ᠲᠡᠷᠢᠭᠦᠨ ᠨᠢᠭᠤᠷ>ᠬᠦᠮᠦᠨ ᠨᠡᠢᠭᠡᠮ>ᠨᠡᠢᠭᠡᠮ ᠠᠮᠢᠳᠣᠷᠠᠯ

2026-06-29 16:13:14

ᠵᠣᠬᠢᠶᠠᠭ᠍ᠴᠢ᠄ ᠬᠠᠨ ᠯᠢᠩ ᠯᠢᠩ ᠣᠩᠱᠢᠭ᠍ᠰᠠᠨ ᠣᠳᠠᠭ᠎ᠠ᠄ 3

ᠲᠦᠷᠦᠭᠦᠭᠡᠨ᠂ 2026 ᠣᠨ᠎ᠤ ᠪᠦᠬᠦ ᠣᠷᠣᠨ᠎ᠤ ᠠᠵᠢᠯᠴᠢᠨ᠎ᠤ ᠬᠥᠳᠡᠯᠭᠡᠭᠡᠨ᠎ᠦ ᠤᠨᠤᠯ ᠲᠦᠷᠦ᠎ᠶᠢᠨ ᠪᠣᠳᠣᠯᠭ᠎ᠠ᠎ᠶᠢᠨ ᠰᠤᠳᠤᠯᠭᠠᠨ᠎ᠤ ᠭᠣᠣᠯᠯᠠᠭ᠍ᠴᠢ ᠢ᠋ᠢᠨ ᠪᠣᠯᠪᠠᠰᠤᠷᠠᠯ᠎ᠤᠨ ᠠᠩᠭᠢ ᠬᠥᠬᠡᠬᠣᠲᠠ᠎ᠳᠤ ᠶᠠᠪᠤᠬᠲᠠᠪᠠ᠃

ᠲᠤᠰ ᠤᠳᠠᠭᠠᠨ᠎ᠤ ᠪᠣᠯᠪᠠᠰᠤᠷᠠᠯ᠎ᠤᠨ ᠬᠤᠭᠤᠴᠠᠭ᠎ᠠ ᠨᠢ 3 ᠡᠳᠦᠷ ᠪᠠᠢᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠲᠦ ᠴᠤᠬᠴᠠᠯᠠᠬᠤ ᠭᠤᠤᠯ ᠰᠢᠵᠢᠮ᠎ᠤᠨ ᠲᠤᠭᠤᠷᠢᠨ᠎ᠳᠤ ᠦᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠡᠷᠭᠡ ᠨᠢᠭᠡᠴᠢ ᠶ᠋ᠢᠨ ᠲᠤᠰᠬᠠᠢ ᠮᠡᠷᠭᠡᠵᠢᠯᠲᠡᠨ ᠫᠷᠤᠹᠸᠰᠰᠤᠷ ᠢ᠋ ᠤᠷᠢᠵᠤ᠂ ᠶᠡᠷᠦᠩᠬᠡᠢ ᠱᠦᠵᠢ ᠰᠢ᠎ᠶᠢᠨ ᠫᠢᠩ ᠤ᠋ᠨ ᠳᠤᠮᠳᠠᠳᠤ ᠶ᠋ᠢᠨ ᠪᠦᠬᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ ᠪᠠᠢᠭᠤᠯᠤᠭᠳᠠᠭᠰᠠᠨ 100 ᠵᠢᠯ᠎ᠦᠨ ᠣᠶ ᠶ᠋ᠢ ᠪᠡᠯᠭᠡᠯᠡᠬᠦ ᠵᠢᠴᠢ ᠪᠦᠬᠦ ᠤᠯᠤᠰ᠎ᠤᠨ ᠬᠥᠳᠡᠯᠮᠦᠷᠢ ᠶ᠋ᠢᠨ ᠵᠢᠱ᠌ᠢᠶᠡᠴᠢ ᠪᠣᠯᠣᠨ ᠲᠡᠷᠢᠭᠦᠨ᠎ᠦ ᠠᠵᠢᠯᠲᠠᠨ ᠢ᠋ ᠬᠥᠬᠢᠭᠦᠯᠦᠨ ᠰᠠᠢᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠶ᠋ᠢ ᠰᠤᠷᠤᠯᠴᠠᠨ ᠲᠤᠭᠤᠰᠢᠯᠠᠭᠤᠯᠬᠤ᠂ ᠥᠪᠥᠷ ᠮᠣᠩᠭᠣᠯ᠎ᠤᠨ ᠠᠵᠢᠯᠴᠢᠨ᠎ᠤ ᠬᠥᠳᠡᠯᠭᠡᠭᠡᠨ᠎ᠦ ᠵᠠᠭᠤᠨ ᠵᠢᠯ᠎ᠦᠨ ᠦᠢᠯᠡᠳᠦᠯᠭᠡ ᠪᠠ ᠲᠡᠦᠬᠡ᠎ᠶᠢᠨ ᠰᠡᠩᠬᠡᠷᠡᠭᠦᠯᠦᠯ᠂ ᠵᠠᠰᠠᠭ᠎ᠤᠨ ᠠᠵᠢᠯ᠎ᠤᠨ ᠪᠦᠲᠦᠮᠵᠢ ᠢ᠋ᠢᠨ ᠲᠤᠬᠠᠢ ᠵᠦᠪ ᠦᠵᠡᠯᠲᠡ ᠪᠡᠷ ᠠᠵᠢᠯᠴᠢᠨ᠎ᠤ ᠡᠪᠯᠡᠯ᠎ᠤᠨ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠬᠥᠲᠥᠯᠥᠨ ᠳᠠᠭᠠᠭᠤᠯᠬᠤ᠂ ᠰᠢᠨ᠎ᠡ ᠪᠠᠢᠳᠠᠯ ᠳᠣᠣᠷᠠᠬᠢ ᠠᠵᠢᠯᠴᠢᠨ᠎ᠤ ᠡᠪᠯᠡᠯ᠎ᠦᠨ ᠪᠠᠢᠴᠠᠭᠠᠨ ᠰᠤᠳᠤᠯᠤᠯᠲᠠ ᠪᠠ ᠤᠨᠤᠯ ᠲᠦᠷᠦ᠎ᠶᠢᠨ ᠪᠣᠳᠣᠯᠭ᠎ᠠ᠎ᠶᠢᠨ ᠰᠤᠳᠤᠯᠭᠠᠨ᠎ᠤ ᠠᠵᠢᠯ᠎ᠢ ᠰᠠᠢᠲᠤᠷ ᠬᠢᠬᠦ ᠵᠡᠷᠭᠡ ᠠᠭᠤᠯᠭ᠎ᠠ᠎ᠪᠠᠷ ᠬᠢᠴᠢᠶᠡᠯᠯᠡᠪᠡ᠃ ᠪᠠᠰᠠ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠬᠥᠳᠡᠯᠭᠡᠭᠡᠨ᠎ᠦ ᠰᠤᠳᠤᠯᠭᠠᠨ᠎ᠤ ᠬᠤᠷᠠᠯ᠎ᠦᠨ ᠭᠣᠣᠯᠳᠠᠯᠭ᠎ᠠ᠎ᠲᠠᠢ ᠰᠤᠳᠤᠯᠭᠠᠨ᠎ᠤ ᠰᠡᠳᠦᠪ᠎ᠦᠨ ᠪᠠᠢᠴᠠᠭᠠᠨ ᠰᠤᠳᠤᠯᠬᠤ ᠲᠦᠯᠦᠪᠯᠡᠭᠡ ᠵᠢ ᠲᠠᠷᠤᠮᠠᠯᠯᠠᠨ ᠲᠠᠷᠬᠠᠭᠠᠪᠠ᠃

ᠰᠤᠷᠤᠯᠭᠠᠲᠠᠳ᠂ ᠰᠤᠷᠤᠯᠴᠠᠯᠭ᠎ᠠ᠎ᠪᠠᠷ ᠳᠠᠮᠵᠢᠨ ᠦᠵᠡᠯ ᠰᠠᠨᠠᠭᠠᠨ᠎ᠤ ᠬᠠᠷᠠᠭ᠎ᠠ᠎ᠪᠠᠨ ᠤᠯᠠᠮ ᠨᠢᠭᠡ ᠠᠯᠬᠤᠮ ᠥᠷᠭᠡᠳᠬᠡᠵᠦ᠂ ᠠᠵᠢᠯᠴᠢᠨ᠎ᠤ ᠡᠪᠯᠡᠯ᠎ᠦᠨ ᠪᠠᠢᠴᠠᠭᠠᠨ ᠰᠤᠳᠤᠯᠤᠯᠲᠠ ᠪᠠ ᠣᠨᠣᠯ ᠲᠥᠷᠥ᠎ᠶᠢᠨ ᠪᠣᠳᠣᠯᠭ᠎ᠠ᠎ᠶᠢᠨ ᠰᠤᠳᠤᠯᠭᠠᠨ᠎ᠤ ᠠᠵᠢᠯ᠎ᠢ ᠰᠠᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠤᠳᠤᠯ ᠵᠢᠡᠨ ᠨᠡᠮᠡᠭᠳᠡᠭᠦᠯᠦᠨ᠂ ᠠᠵᠢᠯᠴᠢᠨ᠎ᠤ ᠬᠥᠳᠡᠯᠭᠡᠭᠡᠨ᠎ᠦ ᠣᠨᠣᠯ ᠲᠥᠷᠥ᠎ᠶᠢᠨ ᠪᠣᠳᠣᠯᠭ᠎ᠠ᠎ᠶᠢᠨ ᠰᠤᠳᠤᠯᠭᠠᠨ᠎ᠤ ᠴᠢᠳᠠᠪᠤᠷᠢ ᠪᠠ ᠬᠢᠷᠢ ᠲᠦᠪᠰᠢᠨ᠎ᠢᠶᠡᠨ ᠳᠡᠭᠡᠭᠰᠢᠯᠡᠭᠦᠯᠵᠦ᠂ ᠠᠵᠢᠯᠴᠢᠨ᠎ᠤ ᠡᠪᠯᠡᠯ᠎ᠦᠨ ᠣᠨᠣᠯ ᠲᠥᠷᠥ᠎ᠶᠢᠨ ᠪᠣᠳᠣᠯᠭ᠎ᠠ᠎ᠶᠢᠨ ᠰᠤᠳᠤᠯᠭᠠᠨ᠎ᠤ ᠮᠡᠷᠭᠡᠵᠢᠯᠲᠡᠨ ᠪᠣᠯᠬᠤ᠎ᠳᠤ ᠪᠠᠲᠤ ᠪᠡᠬᠢ ᠣᠨᠣᠯ᠎ᠤᠨ ᠰᠠᠭᠤᠷᠢ᠎ᠶᠢ ᠲᠠᠯᠪᠢᠵᠤ ᠥᠭᠴᠡᠢ ᠬᠡᠵᠦ ᠢᠯᠡᠳᠬᠡᠵᠡᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面