ᠲᠡᠷᠢᠭᠦᠨ ᠨᠢᠭᠤᠷ>ᠬᠦᠮᠦᠨ ᠨᠡᠢᠭᠡᠮ>ᠨᠡᠢᠭᠡᠮ ᠠᠮᠢᠳᠣᠷᠠᠯ

2026-10-15 17:09:03

ᠵᠣᠬᠢᠶᠠᠭ᠍ᠴᠢ᠄ ᠰᠦᠨ ᠯᠢ ᠶᠢᠡᠭ ᠣᠩᠱᠢᠭ᠍ᠰᠠᠨ ᠣᠳᠠᠭ᠎ᠠ᠄ 3

ᠤᠢᠷ᠎ᠡ᠎ᠳᠦ᠂ ᠬᠥᠬᠡᠬᠣᠲᠠ᠎ᠶᠢᠨ 2026 ᠣᠨ᠎ᠤ 《ᠪᠥᠬᠥ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠦᠨ ᠰᠠᠷ᠎ᠠ》᠎ᠵᠢᠨ ᠲᠥᠪᠯᠡᠷᠡᠬᠦᠯᠦᠨ ᠵᠢᠱ᠌ᠢᠶ᠎ᠡ ᠦᠵᠡᠭᠦᠯᠬᠦ ᠠᠵᠢᠯᠯᠠᠭ᠎ᠠ ᠵᠢᠴᠢ ᠠᠭᠠᠷ᠎ᠤᠨ ᠰᠡᠷᠭᠡᠢᠯᠡᠯᠲᠡ᠎ᠶᠢᠨ ᠰᠡᠷᠡᠮᠵᠢ᠎ᠶᠢᠨ ᠳᠣᠬᠢᠶ᠎ᠠ᠎ᠶᠢ ᠲᠤᠷᠰᠢᠨ ᠳᠤᠤᠭᠠᠷᠭᠠᠬᠤ ᠠᠵᠢᠯᠯᠠᠭ᠎ᠠ ᠶᠠᠪᠤᠭᠳᠠᠪᠠ᠃ ᠠᠵᠢᠯᠯᠠᠭ᠎ᠠ ᠨᠢ 《ᠣᠷᠳᠣ᠌ ᠵᠠᠮ᠎ᠤᠨ ᠠᠶᠠᠨ ᠲᠡᠶ᠋ᠢᠨ᠎ᠦ ᠠᠭᠤᠤ ᠶᠡᠬᠡ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠰᠡᠳᠬᠢᠯ ᠨᠢᠭᠡᠳᠦᠨ ᠬᠦᠴᠦᠷᠬᠡᠭ ᠶᠡᠬᠡ ᠤᠯᠤᠰ᠎ᠤᠨ ᠪᠠᠲᠤᠯᠠᠨ ᠬᠠᠮᠠᠭᠠᠯᠠᠯᠲᠠ᠎ᠶᠢ ᠬᠠᠮᠲᠤ᠎ᠪᠠᠷ ᠪᠠᠶ᠋ᠢᠭᠤᠯᠬᠤ》᠎ᠪᠠᠷ ᠭᠣᠣᠯ ᠰᠡᠳᠦᠪ ᠪᠣᠯᠭᠠᠵᠤ᠂ ᠣᠯᠠᠨ ᠵᠦᠢᠯ᠎ᠦᠨ ᠬᠡᠯᠪᠡᠷᠢ᠎ᠪᠡᠷ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ ᠥᠷᠨᠢᠭᠦᠯᠵᠦ᠂ ᠺᠠᠳ᠋ᠷ ᠣᠯᠠᠨ ᠲᠦᠮᠡᠨ ᠤ᠋ ᠲᠡᠦᠬᠡ᠎ᠶᠢ ᠪᠠᠲᠤ ᠴᠡᠭᠡᠵᠢᠯᠡᠵᠦ᠂ ᠠᠮᠤᠷ ᠲᠦᠪᠰᠢᠨ ᠪᠠᠢᠬᠤ ᠦᠶ᠎ᠡ᠎ᠳᠡᠭᠡᠨ ᠠᠶᠤᠯ ᠲᠦᠭᠰᠢᠭᠦᠷᠢ᠎ᠶᠢ ᠪᠣᠳᠣᠯᠬᠢᠯᠠᠬᠤ ᠵᠢ ᠬᠥᠲᠥᠯᠥᠨ ᠵᠢᠯᠤᠭᠣᠳᠴᠤ᠂ ᠪᠥᠬᠥ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠦᠵᠡᠯᠲᠡ᠎ᠶᠢ ᠴᠢᠡᠭᠭᠠᠳᠬᠠᠪᠠ᠃

ᠡᠨᠡ ᠵᠢᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠤᠢ᠂ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ᠎ᠦ ᠢᠯᠠᠯᠲᠠ ᠣᠯᠣᠭᠰᠠᠨ 90 ᠵᠢᠯ᠎ᠦᠨ ᠤᠢ ᠮᠥᠨ᠃ ᠲᠣᠰ ᠤᠳᠠᠭᠠᠨ᠎ᠤ ᠠᠵᠢᠯᠯᠠᠭ᠎ᠠ᠎ᠶᠢ ᠬᠥᠬᠡᠬᠣᠲᠠ᠎ᠶᠢᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠳᠠᠢᠴᠢᠯᠠᠯᠲᠠ᠎ᠶᠢᠨ ᠠᠯᠪᠠᠨ ᠭᠡᠷ᠂ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠲᠣᠪᠴᠢᠶ᠎ᠠ ᠵᠡᠷᠭᠡ ᠪᠠᠢᠭᠤᠯᠭ᠎ᠠ ᠨᠢᠬᠡᠴᠢ᠎ᠠᠴᠠ ᠬᠠᠮᠲᠤᠷᠠᠨ ᠡᠷᠭᠢᠯᠡᠵᠦ᠂ ᠺᠠᠳ᠋ᠷ ᠤᠯᠠᠨ ᠲᠦᠮᠡᠨ᠂ ᠰᠤᠷᠤᠬ᠍ᠴᠢ᠂ ᠴᠡᠷᠢᠭ ᠤ᠋ᠨ ᠠᠯᠪᠠ᠎ᠡᠴᠡ ᠬᠠᠯᠠᠭᠳᠠᠭᠰᠠᠳ᠂ ᠶᠣᠰᠣ᠌ ᠰᠤᠷᠲᠠᠬᠤᠨ᠎ᠤ ᠵᠢᠱ᠌ᠢᠶᠡᠴᠢ᠎ᠶᠢᠨ ᠲᠥᠯᠥᠭᠡᠯᠡᠭᠴᠢ ᠲᠤᠬᠠᠢ ᠵᠢᠨ ᠲᠠᠯᠠᠪᠠᠢ ᠳ᠋ᠤ ᠴᠤᠭᠯᠠᠷᠠᠵᠤ᠂ ᠤᠯᠤᠰ᠎ᠢᠶᠠᠨ ᠬᠠᠢᠷᠠᠯᠠᠬᠤ ᠦᠵᠡᠯ ᠪᠠ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ ᠬᠦᠷᠳᠡᠪᠡ᠃

ᠳᠤᠰ ᠡᠳᠤᠷ᠎ᠤᠨ 9 ᠴᠠᠭ 30 ᠮᠢᠨᠦ᠋ᠲ᠎ᠲᠦ᠂ ᠠᠭᠠᠷ᠎ᠤᠨ ᠰᠡᠷᠭᠡᠢᠯᠡᠯᠲᠡ᠎ᠶᠢᠨ ᠤᠷᠢᠳᠴᠢᠯᠠᠨ ᠰᠡᠷᠭᠡᠢᠯᠡᠬᠦ ᠰᠡᠷᠡᠮᠵᠢ᠎ᠶᠢᠨ ᠳᠣᠬᠢᠶ᠎ᠠ᠎ᠶᠢ ᠳᠤᠤᠭᠠᠷᠭᠠᠵᠤ᠂ ᠪᠦᠬᠦ ᠲᠠᠯᠠᠪᠠᠢ᠎ᠶᠢᠨ ᠬᠥᠮᠥᠰ ᠲᠥᠪ ᠵᠣᠭᠰᠣᠵᠤ᠂ ᠬᠤᠪᠢᠰᠬᠠᠯ᠎ᠤᠨ ᠦᠷᠡᠭᠳᠡᠭᠰᠡᠨ ᠪᠠᠭᠠᠲᠤᠷᠴᠤᠳ ᠢ᠋ ᠭᠦᠨ᠎ᠡ ᠳᠤᠷᠠᠰᠤᠨ ᠰᠠᠨᠠᠭᠠᠯᠵᠠᠪᠠ᠃ ᠰᠡᠷᠡᠮᠵᠢ᠎ᠶᠢᠨ ᠳᠣᠬᠢᠶ᠎ᠠ᠎ᠶᠢ ᠲᠤᠷᠰᠢᠨ ᠳᠤᠤᠭᠠᠷᠭᠠᠬᠤ᠎ᠶᠢᠨ ᠵᠡᠷᠭᠡ ᠪᠡᠷ ᠪᠥᠬᠥ ᠬᠣᠲᠠ᠎ᠶᠢᠨ ᠠᠷᠠᠳ᠎ᠤᠨ ᠠᠭᠠᠷ᠎ᠤᠨ ᠰᠡᠷᠭᠡᠢᠯᠡᠯᠲᠡ᠎ᠶᠢᠨ ᠰᠡᠷᠡᠮᠵᠢ᠎ᠶᠢᠨ ᠳᠣᠬᠢᠶᠠᠨ᠎ᠤ ᠲᠥᠬᠦᠭᠡᠷᠦᠮᠵᠢ᠎ᠶᠢ ᠰᠢᠯᠭᠠᠨ ᠪᠠᠢᠴᠠᠭᠠᠵᠤ᠂ ᠣᠯᠠᠨ ᠲᠦᠮᠡᠨ᠎ᠳᠦ ᠪᠠᠴᠢᠮ ᠪᠠᠢᠳᠠᠯ᠎ᠢ ᠠᠷᠭᠠᠴᠠᠭᠠᠵᠤ ᠠᠶᠤᠯ᠎ᠠᠴᠠ ᠵᠠᠢᠯᠠᠬᠤ ᠮᠡᠳᠡᠯᠭᠡ᠎ᠶᠢ ᠲᠦᠭᠡᠮᠡᠯᠵᠢᠭᠦᠯᠪᠡ᠃ 6 ᠨᠡᠢᠲᠡᠯᠢᠭ ᠵᠢᠱ᠌ᠢᠶᠡᠴᠢ ᠪᠠ ᠰᠤᠷᠤᠭ᠍ᠴᠢᠳ᠎ᠤᠨ ᠲᠥᠯᠥᠭᠡᠯᠡᠭᠴᠢ ᠬᠠᠮᠲᠤ᠎ᠪᠠᠷ ᠪᠥᠬᠥ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠦᠨ ᠰᠠᠨᠠᠭᠠᠴᠢᠯᠠᠭ᠎ᠠ᠎ᠶᠢᠨ ᠪᠢᠴᠢᠭ᠎ᠢ ᠤᠩᠰᠢᠨ ᠨᠡᠢᠲᠡᠯᠡᠵᠦ᠂ ᠬᠣᠲᠠ᠎ᠶᠢᠨ ᠠᠷᠠᠳ᠎ᠢ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠡᠭᠦᠷᠭᠡ᠎ᠪᠡᠨ ᠤᠬᠠᠮᠰᠠᠷ᠎ᠠᠴᠠ ᠪᠠᠨ ᠭᠦᠢᠴᠡᠳᠬᠡᠬᠦ᠎ᠶᠢ ᠤᠷᠢᠶᠠᠯᠠᠪᠠ᠃

ᠲᠣᠰ ᠤᠳᠠᠭᠠᠨ᠎ᠤ ᠠᠵᠢᠯᠯᠠᠭ᠎ᠠ ᠨᠢ ᠬᠥᠬᠡᠬᠣᠲᠠ᠎ᠶᠢᠨ 《ᠪᠥᠬᠥ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠦᠨ ᠰᠠᠷ᠎ᠠ》 ᠵᠢᠨ ᠰᠢᠷᠢᠰ ᠠᠵᠢᠯᠯᠠᠭ᠎ᠠ᠎ᠶᠢᠨ ᠬᠥᠰᠢᠭᠡ᠎ᠶᠢ ᠵᠢᠩᠬᠢᠨᠢ᠎ᠪᠡᠷ ᠰᠡᠬᠦᠪᠡ᠃ ᠬᠦᠬᠡᠬᠤᠳᠠ ᠠᠬᠠᠮᠠᠳ ᠴᠡᠷᠢᠭ ᠤ᠋ᠨ ᠤᠬᠠᠭᠤᠯᠤᠨ ᠲᠠᠢᠯᠪᠤᠷᠢᠯᠠᠯᠳᠠ᠂ ᠰᠤᠳᠤᠯᠤᠨ ᠰᠤᠷᠤᠯᠴᠠᠬᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠵᠡᠷᠭᠡ ᠠᠵᠢᠯᠯᠠᠭ᠎ᠠ᠎ᠶᠢ ᠪᠠᠢᠭᠤᠯᠭ᠎ᠠ᠂ ᠰᠤᠷᠭᠠᠭᠤᠯᠢ᠎ᠶᠢᠨ ᠬᠦᠷᠢᠶ᠎ᠡ᠂ ᠨᠡᠢᠭᠡᠮ ᠲᠣᠭᠣᠷᠢᠭ᠋᠎ᠲᠤ ᠣᠷᠣᠭᠤᠯᠬᠤ ᠵᠢ ᠠᠬᠢᠭᠤᠯᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠦᠨ ᠪᠦᠷᠬᠦᠴᠡ᠎ᠶᠢ ᠲᠠᠰᠤᠷᠠᠯᠲᠠ ᠦᠭᠡᠢ ᠥᠷᠭᠡᠳᠬᠡᠵᠦ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠤᠬᠠᠮᠰᠠᠷ᠎ᠢ ᠬᠥᠮᠥᠰ᠎ᠦᠨ ᠰᠡᠳᠬᠢᠯ᠎ᠳᠦ ᠬᠠᠳᠠᠡᠭᠰᠢᠭᠤᠯᠵᠤ᠂ ᠤᠯᠤᠰ ᠣᠷᠣᠨ᠎ᠤ ᠠᠮᠤᠷ ᠲᠣᠭᠲᠠᠭᠤᠨ᠎ᠢ ᠰᠠᠬᠢᠨ ᠬᠠᠮᠠᠭᠠᠯᠠᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面