2026-10-19 11:25:39
ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠨᠡᠶ᠋ᠢᠭᠡᠮᠯᠢᠭ ᠲᠦᠷᠦᠭᠦᠬᠡᠨ《ᠮᠤᠵᠢ᠎ᠶᠢᠨ ᠱᠠᠲᠤᠨ᠎ᠤ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠨᠡᠶ᠋ᠢᠭᠡᠮᠯᠢᠭ᠎ᠦᠨ ᠰᠢᠨᠵᠢᠯᠡᠬᠦ᠌ ᠤᠬᠠᠭᠠᠨ ᠢ᠋ ᠲᠦᠭᠡᠮᠡᠯᠵᠢᠭᠦᠯᠬᠦ᠌ ᠠᠵᠢᠯ᠎ᠢ ᠴᠢᠩᠭᠠᠳᠬᠠᠵᠤ ᠦᠨᠳᠦᠰᠦᠨ ᠱᠠᠲᠤᠨ᠎ᠤ ᠰᠢᠨᠵᠢᠯᠡᠬᠦ᠌ ᠤᠬᠠᠭᠠᠨ ᠢ᠋ ᠲᠦᠭᠡᠮᠡᠯᠵᠢᠭᠦᠯᠬᠦ᠌ ᠴᠢᠳᠠᠪᠤᠷᠢ᠎ᠶᠢ ᠳᠡᠭᠡᠭᠰᠢᠯᠡᠭᠦᠯᠬᠦ᠌ ᠲᠤᠬᠠᠶ ᠵᠢᠯᠣᠭᠣᠳᠬᠤ ᠰᠠᠨᠠᠯ》 ᠢ᠋ ᠨᠡᠶ᠋ᠢᠲᠡᠯᠡᠵᠦ᠍᠂ ᠲᠤᠰᠬᠠᠶ ᠣᠷᠣᠨ ᠬᠣᠲᠠ᠎ᠶᠢᠨ ᠱᠠᠲᠤᠨ᠎ᠤ ᠵᠠᠰᠠᠭ ᠵᠠᠬᠢᠷᠭᠠᠨ᠎ᠤ ᠣᠷᠣᠨ᠎ᠤ᠎ᠬᠢᠨ ᠰᠤᠯᠠ ᠪᠠᠶ᠋ᠢᠭ᠎ᠠ ᠲᠠᠯᠠᠪᠤᠷ ᠭᠠᠵᠠᠷ᠎ᠢ ᠨᠢᠭᠡᠳᠦᠯᠲᠡᠶ ᠲᠥᠯᠥᠪᠵᠢᠬᠦᠯᠤᠨ ᠵᠣᠬᠢᠴᠠᠭᠤᠯᠵᠤ ᠠᠰᠢᠭᠯᠠᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠷᠳᠣᠨ᠎ᠤ ᠪᠦᠳᠤᠭᠡᠨ ᠪᠠᠶ᠋ᠢᠭᠤᠯᠤᠯᠲᠠ᠎ᠶᠢ ᠲᠦᠷᠭᠡᠳᠬᠡᠬᠦ᠌᠎ᠶᠢ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ ᠲᠤᠰᠬᠠᠶ ᠣᠷᠣᠨ ᠬᠣᠲᠠ᠎ᠶᠢᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠷᠳᠣᠨ᠎ᠢ ᠨᠡᠶ᠋ᠢᠳᠡᠮ ᠪᠦᠷᠬᠦᠬᠦᠯᠬᠦ ᠵᠢ ᠦᠨᠳᠦᠰᠦᠨ᠎ᠳᠡᠭᠡᠨ ᠪᠡᠶᠡᠯᠡᠭᠦᠯᠦᠨ᠎ᠡ ᠭᠡᠵᠦ᠍ ᠲᠣᠳᠣᠷᠬᠠᠢᠯᠠᠪᠠ᠃
ᠦᠨᠳᠦᠰᠦᠨ ᠱᠠᠲᠤᠨ᠎ᠤ ᠰᠢᠨᠵᠢᠯᠡᠬᠦ᠌ ᠤᠬᠠᠭᠠᠨ ᠢ᠋ ᠲᠦᠭᠡᠮᠡᠯᠵᠢᠭᠦᠯᠬᠦ᠌ ᠴᠢᠳᠠᠪᠤᠷᠢ᠎ᠶᠢ ᠪᠥᠬᠥ᠌ ᠲᠠᠯ᠎ᠠ᠎ᠪᠠᠷ ᠳᠡᠭᠡᠭᠰᠢᠯᠡᠭᠦᠯᠵᠦ᠍᠂ ᠰᠢᠨᠵᠢᠯᠡᠬᠦ᠌ ᠤᠬᠠᠭᠠᠨ ᠢ᠋ ᠲᠦᠭᠡᠮᠡᠯᠵᠢᠭᠦᠯᠬᠦ᠌ ᠠᠵᠢᠯ᠎ᠤᠨ ᠰᠢᠰᠲ᠋ᠧᠮ᠎ᠳᠡᠬᠢ ᠮᠤᠵᠢ᠎ᠶᠢᠨ ᠱᠠᠲᠤᠨ᠎ᠤ ᠨᠢᠭᠡᠳᠦᠯᠲᠡᠶ ᠲᠥᠯᠥᠪᠵᠢᠭᠦᠯᠬᠦ᠌ ᠦᠢᠯᠡᠳᠤᠯ ᠢ ᠴᠢᠩᠭᠠᠳᠬᠠᠬᠤ᠎ᠶᠢᠨ ᠲᠥᠯᠥᠭᠡ᠂ ᠰᠠᠨᠠᠯ᠎ᠳᠤ ᠰᠢᠨᠵᠢᠯᠡᠬᠦ᠌ ᠤᠬᠠᠭᠠᠨ ᠢ᠋ ᠲᠦᠭᠡᠮᠡᠯᠵᠢᠭᠦᠯᠬᠦ᠌ ᠴᠢᠨᠠᠷ ᠰᠠᠶ᠋ᠢᠲᠠᠶ ᠡᠬᠢ ᠪᠠᠶᠠᠯᠢᠭ᠎ᠤᠨ ᠬᠠᠩᠭᠠᠯᠭ᠎ᠠ᠎ᠶᠢ ᠴᠢᠩᠭᠠᠳᠬᠠᠬᠤ᠂ ᠰᠢᠨᠵᠢᠯᠡᠬᠦ᠌ ᠤᠬᠠᠭᠠᠨ ᠢ᠋ ᠲᠦᠭᠡᠮᠡᠯᠵᠢᠭᠦᠯᠬᠦ᠌ ᠵᠢᠭᠰᠠᠭᠠᠯ ᠤᠨ ᠭᠠᠵᠠᠷ᠎ᠤᠨ ᠦᠢᠯᠡᠴᠢᠯᠡᠭᠡᠨ᠎ᠦ ᠶᠠᠰᠤ ᠴᠢᠨᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠌᠂ ᠦᠨᠳᠦᠰᠦᠨ ᠱᠠᠲᠤᠨ᠎ᠤ ᠰᠢᠨᠵᠢᠯᠡᠬᠦ᠌ ᠤᠬᠠᠭᠠᠨ ᠢ᠋ ᠲᠦᠭᠡᠮᠡᠯᠵᠢᠭᠦᠯᠬᠦ᠌ ᠦᠢᠯᠡᠴᠢᠯᠡᠭᠡ᠎ᠶᠢ ᠴᠢᠩᠭᠠᠳᠬᠠᠬᠤ᠂ ᠰᠢᠨᠵᠢᠯᠡᠬᠦ᠌ ᠤᠬᠠᠭᠠᠨ ᠢ᠋ ᠲᠦᠭᠡᠮᠡᠯᠵᠢᠭᠦᠯᠬᠦ᠌ ᠵᠣᠬᠢᠶᠠᠨ ᠪᠠᠶ᠋ᠢᠭᠤᠯᠤᠯᠲᠠ ᠪᠠ ᠴᠢᠳᠠᠪᠤᠷᠢᠲᠠᠨ᠎ᠤ ᠡᠩᠨᠡᠭᠡ᠎ᠶᠢ ᠪᠠᠶ᠋ᠢᠭᠤᠯᠤᠨ ᠬᠦᠴᠦᠷᠬᠡᠭᠵᠢᠭᠦᠯᠬᠦ᠌᠂ ᠰᠢᠨᠵᠢᠯᠡᠬᠦ᠌ ᠤᠬᠠᠭᠠᠨ ᠢ᠋ ᠲᠦᠭᠡᠮᠡᠯᠵᠢᠭᠦᠯᠬᠦ᠌ ᠠᠵᠢᠯ᠎ᠤᠨ ᠪᠠᠲᠤᠯᠠᠭ᠎ᠠ᠎ᠶᠢ ᠴᠢᠩᠭᠠᠳᠬᠠᠬᠤ ᠵᠡᠷᠭᠡ ᠲᠠᠯ᠎ᠠ᠎ᠪᠠᠷ 17 ᠵᠦᠢᠯ᠎ᠦᠨ ᠠᠷᠭ᠎ᠠ ᠬᠡᠮᠵᠢᠶ᠎ᠡ ᠳᠤᠷᠠᠳᠪᠠ᠃
ᠰᠠᠨᠠᠯ᠎ᠳᠤ᠂ ᠮᠤᠵᠢ᠎ᠶᠢᠨ ᠱᠠᠲᠤᠨ᠎ᠤ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠣᠷᠳᠣᠨ᠎ᠤ ᠰᠢᠰᠲ᠋ᠧᠮ᠎ᠦᠨ ᠪᠠᠶ᠋ᠢᠭᠤᠯᠤᠯᠲᠠ᠎ᠶᠢ ᠶᠡᠬᠡᠪᠡᠷ ᠠᠬᠢᠭᠤᠯᠵᠤ᠂ ᠮᠤᠵᠢ᠎ᠶᠢᠨ ᠱᠠᠲᠤᠨ᠎ᠤ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠣᠷᠳᠣᠨ ᠤ ᠨᠢᠭᠡᠳᠦᠯᠲᠡᠶ ᠲᠥᠯᠥᠪᠵᠢᠭᠦᠯᠬᠦ᠌ ᠦᠢᠯᠡᠳᠤᠯ᠎ᠢ ᠭᠦᠢᠴᠡᠳ ᠪᠠᠳᠠᠷᠠᠭᠤᠯᠵᠤ᠂ ᠲᠥᠪ᠎ᠦᠨ ᠪᠠ ᠣᠷᠣᠨ ᠨᠤᠲᠤᠭ ᠤᠨ ᠡᠬᠢ ᠪᠠᠶᠠᠯᠢᠭ ᠢ᠋ ᠬᠣᠯᠪᠣᠭᠠᠯᠠᠨ ᠠᠰᠢᠬᠯᠠᠵᠤ᠂ ᠬᠣᠲᠠ᠂ ᠰᠢᠶᠠᠨ᠎ᠤ ᠱᠠᠲᠤᠨ ᠤ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠣᠷᠳᠣᠨ᠎ᠢ ᠵᠢᠱ᠌ᠢᠶ᠎ᠡ ᠦᠵᠡᠭᠦᠯᠦᠨ ᠳᠠᠶ᠋ᠢᠴᠢᠯᠠᠵᠤ ᠪᠠᠶ᠋ᠢᠭᠠᠳ ᠳᠡᠯᠭᠡᠨ ᠦᠵᠡᠭᠦᠯᠬᠦ᠌ ᠵᠢᠭᠠᠨ ᠰᠤᠳᠤᠯᠬᠤ᠎ᠶᠢ ᠨᠢᠭᠡ ᠴᠣᠭᠴᠠᠵᠢᠭᠤᠯᠬᠤ ᠡᠬᠢ ᠡᠭᠦᠰᠦᠯ ᠦᠨ ᠴᠢᠳᠠᠪᠤᠷᠢ᠎ᠶᠢ ᠬᠠᠮᠲᠤ᠎ᠪᠠᠷ ᠳᠡᠭᠡᠭᠰᠢᠯᠡᠭᠦᠯᠤᠨ᠎ᠠ᠃ ᠣᠷᠣᠨ ᠨᠤᠲᠤᠭ᠎ᠤᠨ ᠡᠳ᠋᠎ᠦᠨ ᠵᠠᠰᠠᠭ ᠤᠨ ᠲᠠᠯᠠᠪᠤᠷ ᠣᠷᠳᠣᠨ ᠢ ᠪᠥᠲᠥᠭᠡᠨ ᠪᠠᠶ᠋ᠢᠭᠤᠯᠵᠤ ᠡᠵᠡᠩᠨᠡᠬᠦ᠌ ᠣᠷᠣᠭᠤᠯᠤᠯᠲᠠ᠎ᠶᠢᠨ ᠬᠠᠷᠢᠭᠤᠴᠠᠯᠭ᠎ᠠ᠎ᠶᠢ ᠨᠠᠶ᠋ᠢᠳᠠᠪᠤᠷᠢᠵᠢᠭᠤᠯᠵᠤ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠷᠳᠣᠨ᠎ᠤ ᠦᠨ᠎ᠡ ᠲᠥᠯᠥᠪᠦᠷᠢ ᠥᠬᠡᠶ᠎ᠪᠡᠷ ᠭᠠᠳᠠᠬᠰᠢ ᠨᠡᠭᠡᠭᠡᠯᠲᠡ ᠬᠢᠬᠦ᠌ ᠪᠠᠯᠠ ᠮᠥᠩᠭᠥ᠎ᠶᠢ ᠵᠢᠷᠤᠮᠵᠢᠭᠤᠯᠤᠨ ᠬᠡᠷᠡᠭᠯᠡᠵᠦ᠍᠂ ᠠᠵᠤ ᠠᠬᠤᠶ᠋ᠢᠯᠠᠯ᠂ ᠰᠠᠭᠤᠷᠢ ᠮᠥᠩᠭᠥᠨ᠎ᠦ ᠨᠡᠶ᠋ᠢᠭᠡᠮᠯᠢᠭ ᠵᠡᠷᠭᠡ ᠨᠡᠶ᠋ᠢᠭᠡᠮ᠎ᠦᠨ ᠬᠦᠴᠦᠨ᠎ᠤ᠋ ᠲᠠᠯᠠᠪᠤᠷ ᠣᠷᠳᠣᠨ᠎ᠤ ᠪᠥᠲᠥᠭᠡᠨ ᠪᠠᠶ᠋ᠢᠭᠤᠯᠤᠯᠲᠠ᠂ ᠡᠵᠡᠩᠨᠡᠯᠲᠡ᠎ᠳᠦ ᠣᠷᠣᠯᠴᠠᠭᠤᠯᠬᠤ ᠵᠢ ᠬᠦᠳᠤᠯᠤᠨ ᠵᠢᠯᠤᠭᠤᠳᠤᠨ᠎ᠠ ᠭᠡᠵᠤ ᠲᠤᠷᠠᠳᠪᠠ᠃
ᠰᠠᠨᠠᠯ᠎ᠳᠤ᠂ ᠰᠢᠨ᠎ᠡ᠎ᠶᠢ ᠡᠭᠦᠳᠬᠦ᠌ ᠦᠵᠡᠭᠳᠡᠯ ᠪᠠᠢᠳᠠᠯ ᠤ᠋ᠨ ᠵᠢᠱ᠌ᠢᠢ᠎ᠡ ᠦᠵᠡᠭᠦᠯᠦᠨ ᠳᠡᠯᠭᠡᠷᠡᠭᠦᠯᠬᠦ᠌᠎ᠶᠢ ᠴᠢᠩᠭᠠᠳᠬᠠᠵᠤ᠂ ᠰᠢᠨᠵᠢᠯᠡᠬᠦ᠌ ᠤᠬᠠᠭᠠᠨ ᠢ᠋ ᠲᠦᠭᠡᠮᠡᠯᠵᠢᠭᠦᠯᠬᠦ᠌ ᠪᠠ ᠰᠣᠶᠣᠯ ᠵᠢᠭᠤᠯᠴᠢᠯᠠᠯ᠂ ᠰᠤᠷᠭᠠᠨ ᠬᠥᠮᠦᠵᠢᠯ᠂ ᠪᠡᠶ᠎ᠡ᠎ᠶᠢᠨ ᠲᠠᠮᠢᠷ᠂ ᠬᠥᠳᠡᠭᠡ ᠠᠵᠤ ᠠᠬᠤᠢ ᠵᠡᠷᠭᠡ᠎ᠶᠢ ᠠᠭᠤᠰᠤᠯᠴᠠᠭᠤᠯᠬᠤ ᠵᠠᠭᠪᠤᠷ᠎ᠢ ᠬᠥᠭᠵᠢᠭᠦᠯᠵᠦ᠍᠂ ᠰᠢᠨᠵᠢᠯᠡᠬᠦ᠌ ᠤᠬᠠᠭᠠᠨ ᠢ᠋ ᠲᠦᠭᠡᠮᠡᠯᠵᠢᠭᠦᠯᠬᠦ᠌ ᠰᠢᠨᠵᠢᠯᠡᠬᠦ᠌ ᠤᠬᠠᠭᠠᠨ ᠢ᠋ ᠰᠤᠳᠤᠯᠬᠤ ᠵᠡᠷᠭᠡ ᠰᠢᠨ᠎ᠡ ᠬᠡᠯᠪᠡᠷᠢ᠎ᠶᠢᠨ ᠰᠢᠨᠵᠢᠯᠡᠬᠦ᠌ ᠤᠬᠠᠭᠠᠨ ᠢ᠋ ᠲᠦᠭᠡᠮᠡᠯᠵᠢᠭᠦᠯᠬᠦ᠌ ᠦᠵᠡᠭᠳᠡᠯ ᠪᠠᠢᠳᠠᠯ ᠡᠵᠡᠩᠨᠡᠯᠲᠡ᠎ᠶᠢᠨ ᠬᠡᠯᠪᠡᠷᠢ᠎ᠶᠢ ᠥᠷᠭᠡᠳᠬᠡᠵᠦ᠍᠂ ᠰᠢᠨᠵᠢᠯᠡᠬᠦ᠌ ᠤᠬᠠᠭᠠᠨ ᠢ᠋ ᠲᠦᠭᠡᠮᠡᠯᠵᠢᠭᠦᠯᠬᠦ᠌ ᠤᠨᠴᠠᠯᠢᠬᠳᠤ ᠬᠡᠷᠡᠭᠯᠡᠭᠡᠨ᠎ᠦ ᠦᠵᠡᠭᠳᠡᠯ ᠪᠠᠶ᠋ᠢᠳᠠᠯ᠎ᠢ ᠪᠣᠶ᠋ᠢᠵᠢᠭᠤᠯᠤᠨ᠎ᠠ᠃ ᠮᠤᠵᠢ᠎ᠶᠢᠨ ᠱᠠᠲᠤᠨ᠎ᠤ ᠰᠢᠨᠵᠢᠯᠡᠬᠦ᠌ ᠤᠬᠠᠭᠠᠨ ᠢ᠋ ᠲᠦᠭᠡᠮᠡᠯᠵᠢᠭᠦᠯᠬᠦ᠌ ᠬᠥᠭᠵᠢᠯᠲᠡ᠎ᠶᠢᠨ ᠰᠠᠭᠤᠷᠢ ᠮᠥᠩᠭᠥ᠌ ᠪᠠᠶ᠋ᠢᠭᠤᠯᠬᠤ᠎ᠶᠢ ᠵᠣᠷᠢᠭᠵᠢᠭᠤᠯᠵᠤ᠂ ᠠᠵᠤ ᠠᠬᠤᠶ᠋ᠢᠯᠠᠯ᠂ ᠨᠡᠶ᠋ᠢᠭᠡᠮ᠎ᠦᠨ ᠬᠦᠷᠦᠨᠭᠭᠡ᠎ᠶᠢᠨ ᠰᠢᠨᠵᠢᠯᠡᠬᠦ᠌ ᠤᠬᠠᠭᠠᠨ ᠢ᠋ ᠲᠦᠭᠡᠮᠡᠯᠵᠢᠭᠦᠯᠬᠦ᠌ ᠲᠦᠷᠦᠯ ᠵᠦᠢᠯ ᠳ᠋ᠤ ᠣᠷᠣᠯᠴᠠᠬᠤ᠎ᠶᠢ ᠬᠦᠳᠦᠯᠦᠨ ᠵᠢᠯᠣᠭᠣᠳᠴᠤ᠌᠂ ᠨᠡᠶ᠋ᠢᠭᠡᠮᠴᠢᠯᠡᠭᠰᠡᠨ ᠪᠡᠯᠡ ᠴᠤᠭᠯᠠᠭᠤᠯᠬᠤ ᠠᠷᠭ᠎ᠠ ᠵᠠᠮ᠎ᠢ ᠥᠷᠭᠡᠳᠬᠡᠨ᠎ᠡ ᠭᠡᠵᠤ ᠲᠤᠳᠤᠷᠬᠠᠢᠯᠠᠪᠠ᠃
ᠦᠨᠡᠯᠡᠯᠲᠡ ᠬᠢᠵᠦ᠍ ᠤᠷᠮᠠᠰᠢᠭᠤᠯᠬᠤ ᠲᠠᠯ᠎ᠠ᠎ᠪᠠᠷ᠂ ᠰᠠᠨᠠᠯ᠎ᠳᠤ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ᠂ ᠡᠳ᠋᠎ᠦᠨ ᠵᠠᠰᠠᠭ ᠵᠡᠷᠭᠡ ᠰᠠᠯᠠᠭ᠎ᠠ ᠮᠥᠴᠢᠷ᠎ᠢ ᠢᠳᠡᠪᠬᠢᠲᠡᠶ ᠵᠣᠬᠢᠴᠠᠭᠤᠯᠵᠤ᠂ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠵᠢᠯ᠎ᠤᠨ ᠦᠷ᠎ᠡ ᠪᠦᠲᠦᠭᠡᠯ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠠᠶ᠋ᠢᠨ ᠳᠤᠷ᠎ᠠ᠎ᠶᠢᠨ ᠦᠢᠯᠡᠴᠢᠯᠡᠭᠡ᠂ ᠰᠢᠨᠵᠢᠯᠡᠬᠦ᠌ ᠤᠬᠠᠭᠠᠨ ᠢ᠋ ᠲᠦᠭᠡᠮᠡᠯᠵᠢᠭᠦᠯᠬᠦ᠌ ᠵᠣᠬᠢᠶᠠᠨ ᠪᠦᠲᠦᠭᠡᠬᠦ ᠠᠮᠵᠢᠯᠲᠠ ᠪᠦᠲᠦᠮᠵᠢ ᠵᠡᠷᠭᠡ᠎ᠶᠢ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠤ ᠮᠡᠷᠭᠡᠵᠢᠯ᠎ᠦᠨ ᠴᠣᠯᠠ᠎ᠶᠢ ᠬᠢᠨᠠᠨ ᠲᠣᠭᠲᠠᠭᠠᠬᠤ᠂ ᠰᠢᠯᠢᠳᠡᠭ ᠪᠠ ᠲᠡᠷᠢᠭᠦᠨ᠎ᠦ᠎ᠬᠢ᠎ᠶᠢ ᠰᠢᠯᠭᠠᠷᠠᠭᠤᠯᠬᠤ᠂ ᠲᠥᠷᠥᠯ ᠵᠦᠢᠯ᠎ᠦᠨ ᠠᠮᠵᠢᠯᠲᠠ ᠪᠦᠲᠦᠮᠵᠢ᠎ᠶᠢ ᠦᠨᠡᠯᠡᠬᠦ᠌ ᠰᠢᠰᠲ᠋ᠧᠮ᠎ᠳᠦ ᠣᠷᠣᠭᠤᠯᠬᠤ᠎ᠶᠢ ᠠᠬᠢᠭᠤᠯᠤᠨ᠎ᠠ᠃ ᠦᠨᠳᠦᠰᠦᠨ ᠱᠠᠲᠤᠨ᠎ᠤ ᠰᠢᠨᠵᠢᠯᠡᠬᠦ᠌ ᠤᠬᠠᠭᠠᠨ ᠢ ᠲᠦᠭᠡᠮᠡᠯᠵᠢᠭᠦᠯᠬᠦ᠌ ᠲᠡᠷᠢᠭᠦᠨ ᠦ ᠨᠡᠶ᠋ᠢᠲᠡᠯᠢᠭ ᠵᠢᠱ᠌ᠢᠶ᠎ᠡ᠎ᠶᠢ ᠪᠠᠶ᠋ᠢᠩᠭᠤᠵᠢᠭᠤᠯᠤᠨ ᠰᠣᠩᠭᠣᠨ ᠪᠣᠶ ᠪᠣᠯᠭᠠᠵᠤ᠂ ᠢᠷᠠᠭᠤ ᠠᠯᠳᠠᠷ᠎ᠤᠨ ᠤᠷᠮᠠᠰᠢᠭᠤᠯᠤᠯ᠎ᠢ ᠴᠢᠩᠭᠠᠳᠬᠠᠨ᠎ᠠ ᠭᠡᠵᠤ ᠲᠤᠷᠠᠳᠪᠠ᠃
(ᠰᠢᠨᠬᠤᠸᠠ ᠬᠣᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃