ ᠦᠷᠨᠢᠭᠦᠯᠪᠡ᠃ ᠠᠵᠠ᠎ᠲᠠᠶ ᠪᠡᠶ᠎ᠡ ᠰᠤᠪᠢᠯᠠᠬᠤ ᠬᠦᠷᠢᠶᠡᠯᠡᠩ ᠬᠣᠰᠢᠭᠤᠨ᠎ᠤ ᠪᠠᠨ ᠨᠠᠰᠤᠲᠠᠶ᠋ᠢᠴᠤᠳ᠎ᠤᠨ ᠨᠡᠶ᠋ᠢᠭᠡᠮᠯᠢᠭᠢᠤᠷᠢᠭᠠᠳ ᠲᠤᠭᠯᠠᠯᠳᠠ ᠭᠠᠷᠭᠠᠵᠦ᠂ ᠰᠣᠨᠢᠷᠬᠠᠯᠲᠠᠶ ᠲᠣᠭᠯᠠᠭᠠᠮ᠂ ᠠᠬᠠᠮᠠᠳ ᠨᠠᠰᠤᠲᠠᠢᠴᠤᠳ᠎ᠢ ᠲᠣᠬᠣᠨᠢᠭᠤᠯᠬᠤ ᠵᠡᠷᠭᠡ ᠠᠵᠢᠯᠯᠠᠭ᠎ᠠ᠎ᠶᠢ ᠵᠠᠯᠭᠠᠭ᠎ᠠ᠎ᠪᠠᠷ ᠲᠣᠬᠢᠷᠠᠭᠤᠯᠪᠠ᠃ ᠪᠠᠶᠠᠠᠠᠠᠭᠤᠯᠠ ᠡᠮᠨᠡᠯᠭᠡ᠎ᠶᠢᠨ ᠬᠣᠷᠢᠶ᠎ᠠ ᠪᠠᠰᠠ ᠨᠠᠮᠤᠷ ᠡᠪᠦᠯ᠎ᠦᠨ ᠰᠤᠪᠢᠯᠠᠯ᠎ᠤᠨ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠪᠠ ᠠᠯᠪᠠᠨ ᠵᠢᠷᠤᠮ᠎ᠤᠨ ᠡᠮᠴᠢᠯᠡᠭᠡ ᠦᠷᠨᠢᠭᠦᠯᠦᠨ᠂ ᠡᠷᠡᠭᠦᠯ ᠮᠡᠨᠳᠦ᠎ᠶᠢᠨ ᠦᠢᠯᠡᠴᠢᠯᠡᠭᠡ᠎ᠶᠢ ᠨᠢᠭᠡ ᠥᠷᠲᠡᠭᠡᠴᠢᠯᠡᠭᠰᠡᠨ ᠮᠠᠶᠢᠭ᠎ᠢᠶᠠᠷ ᠨᠠᠰᠤᠲᠠᠢᠴᠤᠳ᠎ᠲᠦ ᠬᠦᠷᠭᠡᠭᠰᠡᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃