2026-10-15 11:29:24
ᠲᠦᠷᠦᠭᠦᠭᠡᠨ ᠥᠪᠡᠷᠲᠡᠭᠡᠨ ᠵᠠᠰᠠᠬᠤ ᠣᠷᠤᠨ᠎ᠤ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠲᠢᠩᠬᠢᠮ ᠡᠴᠡ ᠬᠥᠬᠡᠬᠤᠲᠠ᠎ᠶ᠋ᠢᠨ ᠠᠵᠤ ᠠᠬᠤᠢ ᠮᠡᠷᠭᠡᠵᠢᠯ᠎ᠤᠨ ᠨᠡᠭᠡᠭᠡᠯᠲᠡ᠎ᠶ᠋ᠢᠨ ᠲᠣᠭᠤᠷᠢᠭ᠎ᠢ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠨᠳᠤᠤᠰᠢᠭᠤᠯᠬᠤ ᠵᠢᠱ᠌ᠢᠶ᠎ᠠ ᠦᠵᠡᠭᠦᠯᠬᠦ᠌ ᠲᠣᠭᠤᠷᠢᠭ ᠪᠤᠯᠭᠠᠬᠤ᠎ᠪᠡᠷ ᠵᠥᠪᠰᠢᠶᠡᠷᠡᠪᠡ᠃
ᠣᠳᠤᠬᠠᠨ ᠪᠣᠯᠲᠠᠯ᠎ᠠ᠂ ᠥᠪᠦᠷ ᠮᠣᠩᠭᠤᠯ᠎ᠳᠤ ᠬᠤᠷᠢᠨᠭᠡᠷ ᠰᠢᠨ᠎ᠡ ᠲᠣᠭᠤᠷᠢᠭ᠂ ᠪᠤᠭᠤᠲᠤ᠎ᠶ᠋ᠢᠨ ᠬᠤᠪᠤᠷ ᠰᠢᠷᠤᠢ᠎ᠶ᠋ᠢᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢᠯᠡᠰ᠎ᠤᠨ ᠨᠡᠭᠡᠭᠡᠯᠲᠡ᠎ᠶ᠋ᠢᠨ ᠲᠣᠭᠤᠷᠢᠭ᠂ ᠣᠷᠳᠤᠰ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢᠯᠡᠰ᠎ᠤᠨ ᠨᠡᠭᠡᠭᠡᠯᠲᠡ᠎ᠶ᠋ᠢᠨ ᠲᠣᠭᠤᠷᠢᠭ᠂ᠬᠥᠬᠡᠬᠤᠲᠠ᠎ᠶ᠋ᠢᠨ ᠠᠵᠤ ᠠᠬᠤᠢ ᠮᠡᠷᠭᠡᠵᠢᠯ᠎ᠤᠨ ᠨᠡᠭᠡᠭᠡᠯᠲᠡ᠎ᠶ᠋ᠢᠨ ᠲᠣᠭᠤᠷᠢᠭ ᠵᠡᠷᠭᠡ 4 ᠬᠦᠷᠢᠶᠡᠯᠡᠩ ᠲᠣᠭᠤᠷᠢᠭ ᠥᠪᠡᠷᠲᠡᠭᠡᠨ ᠵᠠᠰᠠᠬᠤ ᠣᠷᠤᠨ᠎ᠤ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠨᠳᠤᠤᠰᠢᠭᠤᠯᠬᠤ ᠵᠢᠱ᠌ᠢᠶ᠎ᠠ ᠦᠵᠡᠭᠦᠯᠬᠦ᠌ ᠲᠣᠭᠤᠷᠢᠭ᠎ᠢᠶᠠᠷ ᠵᠥᠪᠰᠢᠶᠡᠷᠡᠭᠳᠡᠪᠡ᠃ ᠡᠯ᠎ᠡ ᠬᠦᠷᠢᠶᠡᠯᠡᠩ ᠲᠣᠭᠤᠷᠢᠭ᠎ᠤᠨ ᠬᠢᠨ ᠲᠣᠰ ᠪᠡᠶ᠎ᠡ᠎ᠶ᠋ᠢᠨ ᠠᠵᠤ ᠦᠢᠯᠡᠰ᠎ᠤᠨ ᠳᠠᠪᠠᠭᠤᠯᠢᠭ᠎ᠲᠠᠭᠠᠨ ᠰᠠᠭᠤᠷᠢᠯᠠᠨ ᠨᠠᠷᠢᠯᠢᠭ ᠤᠨᠤᠴᠠᠳᠠᠢ ᠬᠦᠴᠦᠯᠡᠵᠦ᠍᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠨᠳᠤᠤᠰᠢᠭᠤᠯᠬᠤ ᠠᠵᠢᠯ᠎ᠢ ᠠᠵᠤ ᠦᠢᠯᠡᠰ᠎ᠤᠨ ᠲᠠᠰ ᠳᠡᠪᠰᠢᠬᠦᠯᠬᠦ ᠪᠥᠬᠦ᠌ ᠶᠠᠪᠤᠴᠠ᠎ᠳᠤ ᠠᠭᠤᠰᠤᠯᠴᠠᠭᠤᠯᠤᠨ᠂ ᠣᠷᠤᠨ ᠪᠦᠰᠡ᠎ᠶ᠋ᠢᠨ ᠰᠢᠨ᠎ᠡ᠎ᠶ᠋ᠢ ᠡᠭᠦᠳᠬᠦ᠌ ᠳᠣᠲᠤᠭᠠᠳᠤ ᠬᠥᠳᠡᠯᠭᠡᠬᠦ᠌ ᠬᠦᠴᠦᠨ᠎ᠢ ᠲᠠᠰᠤᠷᠠᠯᠲᠠ ᠥᠬᠡᠢ ᠬᠥᠭᠵᠢᠭᠡᠵᠦ ᠪᠤᠢ᠃
2021 ᠣᠨ᠎ᠡᠴᠡ 《ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠨᠳᠤᠤᠰᠢᠭᠤᠯᠬᠤ ᠵᠢᠱ᠌ᠢᠶ᠎ᠠ ᠦᠵᠡᠭᠦᠯᠬᠦ᠌ ᠲᠤᠭᠤᠷᠢᠭ᠎ᠦᠨ ᠪᠥᠲᠦᠭᠡᠨ ᠪᠠᠶ᠋ᠢᠭᠤᠯᠤᠯᠲᠠ᠎ᠶ᠋ᠢᠨ ᠵᠢᠯᠤᠭᠤᠳᠤᠮᠵᠢ》 ᠶ᠋ᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠭᠰᠡᠨ᠎ᠡᠴᠡ ᠨᠠᠭᠠᠰᠢ ᠥᠪᠡᠷᠲᠡᠭᠡᠨ ᠵᠠᠰᠠᠬᠤ ᠣᠷᠤᠨ᠎ᠤ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠲᠢᠩᠬᠢᠮ ᠨᠢᠭᠡᠳᠦᠯᠲᠡᠢ ᠲᠥᠯᠦᠪᠵᠢᠬᠦᠯᠦᠨ ᠠᠬᠢᠭᠤᠯᠬᠤ᠂ ᠣᠨᠴᠠᠯᠢᠭᠲᠤ᠌ ᠠᠩᠬᠠᠷᠤᠯ᠎ᠢᠶᠠᠨ ᠲᠥᠪᠯᠡᠷᠡᠭᠦᠯᠬᠦ᠂ ᠵᠣᠬᠢᠴᠠᠭᠤᠯᠤᠨ ᠬᠤᠯᠪᠤᠭᠠᠯᠠᠨ ᠬᠥᠳᠡᠯᠦᠯᠴᠡᠬᠦ᠂ ᠵᠠᠬ᠎ᠠ ᠳᠡᠯᠭᠡᠭᠦᠷ᠎ᠢᠶᠠᠷ ᠭᠤᠤᠯᠯᠠᠭᠤᠯᠬᠤ᠂ ᠵᠣᠷᠢᠭᠲᠠᠢ᠎ᠪᠠᠷ ᠬᠠᠶ᠋ᠢᠨ ᠰᠦᠪᠡᠭᠴᠢᠯᠡᠬᠦ᠌ ᠪᠥᠲᠦᠭᠡᠨ ᠪᠠᠶ᠋ᠢᠭᠤᠯᠤᠯᠲᠠ᠎ᠶ᠋ᠢᠨ ᠵᠠᠷᠴᠢᠮ᠎ᠢ ᠪᠠᠷᠢᠮᠲᠠᠯᠠᠵᠤ᠂ ᠳᠡᠭᠡᠳᠦ ᠰᠢᠨ᠎ᠡ ᠮᠡᠷᠭᠡᠵᠢᠯ᠎ᠤᠨ ᠲᠣᠭᠤᠷᠢᠭ᠂ ᠠᠵᠤ ᠠᠬᠤᠢ ᠮᠡᠷᠭᠡᠵᠢᠯ᠎ᠤᠨ ᠨᠡᠭᠡᠭᠡᠯᠲᠡ᠎ᠶ᠋ᠢᠨ ᠲᠣᠭᠤᠷᠢᠭ᠂ ᠲᠠᠷᠢᠶᠠᠯᠠᠩ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠦᠷᠢᠶᠡᠯᠡᠩ ᠲᠣᠭᠤᠷᠢᠭ ᠵᠡᠷᠭᠡ ᠡᠯ᠎ᠡ ᠲᠥᠷᠦᠯ᠎ᠤᠨ ᠣᠷᠤᠨ ᠪᠦᠰᠡ᠎ᠶ᠋ᠢᠨ ᠰᠢᠨ᠎ᠡ᠎ᠶ᠋ᠢ ᠡᠭᠦᠳᠬᠦ᠌ ᠥᠨᠳᠦᠷᠯᠢᠭᠲᠤ᠌ ᠲᠦᠰᠢᠭᠯᠡᠨ᠂ ᠵᠢᠱ᠌ᠢᠶ᠎ᠠ ᠦᠵᠡᠭᠦᠯᠬᠦ᠌ ᠲᠣᠭᠤᠷᠢᠭ᠎ᠢ ᠪᠤᠶ᠋ᠢᠵᠢᠭᠤᠯᠤᠨ ᠪᠥᠲᠦᠭᠡᠨ ᠪᠠᠶ᠋ᠢᠭᠤᠯᠵᠤ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠲᠤᠷᠰᠢᠯᠲᠠ᠎ᠶ᠋ᠢᠨ ᠲᠠᠰᠤᠭ᠎ᠡᠴᠡ ᠭᠠᠷᠭᠠᠬᠤ᠂ ᠦᠢᠯᠡᠳᠪᠦᠷᠢᠯᠡᠯ᠎ᠤᠨ ᠱᠤᠭᠤᠮ᠎ᠳᠤ ᠣᠷᠤᠭᠤᠯᠬᠤ᠎ᠳᠤ ᠥᠷᠭᠡᠨ ᠠᠭᠤᠳᠠᠮ ᠲᠠᠪᠴᠠᠩᠪᠠᠶ᠋ᠢᠭᠤᠯᠵᠤ ᠦᠭᠪᠠ᠃ ᠥᠪᠦᠷ ᠮᠣᠩᠭᠤᠯ ᠡᠯ᠎ᠡ ᠵᠢᠱ᠌ᠢᠶ᠎ᠠ ᠦᠵᠡᠭᠦᠯᠬᠦ᠌ ᠲᠤᠭᠤᠷᠢᠭ᠎ᠤᠨ ᠬᠦᠳᠦᠯᠦᠨ ᠳᠠᠭᠠᠭᠤᠯᠵᠤ ᠳᠠᠶ᠋ᠢᠴᠢᠯᠠᠬᠤ ᠦᠢᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠦᠷ᠎ᠡ ᠪᠦᠲᠦᠭᠡᠯ᠎ᠢ ᠤᠨᠳᠤᠤᠰᠢᠭᠤᠯᠬᠤ ᠲᠦᠭᠵᠢᠷᠡᠯ ᠴᠡᠭ᠂ ᠬᠦᠴᠢᠷ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠲᠦᠷᠦ᠎ᠶ᠋ᠢᠨ ᠪᠤᠳᠤᠯᠭ᠎ᠠ᠎ᠶ᠋ᠢ ᠣᠨᠤᠴᠠᠲᠠᠢ ᠬᠡᠷᠡᠭᠵᠢᠭᠦᠯᠵᠦ᠍᠂ ᠤᠨᠳᠤᠤᠰᠢᠭᠤᠯᠬᠤ ᠵᠠᠭᠪᠤᠷ᠎ᠤᠨ ᠰᠢᠨ᠎ᠡ᠎ᠶ᠋ᠢ ᠡᠭᠦᠳᠴᠦ᠍᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠦᠢᠯᠡᠴᠢᠯᠡᠭᠡ᠎ᠶ᠋ᠢ ᠰᠢᠯᠢᠳᠡᠭᠵᠢᠭᠦᠯᠵᠦ᠍᠂ ᠤᠨᠳᠤᠤᠰᠢᠭᠤᠯᠬᠤ ᠦᠷ᠎ᠡ ᠪᠦᠲᠦᠮᠵᠢ᠎ᠶ᠋ᠢ ᠳᠡᠭᠡᠭᠰᠢᠯᠡᠭᠦᠯᠵᠦ᠍᠂ ᠬᠠᠭᠤᠯᠪᠤᠷᠢᠯᠠᠵᠤ ᠪᠣᠯᠬᠤᠢᠴᠠ᠂ ᠳᠡᠯᠭᠡᠷᠡᠭᠦᠯᠵᠦ᠍ ᠪᠣᠯᠬᠤᠢᠴᠠ ᠨᠢᠭᠡ ᠪᠦᠯᠦᠭ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ᠋ ᠤᠨᠳᠤᠤᠰᠢᠭᠤᠯᠬᠤ ᠵᠠᠭᠪᠤᠷ᠎ᠢ ᠪᠦᠬᠦ᠌ ᠬᠦᠴᠦᠨ᠎ᠢᠶᠠᠷ᠎ᠢᠶᠠᠨ ᠠᠬᠢᠭᠤᠯᠵᠤ᠂ ᠨᠡᠩ ᠤᠯᠠᠨ ᠴᠢᠨᠠᠷ ᠰᠠᠶ᠋ᠢᠲᠠᠢ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠦᠷ᠎ᠠ ᠪᠦᠳᠦᠭᠡᠯ᠎ᠦᠨ ᠰᠢᠨ᠎ᠡ᠎ᠶ᠋ᠢ ᠡᠭᠦᠳᠬᠦ ᠳ᠋ᠤ ᠬᠦᠴᠦᠨ ᠨᠠᠮᠡᠷᠢᠯᠡᠬᠦ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃