ᠲᠡᠷᠢᠭᠦᠨ ᠨᠢᠭᠤᠷ>ᠬᠦᠮᠦᠨ ᠨᠡᠢᠭᠡᠮ>ᠮᠡᠳᠡᠭᠡ

2026-11-16 11:46:31

ᠵᠣᠬᠢᠶᠠᠭ᠍ᠴᠢ᠄ ​ᠰᠠᠴᠤᠷᠠᠯ ᠣᠩᠱᠢᠭ᠍ᠰᠠᠨ ᠣᠳᠠᠭ᠎ᠠ᠄ 3

ᠤᠢᠷ᠎ᠠ᠎ᠳᠤ᠂ ᠦᠪᠦᠷ ᠮᠤᠩᠭᠤᠯ᠎ᠤᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ 《ᠪᠥᠬᠥ ᠠᠷᠠᠳ᠎ᠤᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠦ ᠬᠡᠪ ᠴᠢᠨᠠᠷ᠎ᠢ ᠳᠡᠭᠡᠭᠰᠢᠯᠡᠭᠦᠯᠬᠦ ᠠᠵᠢᠯᠯᠠᠭᠠᠨ᠎ᠤ ᠲᠥᠰᠥᠯ》 ᠢ᠋ ᠭᠦᠨᠵᠡᠭᠡᠢ ᠨᠠᠢᠳᠠᠪᠤᠷᠢᠵᠢᠭᠤᠯᠵᠦ᠂ 《ᠬᠥᠮᠥᠨ ᠪᠣᠯᠭᠠᠨ᠎ᠳᠤ ᠭᠠᠯ ᠰᠡᠷᠬᠡᠢᠯᠡᠵᠦ ᠭᠠᠯ ᠤᠨᠲᠠᠷᠠᠭᠠᠬᠤ ᠬᠥᠮᠦᠵᠢᠯ᠎ᠭᠥᠷᠳᠡᠭᠡᠵᠦ᠂ ᠬᠦᠮᠦᠨ ᠪᠤᠯᠭᠠᠨ ᠭᠠᠯ ᠰᠡᠷᠬᠡᠢᠯᠡᠵᠦ ᠭᠠᠯ ᠤᠨᠲᠠᠷᠠᠭᠠᠬᠤ ᠮᠡᠷᠭᠡᠵᠢᠯ ᠴᠢᠳᠠᠪᠤᠷᠢ᠎ᠶᠢ ᠡᠵᠡᠮᠰᠢᠬᠦ》 ᠭᠣᠣᠯ ᠰᠡᠳᠦᠪ᠎ᠤᠨ ᠲᠤᠭᠤᠷᠢᠨ ᠳ᠋ᠤ ᠪᠥᠬᠥ ᠣᠷᠣᠨ᠎ᠤ ᠬᠡᠪᠴᠢᠶᠡᠨ᠎ᠳᠤ ᠣᠯᠠᠨ ᠬᠡᠯᠪᠡᠷᠢ ᠶᠠᠩᠵᠤ᠎ᠶᠢᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠦ ᠤᠬᠠᠭᠤᠯᠭ᠎ᠠ᠎ᠶᠢᠨ ᠰᠢᠷᠢᠰ ᠠᠵᠢᠯᠯᠠᠭ᠎ᠠ ᠥᠷᠨᠢᠭᠦᠯᠪᠠ᠃

ᠪᠦᠬᠦ ᠤᠷᠤᠨ᠎ᠤ ᠡᠯ᠎ᠡ ᠠᠢᠮᠠᠭ ᠬᠣᠲᠠ᠎ᠶᠢᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ᠎ᠶᠢᠨ ᠬᠢᠨ ᠲᠤᠬᠠᠢ᠎ᠶᠢᠨ ᠭᠠᠵᠠᠷ ᠣᠷᠣᠨ᠎ᠤ ᠪᠤᠳᠠᠲᠦ ᠪᠠᠢᠳᠠᠯ᠎ᠳᠠᠭᠠᠨ ᠰᠠᠭᠤᠷᠢᠯᠠᠨ᠂ ᠨᠠᠷᠢᠯᠢᠭ᠋ ᠣᠨᠣᠴᠠᠲᠠᠢ᠎ᠠᠷᠭ᠎ᠠ ᠪᠣᠳᠣᠯᠭ᠎ᠠ ᠬᠡᠷᠡᠭᠵᠢᠭᠦᠯᠵᠦ᠂ ᠱᠠᠲᠤ ᠬᠤᠪᠢᠶᠠᠨ ᠲᠥᠷᠥᠯ ᠬᠤᠪᠢᠶᠠᠵᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠪᠡ᠃  ᠡᠬᠦᠨ᠎ᠳᠤ᠂ ᠬᠥᠬᠡᠬᠣᠲᠠ᠂ ᠪᠠᠶᠠᠨᠨᠠᠭᠤᠷ ᠬᠤᠲᠠ᠂ ᠠᠯᠠᠱᠠ ᠠᠢᠮᠠᠭ᠎ᠤᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ  ᠨᠡᠢᠭᠡᠮ ᠲᠣᠭᠣᠷᠢᠭ᠋᠎ᠤᠨ ᠠᠭᠤᠳᠠᠮ ᠲᠠᠯᠠᠪᠠᠢ᠎ᠳᠤ ᠲᠦᠰᠢᠭᠯᠡᠨ᠂ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠦᠵᠡᠭᠦᠯᠭᠡ᠎ᠶᠢᠨ ᠲᠠᠪᠴᠠᠩ ᠭᠠᠷᠭᠠᠵᠤ᠂ ᠤᠬᠠᠭᠤᠯᠭ᠎ᠠ᠎ᠶᠢᠨ ᠭᠠᠷ ᠳᠡᠪᠲᠡᠷ ᠲᠠᠷᠬᠠᠭᠠᠬᠤ᠂ ᠲᠤᠬᠠᠢ᠎ᠶᠢᠨ ᠲᠠᠯᠠᠪᠠᠢ᠎ᠳ᠋ᠤ ᠮᠠᠳᠠᠭ᠎ᠲᠠᠢ ᠠᠰᠠᠭᠤᠳᠠᠯ᠎ᠢ ᠬᠠᠷᠢᠭᠤᠯᠬᠤ ᠵᠡᠷᠭᠡ ᠬᠡᠯᠪᠡᠷᠢ᠎ᠪᠡᠷ ᠭᠠᠯ ᠰᠡᠷᠬᠡᠢᠯᠡᠵᠦ ᠭᠠᠯ ᠤᠨᠲᠠᠷᠠᠭᠠᠬᠤ ᠶᠡᠷᠦ᠎ᠶᠢᠨ ᠮᠡᠳᠡᠯᠭᠡ᠎ᠶᠢ ᠲᠦᠭᠡᠮᠡᠯᠵᠢᠭᠦᠯᠪᠡ; ᠬᠥᠯᠥᠨ ᠪᠣᠶ᠋ᠢᠷ ᠬᠤᠲᠠ᠂ ᠲᠦᠩᠯᠢᠶᠣᠣ ᠬᠤᠲᠠ᠎ᠶᠢᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ  ᠨᠡᠢᠭᠡᠮ ᠲᠣᠭᠣᠷᠢᠭ᠋᠎ᠤᠨ ᠲᠤᠤᠷᠵᠢᠯ᠎ᠤᠨ ᠠᠵᠢᠯᠲᠠᠨ᠂ ᠰᠠᠢᠨ ᠳᠤᠷ᠎ᠠ᠎ᠶᠢᠨ ᠠᠵᠢᠯᠯᠠᠭᠰᠠᠳ ᠲᠠᠢ ᠬᠠᠷᠢᠯᠴᠠᠵᠦ᠂ ᠡᠭᠦᠳᠡ ᠲᠣᠭᠰᠢᠵᠤ ᠡᠷᠦᠬᠡ᠎ᠪᠡᠷ ᠬᠦᠨᠵᠡᠭᠡᠢᠷᠡᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠵᠦ᠂  ᠭᠠᠭᠴᠠᠭᠠᠷ ᠰᠠᠭᠤᠭ᠎ᠠ ᠨᠠᠰᠤᠲᠠᠨ᠂ ᠤᠨᠴᠠ ᠬᠦᠴᠢᠷᠳᠡᠯᠲᠡᠢ ᠭᠡᠷ ᠪᠦᠯᠢ᠎ᠵᠢᠨ᠎ᠬᠢᠨ᠎ᠳᠦ ᠡᠳᠦᠷ ᠲᠤᠲᠤᠮ᠎ᠤᠨ ᠭᠠᠯ ᠰᠡᠷᠭᠡᠢᠯᠡᠬᠦ ᠮᠡᠳᠡᠯᠭᠡ᠂ ᠬᠡᠮ ᠰᠣᠭᠣᠭ᠎ᠢ ᠥᠪᠡᠰᠦᠪᠡᠨ ᠪᠠᠢᠴᠠᠭᠠᠬᠤ ᠮᠡᠳᠡᠯᠭᠡ᠎ᠶᠢ ᠡᠵᠡᠮᠰᠢᠬᠦᠯᠪᠡ; ᠤᠯᠠᠭᠠᠨᠴᠠᠪ ᠬᠤᠲᠠ᠎ᠵᠢᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ ᠵᠡᠭᠡᠯᠢ ᠳᠠᠭᠠᠤ᠎ᠶᠢᠨ ᠬᠤᠳᠠᠯᠳᠤᠭᠠᠨ᠎ᠤ ᠳᠡᠯᠭᠡᠭᠦᠷ᠎ᠲᠦ ᠣᠷᠣᠵᠤ᠂ ᠭᠠᠯ ᠤᠨᠲᠠᠷᠠᠭᠠᠬᠤ ᠦᠢᠯᠡᠳᠬᠦᠨ᠎ᠦ ᠦᠨᠡᠨ ᠬᠤᠳᠠᠯ᠎ᠢ ᠢᠯᠭᠠᠨ ᠲᠠᠨᠢᠬᠤ ᠤᠷ᠎ᠠ ᠳᠡᠮ᠎ᠢ ᠲᠠᠢᠯᠪᠤᠷᠢᠯᠠᠨ ᠤᠬᠠᠭᠤᠯᠵᠤ᠂ ᠠᠬᠤᠢ ᠲᠠᠯᠠᠪᠠᠢ᠎ᠳᠤ ᠭᠠᠯ ᠤᠨᠲᠠᠷᠠᠭᠠᠬᠤ ᠲᠤᠨᠤᠭ ᠲᠦᠭᠦᠭᠡᠷᠦᠮᠵᠢ ᠵᠢ  ᠬᠡᠷᠡᠭᠯᠡᠬᠦ ᠠᠷᠭ᠎ᠠ᠎ᠵᠢ ᠤᠯᠠᠮᠵᠢᠯᠠᠨ ᠵᠢᠭᠠᠵᠦ᠂ ᠬᠤᠳᠠᠯᠳᠤᠭᠠᠨ᠎ᠤ ᠡᠷᠦᠬᠡ ᠨᠤᠬᠦᠳ ᠲᠸ᠋ ᠭᠠᠯ᠎ᠤᠨ ᠠᠶᠤᠯ᠎ᠢ ᠰᠡᠷᠭᠡᠢᠯᠡᠨ ᠠᠷᠭᠠᠴᠠᠭᠠᠬᠤ ᠠᠷᠭ᠎ᠠ᠎ᠶᠢ ᠡᠵᠡᠮᠰᠢᠭᠦᠯᠵᠡᠢ; ᠣᠷᠳᠣᠰ ᠬᠤᠲᠠ᠎ᠵᠢᠨ ᠭᠠᠯ ᠰᠠᠷᠬᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ ᠰᠤᠷᠭᠠᠭᠤᠯᠢ᠎ᠶᠢᠨ ᠬᠦᠷᠢᠶᠡᠨ᠎ᠳᠤ ᠣᠷᠣᠵᠤ ᠪᠤᠯᠪᠠᠰᠤᠷᠠᠯ ᠰᠣᠷᠢᠯᠲᠠ ᠬᠢᠵᠦ᠂ ᠰᠤᠷᠭᠠᠭᠤᠯᠢ᠎ᠶᠢᠨ ᠬᠦᠷᠢᠶᠡᠨ᠎ᠤ ᠠᠮᠤᠷ ᠲᠦᠪᠰᠢᠨ᠎ᠤ ᠰᠡᠷᠭᠡᠢᠯᠡᠯᠲᠡ᠎ᠶᠢᠨ ᠱᠤᠭᠤᠮ᠎ᠢ ᠪᠡᠬᠢᠵᠢᠭᠦᠯᠪᠠ᠃

ᠲᠤᠰ ᠤᠳᠠᠭᠠᠨ᠎ᠤ ᠰᠢᠷᠢᠰ ᠤᠬᠠᠭᠤᠯᠭ᠎ᠠ ᠨᠢ ᠬᠠᠮᠤᠷᠬᠤ ᠬᠡᠪᠴᠢᠶ᠎ᠡ ᠪᠡᠷ ᠥᠷᠭᠡᠨ᠂ ᠬᠡᠷᠡᠭᠯᠡᠭᠡᠨ᠎ᠦ ᠴᠢᠨᠠᠷ᠎ᠢᠶᠠᠷ ᠴᠢᠩᠭ᠎ᠠ ᠪᠠᠢᠵᠤ᠂ ᠣᠯᠠᠨ ᠲᠦᠮᠡᠨ᠎ᠦ ᠭᠠᠯ ᠰᠡᠷᠬᠡᠢᠯᠡᠵᠦ ᠭᠠᠯ ᠤᠨᠲᠠᠷᠠᠭᠠᠬᠤ ᠮᠡᠳᠡᠯᠭᠡ᠎ᠶᠢᠨ ᠪᠠᠯᠠᠢ ᠣᠷᠣᠨ᠎ᠢ ᠪᠦᠲᠦᠮᠵᠢᠲᠡᠶ ᠠᠷᠢᠯᠭᠠᠵᠦ᠂ ᠪᠥᠬᠥ ᠣᠷᠣᠨ᠎ᠤ ᠨᠡᠢᠭᠡᠮᠴᠢᠯᠡᠭᠰᠡᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠦ ᠬᠠᠯᠬᠠᠪᠴᠢ᠎ᠶᠢ ᠦᠨᠡᠨ᠎ᠬᠦ ᠪᠡᠬᠢᠵᠢᠬᠦᠯᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面