2026-08-21 16:28:02
— ᠡᠯ᠎ᠡ ᠭᠠᠵᠠᠷ᠎ᠤᠨ᠎ᠬᠢᠨ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠦᠶᠡᠷ᠎ᠢ ᠰᠡᠷᠭᠡᠶ᠋ᠢᠯᠡᠬᠦ᠌ ᠠᠮᠤᠷ ᠲᠦᠪᠰᠢᠨ᠎ᠦ ᠬᠠᠯᠬᠠᠪᠴᠢ᠎ᠶᠢ ᠪᠠᠲᠤ᠌ ᠴᠣᠭᠴᠠᠯᠠᠵᠤ ᠪᠤᠢ
ᠣᠶ᠋ᠢᠷ᠎ᠠ᠎ᠶᠢᠨ ᠡᠳᠦᠷ᠂ ᠲᠠᠶ᠋ᠢᠹᠧᠩ ᠰᠠᠯᠬᠢ ᠪᠣᠯᠤᠨ ᠰᠢᠷᠦᠭᠦᠨ ᠪᠣᠷᠣᠭᠠᠨ᠎ᠤ ᠨᠥᠯᠥᠭᠡ᠎ᠪᠡᠷ ᠪᠦᠬᠦ᠌ ᠤᠯᠤᠰ᠎ᠤᠨ ᠣᠯᠠᠨ ᠭᠠᠵᠠᠷ᠎ᠲᠤ᠌ ᠪᠣᠷᠣᠭᠠᠨ ᠣᠷᠣᠵᠤ᠂ ᠶᠡᠬᠡ ᠰᠠᠯᠬᠢ ᠦᠷᠭᠦᠯᠵᠢᠯᠡᠵᠡᠶ᠃ ᠦᠶᠡᠷ᠎ᠢ ᠰᠡᠷᠭᠡᠶ᠋ᠢᠯᠡᠵᠦ᠍ ᠲᠠᠶ᠋ᠢᠹᠧᠩ ᠰᠠᠯᠬᠢ᠎ᠶᠢ ᠰᠡᠷᠭᠡᠶ᠋ᠢᠯᠡᠬᠦ᠌ ᠨᠠᠷᠢᠨ ᠪᠤᠳᠤᠯᠢᠶᠠᠨᠲᠠᠶ ᠬᠦᠨᠳᠦ ᠬᠡᠴᠡᠭᠦᠦ ᠪᠠᠶ᠋ᠢᠳᠠᠯ᠎ᠤᠨ ᠡᠮᠦᠨ᠎ᠡ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ᠎ᠬᠢᠨ ᠠᠭᠤᠯᠠᠨ ᠦᠶᠡᠷ ᠪᠣᠯᠤᠨ ᠭᠠᠵᠠᠷ᠎ᠤᠨ ᠭᠠᠮᠰᠢᠭ᠎ᠤᠨ ᠠᠶᠤᠯᠲᠤ᠌ ᠣᠷᠣᠨ᠂ ᠭᠤᠤᠯ ᠮᠥᠷᠡᠨ ᠨᠠᠭᠤᠷ ᠴᠥᠭᠥᠷᠥᠮ᠂ ᠬᠣᠲᠠ᠎ᠶᠢᠨ ᠠᠮᠠᠷᠬᠠᠨ ᠤᠰᠤᠲᠤᠬᠤ ᠴᠡᠭ ᠵᠡᠷᠭᠡ ᠬᠡᠮ ᠰᠣᠭᠣᠭ᠎ᠢ ᠵᠢᠭᠰᠠᠭᠠᠨ ᠪᠠᠶ᠋ᠢᠴᠠᠭᠠᠵᠤ ᠵᠠᠰᠠᠬᠤ᠎ᠪᠠᠨ ᠴᠢᠩᠭᠠᠳᠬᠠᠵᠤ᠂ ᠦᠶᠡᠷ᠎ᠢ ᠰᠡᠷᠭᠡᠶ᠋ᠢᠯᠡᠬᠦ᠌ ᠠᠮᠤᠷ ᠲᠦᠪᠰᠢᠨ᠎ᠦ ᠬᠠᠯᠬᠠᠪᠴᠢ᠎ᠶᠢ ᠪᠥᠬᠥ᠌ ᠬᠦᠴᠦᠨ᠎ᠢᠶᠡᠷ᠎ᠢᠶᠡᠨ ᠪᠠᠳᠤ ᠴᠤᠬᠴᠠᠯᠠᠵᠤ ᠪᠤᠢ᠃
ᠠᠭᠤᠯᠠᠨ ᠦᠶᠡᠷ ᠭᠠᠵᠠᠷ᠎ᠤᠨ ᠭᠠᠮᠰᠢᠭ᠎ᠢ ᠴᠢᠩᠭ᠎ᠠ ᠰᠡᠷᠭᠡᠶ᠋ᠢᠯᠡᠵᠦ᠍ ᠰᠡᠷᠡᠮᠵᠢᠯᠡᠭᠦᠯᠦᠨ ᠰᠢᠯᠵᠢᠭᠦᠯᠬᠦ᠌᠎ᠶᠢ ᠴᠢᠩᠭᠠᠳᠬᠠᠨ᠎ᠠ
ᠠᠭᠤᠯᠠᠨ ᠦᠶᠡᠷ ᠪᠠ ᠭᠠᠵᠠᠷ᠎ᠤᠨ ᠭᠠᠮᠰᠢᠭ ᠪᠣᠯ ᠦᠶᠡᠷ᠎ᠢ ᠰᠡᠷᠭᠡᠶ᠋ᠢᠯᠡᠬᠦ᠌ ᠠᠵᠢᠯ᠎ᠤᠨ ᠭᠤᠤᠯᠳᠠᠯᠭ᠎ᠠ ᠪᠠ ᠬᠦᠴᠢᠷᠳᠡᠯ ᠪᠣᠯᠤᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ᠎ᠬᠢᠨ ᠬᠠᠨᠳᠤᠯᠭᠠᠳᠤ ᠴᠢᠨᠠᠷᠲᠠᠶ ᠤᠷᠢᠳᠴᠢᠯᠠᠨ ᠰᠡᠷᠭᠡᠶ᠋ᠢᠯᠡᠬᠦ᠌ ᠠᠷᠭ᠎ᠠ ᠬᠡᠮᠵᠢᠶ᠎ᠡ ᠠᠪᠴᠤ᠌᠂ ᠠᠶᠤᠯ ᠲᠦᠭᠰᠢᠭᠦᠷᠢ᠎ᠶᠢᠨ ᠴᠡᠭ᠂ ᠵᠠᠩᠭᠢᠯᠠᠭ᠎ᠠ᠎ᠶᠢᠨ ᠴᠠᠭ ᠬᠤᠭᠤᠴᠠᠭ᠎ᠠ᠂ ᠭᠤᠤᠯᠳᠠᠯᠭ᠎ᠠ᠎ᠲᠠᠶ ᠡᠲᠡᠭᠡᠳ᠎ᠢ ᠴᠢᠩᠭ᠎ᠠ ᠠᠩᠬᠠᠷᠴᠤ᠌᠂ ᠤᠷᠢᠳᠴᠢᠯᠠᠨ ᠰᠡᠷᠡᠮᠵᠢᠯᠡᠭᠦᠯᠬᠦ᠌ ᠪᠠ ᠠᠶᠤᠯ ᠲᠦᠭᠰᠢᠭᠦᠷᠢ᠎ᠡᠴᠡ ᠵᠠᠶ᠋ᠢᠯᠠᠬᠤ ᠲᠤᠤᠷ᠎ᠢ ᠪᠠᠲᠤ᠌ ᠰᠦᠯᠵᠢᠪᠡ᠃
《ᠰᠢᠷᠦᠬᠦᠨ ᠪᠤᠷᠤᠭᠠᠨ ᠤᠷᠤᠵᠤ ᠪᠠᠢᠨ᠎ᠠ᠂ ᠬᠤᠷᠳᠤᠨ ᠪᠢᠳᠡᠨ᠎ᠲᠠᠢ ᠬᠠᠮᠳᠤ ᠶᠠᠪᠤᠶ᠎ᠠ!》 8 ᠰᠠᠷ᠎ᠠ᠎ᠶᠢᠨ 11 ᠤ᠋ ᠦᠳᠡ᠎ᠳᠦ᠂ ᠾᠧᠨᠠᠨ᠎ᠤ ᠫᠢᠩ ᠳ᠋ᠢᠩ ᠱᠠᠨ ᠬᠤᠳᠠ ᠵᠢᠨ ᠶᠧ ᠰᠢᠶᠠᠨ᠎ᠤ ᠴᠠᠩ ᠼᠦᠨ ᠪᠠᠯᠭᠠᠰᠤ᠎ᠶᠢᠨ ᠴᠠᠢ ᠪᠠ ᠲᠣᠰᠬᠣᠨ᠎ᠤ ᠨᠠᠮ᠎ᠤᠨ ᠡᠭᠦᠷ᠎ᠦᠨ ᠱᠦᠵᠢ ᠵᠠᠩ ᠶᠦᠨ ᠰᠢᠦᠢ ᠵᠢᠨ ᠪᠦᠬᠦ᠌ ᠪᠡᠶ᠎ᠡ ᠨᠢ ᠨᠣᠷᠴᠤ᠌᠂ ᠬᠣᠭᠣᠯᠠᠢ ᠨᠢ ᠰᠥᠭᠡᠩᠭᠢᠳᠤᠭ᠌ᠰᠡᠨ ᠪᠠᠢᠯ᠎ᠠ᠃ ᠣᠶ᠋ᠢᠯᠠᠭᠠᠭᠰᠠᠨ᠎ᠢᠶᠠᠷ᠂ ᠶᠧ ᠰᠢᠶᠠᠨ᠎ᠤ ᠴᠠᠩ ᠼᠦᠨ ᠪᠠᠯᠭᠠᠰᠤ᠎ᠶᠢᠨ ᠠᠭᠤᠯᠠᠷᠬᠠᠭ ᠳᠣᠪᠣᠷᠬᠠᠭ ᠭᠠᠵᠠᠷ ᠨᠢ ᠨᠤᠳᠤᠭ ᠲᠠᠪᠢᠰᠭᠡᠷ ᠤ᠋ᠨ ᠬᠢᠨᠢ ᠭᠤᠷᠪᠠᠨ᠎ᠤ ᠬᠣᠶᠠᠷ ᠬᠤᠪᠢ᠎ᠶᠢ ᠡᠵᠡᠯᠡᠵᠦ᠍᠂ ᠬᠢᠯᠢ᠎ᠶᠢᠨ ᠳᠣᠲᠣᠷ᠎ᠠ ᠣᠯᠠᠨ ᠤᠰᠤᠨ ᠴᠥᠭᠥᠷᠥᠮ᠂ ᠴᠥᠭᠥᠷᠥᠮ ᠬᠠᠰᠢᠯᠭ᠎ᠠ᠎ᠲᠠᠶ ᠪᠠᠢᠵᠤ᠂ ᠦᠶᠡᠷ᠎ᠢ ᠰᠡᠷᠭᠡᠶ᠋ᠢᠯᠡᠬᠦ᠌ ᠡᠭᠦᠷᠭᠡ ᠪᠡᠷᠬᠡ ᠬᠠᠲᠠᠭᠤᠵᠢᠯᠲᠠᠶ ᠪᠠᠶ᠋ᠢᠵᠠᠢ᠃
ᠪᠣᠷᠣᠭᠠᠨ᠎ᠤ ᠳᠠᠷᠠᠭ᠎ᠠ᠂ ᠪᠥᠬᠥ᠌ ᠪᠠᠯᠭᠠᠰᠤᠨ᠎ᠤ 38 ᠦᠶᠡᠷ᠎ᠢ ᠰᠡᠷᠭᠡᠶ᠋ᠢᠯᠡᠬᠦ᠌ ᠠᠩᠭᠢ᠎ᠶᠢᠨ 500 ᠭᠠᠷᠤᠶ ᠠᠵᠢᠯᠳᠠᠨ ᠠᠵᠢᠯ᠎ᠤᠨ ᠪᠠᠶ᠋ᠢᠷᠢᠨ᠎ᠳᠠᠭᠠᠨ ᠬᠦᠷᠴᠦ᠍᠂ ᠨᠠᠰᠤᠲᠠᠢᠴᠤᠤᠯ ᠪᠠᠭᠤᠷᠠᠢᠴᠤᠤᠯ ᠡᠪᠡᠳᠴᠢᠨ᠎ᠲᠡᠶ ᠵᠡᠮᠳᠡᠭ ᠵᠡᠷᠭᠡ ᠣᠨᠴᠠᠭᠠᠶ ᠬᠦᠮᠦᠰ᠎ᠢ ᠤᠨᠴᠠᠭᠠᠢᠯᠠᠨ ᠬᠠᠷᠠᠭᠠᠯᠵᠠᠵᠤ᠂ ᠲᠣᠰᠬᠣᠨ᠎ᠤ ᠱᠠᠲᠤᠨ᠎ᠤ 37 ᠲᠥᠪᠬᠢᠨᠡᠭᠦᠯᠬᠦ᠌ ᠴᠡᠭ᠂ ᠵᠣᠴᠢᠳ᠎ᠤᠨ ᠪᠠᠭᠤᠳᠠᠯ᠎ᠤᠨ 9 ᠲᠦᠷ ᠴᠠᠭ᠎ᠤᠨ ᠲᠥᠪᠬᠢᠨᠡᠭᠦᠯᠬᠦ᠌ ᠴᠡᠭ᠂ ᠪᠠᠯᠭᠠᠰᠤᠨ᠎ᠤ ᠱᠠᠲᠤᠨ᠎ᠤ 1ᠲᠥᠪᠯᠡᠷᠡᠭᠦᠯᠦᠨ ᠲᠥᠪᠬᠢᠨᠡᠭᠦᠯᠬᠦ᠌ ᠴᠡᠭ ᠢ᠋ ᠨᠢᠭᠡᠳᠦᠯᠲᠡᠶ ᠲᠥᠯᠥᠪᠵᠢᠭᠦᠯᠦᠨ ᠪᠠᠶ᠋ᠢᠷᠢᠰᠢᠭᠤᠯᠪᠠ᠃ ᠪᠦᠷᠢᠳᠬᠡᠯ᠎ᠢ ᠦᠨᠳᠦᠰᠦᠯᠡᠪᠡᠯ᠂ ᠲᠤᠰ ᠡᠭᠡᠯᠵᠢ᠎ᠶᠢᠨ ᠰᠢᠷᠦᠭᠦᠨ ᠪᠣᠷᠣᠭᠠᠨ᠎ᠤ ᠬᠤᠭᠤᠴᠠᠭᠠᠨ᠎ᠳᠤ᠂ ᠶᠧ ᠰᠢᠶᠠᠨ᠎ᠤ ᠴᠠᠩ ᠼᠦᠨ ᠪᠠᠯᠭᠠᠰᠤ ᠨᠡᠢ᠌ᠲᠡ 237 ᠡᠷᠦᠬᠡ᠎ᠶᠢᠨ 674 ᠬᠥᠮᠦᠨ᠎ᠢ ᠠᠮᠤᠷ ᠲᠦᠪᠰᠢᠨ᠎ᠢᠶᠡᠷ ᠰᠢᠯᠵᠢᠭᠦᠯᠦᠨ᠂ ᠨᠢᠭᠡ ᠬᠥᠮᠦᠨ᠎ᠢ ᠴᠦ᠍ ᠣᠷᠬᠢᠭᠳᠠᠭᠤᠯᠬᠤ ᠦᠭᠡᠢ᠎ᠪᠡᠷ ᠰᠢᠯᠵᠢᠭᠦᠯᠬᠦ᠌᠎ᠶᠢ ᠪᠡᠶᠡᠯᠡᠭᠦᠯᠪᠡ᠃
ᠲᠠᠶ᠋ᠢᠹᠧᠩ ᠰᠠᠯᠬᠢ 《ᠪᠠᠢ ᠬᠠᠢ ᠲᠦᠨ》 ᠤ᠋ ᠨᠥᠯᠥᠭᠡ᠎ᠪᠡᠷ᠂ ᠱᠠ ᠶᠢᠩ ᠾᠧ ᠭᠤᠤᠯ ᠤ᠋ᠨ ᠯᠦᠸᠧ ᠾᠧ ᠥᠷᠲᠡᠭᠡ᠎ᠶᠢᠨ ᠤᠷᠤᠰᠬᠠᠯ᠎ᠤᠨ ᠬᠡᠮᠵᠢᠶ᠎ᠡ ᠨᠢ ᠰᠧᠺᠦ᠋ᠨ᠋ᠳ᠋ ᠪᠦᠷᠢ 3000 ᠪᠣᠰᠣᠭ᠎ᠠ ᠳᠥᠷᠪᠡᠯᠵᠢᠨ ᠮᠧᠲ᠋ᠷ ᠢ᠋ ᠳᠠᠪᠠᠭᠰᠠᠨ ᠪᠥᠭᠡᠳ ᠤᠰᠤᠨ ᠲᠦᠪᠰᠢᠨ ᠨᠢ ᠦᠷᠭᠦᠯᠵᠢᠯᠡᠨ ᠳᠡᠭᠡᠭᠰᠢᠯᠡᠪᠠ᠃ ᠦ᠋ ᠶᠠᠩ ᠰᠢᠶᠠᠨ᠎ᠤ ᠤᠰᠤᠨ ᠠᠰᠢᠭᠯᠠᠯᠲᠠ᠎ᠶᠢᠨ ᠲᠣᠪᠴᠢᠶᠠᠨ᠎ᠤ ᠳᠠᠷᠤᠭ᠎ᠠ ᠰᠦᠨ ᠫᠸᠩ᠂ ᠦᠶᠡᠷ᠎ᠢ ᠲᠣᠭᠲᠠᠭᠠᠬᠤ ᠣᠷᠣᠨ᠎ᠤ ᠤᠯᠠᠨ ᠲᠦᠮᠡᠨ ᠢ ᠤᠷᠢᠳ᠎ᠢᠶᠠᠷ ᠠᠮᠤᠷ ᠲᠦᠪᠰᠢᠨ ᠣᠷᠣᠨ᠎ᠳᠤ ᠨᠡᠭᠦᠯᠬᠡᠪᠠ᠃ ᠠᠶᠤᠯ᠎ᠡᠴᠡ ᠵᠠᠶ᠋ᠢᠯᠠᠭᠤᠯᠵᠤ ᠰᠢᠯᠵᠢᠭᠦᠯᠦᠨ ᠲᠥᠪᠬᠢᠨᠡᠭᠦᠯᠬᠦ᠌ ᠴᠢᠬᠤᠯᠠᠲᠠᠢ ᠤᠯᠠᠨ ᠲᠦᠮᠡᠨ 2 ᠰᠢᠶᠠᠩ ᠪᠠᠯᠭᠠᠰᠤᠨ᠎ᠤ 10 ᠲᠣᠰᠬᠣᠨ᠎ᠳᠤ ᠬᠣᠯᠪᠣᠭᠳᠠᠨ᠎ᠠ᠃ 12᠎ᠤ᠋ᠨ ᠦᠳᠡ᠎ᠶᠢᠨ ᠬᠣᠶ᠋ᠢᠨ᠎ᠠ᠂ ᠨᠠᠰᠤᠲᠠᠢᠴᠤᠤᠯ ᠪᠠᠭᠤᠷᠠᠢᠴᠤᠤᠯ ᠡᠪᠡᠳᠴᠢᠨ᠎ᠲᠡᠶ ᠵᠡᠮᠳᠡᠭ ᠵᠡᠷᠭᠡ ᠬᠥᠳᠡᠯᠵᠦ᠍ ᠪᠠᠷᠢᠬᠤ᠎ᠳᠤ ᠳᠥᠭᠥᠮ ᠦᠭᠡᠢ 629 ᠬᠥᠮᠦᠨ᠎ᠢ ᠤᠷᠢᠳᠴᠢᠯᠠᠨ ᠰᠢᠯᠵᠢᠭᠦᠯᠪᠡ ᠬᠡᠵᠡᠢ᠃
8 ᠰᠠᠷ᠎ᠠ᠎ᠶᠢᠨ 14᠎ᠤ᠋ ᠡᠳᠦᠷ᠂ ᠬᠤᠪᠸᠢ ᠮᠤᠵᠢ᠎ᠶᠢᠨ ᠪᠠᠷᠠᠭᠤᠨ ᠬᠣᠶ᠋ᠢᠲᠤ᠎ᠶᠢᠨ ᠠᠭᠤᠯᠠᠷᠬᠠᠭ ᠣᠷᠣᠨ᠎ᠳᠤ ᠰᠠᠯᠬᠢ ᠪᠣᠷᠣᠭᠠᠨ ᠠᠭᠠᠵᠢᠮ᠎ᠢᠶᠠᠷ ᠨᠠᠮᠳᠠᠭᠰᠠᠨ ᠪᠣᠯᠪᠠᠴᠤ᠌ ᠬᠤᠪᠸᠢ ᠮᠤᠵᠢ᠎ᠶᠢᠨ ᠬᠥ᠋ ᠴᠧᠩ ᠰᠢᠶᠠᠨ᠎ᠤ ᠱ᠌ᠢ ᠬᠤᠸᠠ ᠪᠠᠯᠭᠠᠰᠤᠨ᠎ᠤ ᠱᠦᠶ ᠰᠢᠩ ᠲᠠᠢ ᠲᠣᠰᠬᠣᠨ᠎ᠤ ᠨᠠᠮ᠎ᠤᠨ ᠡᠭᠦᠷ᠎ᠦᠨ ᠱᠦᠵᠢ ᠴᠧᠨ ᠯᠢ ᠥᠴᠦᠬᠡᠨ ᠴᠦ᠍ ᠠᠯᠮᠠᠢᠷᠠᠨ ᠲᠠᠢᠪᠤᠰᠢᠷᠠᠬᠤ ᠵᠣᠷᠢᠭ ᠥᠬᠡᠶ ᠪᠠᠶ᠋ᠢᠵᠤ᠂ 《ᠦᠶᠡᠷ᠎ᠢ ᠰᠡᠷᠭᠡᠶ᠋ᠢᠯᠡᠵᠦ᠍ ᠦᠶᠡᠷ᠎ᠲᠡᠶ ᠲᠡᠮᠡᠴᠡᠭᠰᠡᠨ ᠰᠠᠭᠤᠷᠢ ᠡᠬᠡ ᠲᠠᠩᠰᠠ》 ᠪᠡᠨ ᠨᠡᠭᠡᠭᠡᠵᠤ᠂ ᠲᠡᠷᠡ ᠡᠯ᠎ᠡ ᠲᠥᠷᠥᠯ᠎ᠦᠨ ᠭᠠᠵᠠᠷ᠎ᠤᠨ ᠭᠠᠮᠰᠢᠭ᠎ᠤᠨ ᠭᠡᠮ ᠰᠤᠭᠤᠭ ᠤ᠋ᠨ ᠴᠡᠭ᠂ ᠬᠣᠲᠣᠭᠣᠷ ᠭᠠᠵᠠᠷ ᠠᠮᠠᠷᠬᠠᠨ ᠤᠰᠤᠲᠤᠬᠤ ᠭᠠᠵᠠᠷ ᠲᠤ᠌ ᠪᠠᠢᠷᠢᠯᠠᠭ᠎ᠠ ᠲᠠᠷᠢᠶᠠᠴᠢᠨ ᠡᠷᠦᠬᠡ ᠵᠡᠷᠭᠡ ᠠᠭᠤᠯᠭ᠎ᠠ᠎ᠶᠢ ᠨᠠᠷᠢᠨ ᠲᠣᠳᠣᠷᠬᠠᠶ ᠲᠡᠮᠳᠡᠭᠯᠡᠭᠰᠡᠨ ᠪᠠᠢᠪᠠ᠃ ᠲᠡᠷᠡ᠄《ᠭᠣᠣᠯ ᠮᠥᠷᠡᠨ᠎ᠦ ᠡᠷᠭᠢ ᠨᠤᠷᠠᠬᠤ᠂ ᠬᠠᠰᠢᠯᠭ᠎ᠠ ᠴᠥᠭᠥᠷᠥᠮ ᠰᠡᠳᠡᠷᠡᠬᠦ ᠵᠡᠷᠭᠡ ᠲᠠᠭᠠᠯᠳᠤᠵᠤ ᠡᠭᠦᠰᠴᠦ᠍ ᠮᠡᠳᠡᠬᠦ᠌ ᠭᠠᠮᠰᠢᠭ᠎ᠢ ᠰᠡᠷᠭᠡᠶ᠋ᠢᠯᠡᠵᠦ᠍᠂ ᠤᠷᠢᠳᠴᠢᠯᠠᠨ ᠰᠡᠷᠭᠡᠶ᠋ᠢᠯᠡᠬᠦ᠌ ᠬᠡᠷᠡᠭᠲᠡᠢ》 ᠭᠡᠪᠡ᠃
ᠭᠣᠣᠯ ᠮᠥᠷᠡᠨ ᠨᠠᠭᠤᠷ ᠴᠥᠭᠥᠷᠥᠮ᠎ᠢ ᠨᠢᠬᠳᠠ ᠠᠩᠬᠠᠷᠴᠤ ᠠᠶᠤᠯ ᠲᠦᠭᠰᠢᠭᠦᠷᠢ᠎ᠶᠢ ᠠᠷᠢᠯᠭᠠᠨ ᠬᠠᠰᠢᠯᠭ᠎ᠠ ᠲᠠᠯᠠᠩ ᠢ᠋ ᠪᠡᠬᠢᠵᠢᠭᠦᠯᠬᠦ᠌᠎ᠶᠢ ᠪᠣᠳᠠᠲᠠᠢ ᠠᠳᠬᠤᠨ᠎ᠠ
《ᠲᠤᠯᠤᠭᠠᠨ ᠰᠠᠷ᠎ᠠ ᠵᠢᠨ ᠰᠡᠬᠦᠯᠴᠢ ᠨᠠᠢ᠍ᠮᠠᠨ ᠰᠠᠷ᠎ᠠ ᠵᠢᠨ ᠡᠬᠢᠨ》 ᠤ᠋ ᠦᠶᠡᠷ᠎ᠢ ᠰᠡᠷᠭᠡᠶ᠋ᠢᠯᠡᠬᠦ᠌ ᠵᠠᠩᠭᠢᠯᠠᠭ᠎ᠠ᠎ᠶᠢᠨ ᠬᠤᠭᠤᠴᠠᠭᠠᠨ᠎ᠳᠤ᠂ ᠰᠡᠷᠭᠡᠶ᠋ᠢᠯᠡᠨ ᠬᠣᠷᠢᠭᠯᠠᠬᠤ 《ᠰᠠᠨᠠᠭᠠᠴᠢᠯᠠᠭᠠᠲᠤ᠌ ᠡᠷᠬᠡ》 ᠵᠢ ᠲᠡᠮᠡᠴᠡᠨ ᠣᠯᠵᠤ᠂ ᠤᠰᠤᠨ ᠴᠥᠭᠥᠷᠥᠮ᠂ ᠬᠠᠰᠢᠯᠭ᠎ᠠ ᠳᠠᠯᠠᠩ᠎ᠤᠨ ᠠᠮᠤᠷ ᠲᠦᠪᠰᠢᠨ᠎ᠦ ᠬᠠᠮᠢᠶᠠᠷᠤᠯᠲᠠ᠎ᠶᠢ ᠴᠢᠩᠭᠠᠳᠬᠠᠬᠤ ᠨᠢ ᠲᠤᠶ᠋ᠢᠯ᠎ᠤᠨ ᠴᠢᠬᠤᠯᠠ ᠶᠤᠮ᠃
ᠠᠨᠾᠦᠶ᠋ᠢ᠎ᠶᠢᠨ ᠬᠤᠸᠠᠩᠱᠠᠨ ᠬᠣᠲᠠ᠎ᠳᠤ 22 ᠭᠡᠮ ᠰᠤᠭᠤᠭ ᠲᠠᠢ ᠤᠰᠤᠨ ᠴᠥᠭᠥᠷᠥᠮᠪᠤᠢ᠂ ᠦᠶᠡᠷ᠎ᠢ ᠰᠡᠷᠭᠡᠶ᠋ᠢᠯᠡᠵᠦ᠍ ᠲᠠᠶ᠋ᠢᠹᠧᠩ ᠰᠠᠯᠬᠢ᠎ᠶᠢ ᠰᠡᠷᠭᠡᠶ᠋ᠢᠯᠡᠬᠦ᠌ ᠭᠤᠤᠯᠳᠠᠯᠭ᠎ᠠ ᠪᠣᠯᠤᠨ᠎ᠠ᠃ ᠲᠠᠶ᠋ᠢᠹᠧᠩ ᠰᠠᠯᠬᠢ 《ᠪᠠᠢ ᠬᠠᠢ ᠲᠦᠨ》᠎ᠤ᠋ ᠨᠥᠯᠥᠭᠡ ᠢᠷᠡᠬᠦ᠎ᠡᠴᠡ ᠡᠮᠦᠨ᠎ᠡ᠂ ᠪᠦᠬᠦ᠌ ᠮᠤᠵᠢ᠎ᠶᠢᠨ ᠲᠣᠮᠣ ᠳᠤᠮᠳᠠ ᠬᠡᠯᠪᠡᠷᠢ᠎ᠶᠢᠨ ᠤᠰᠤᠨ ᠴᠥᠭᠥᠷᠥᠮ ᠴᠥᠮ ᠦᠶᠡᠷ᠎ᠦᠨ ᠬᠤᠭᠤᠴᠠᠭᠠᠨ᠎ᠤ ᠤᠰᠤᠨ ᠲᠦᠪᠰᠢᠨ᠎ᠡᠴᠡ ᠳᠣᠷᠣᠭᠰᠢ ᠪᠣᠯᠵᠤ᠂ ᠭᠡᠮᠰᠤᠭᠤᠭ ᠲᠡᠶ 120 ᠤᠰᠤᠨ ᠴᠥᠭᠥᠷᠥᠮ ᠠᠮᠤᠷ ᠲᠦᠪᠰᠢᠨ ᠵᠢᠡᠷ ᠦᠶᠡᠷ᠎ᠤᠨ ᠬᠤᠭᠤᠴᠠᠭ᠎ᠠ ᠵᠢ ᠦᠨᠭᠭᠡᠷᠡᠭᠦᠯᠬᠦ ᠠᠵᠢᠯᠯᠠᠭ᠎ᠠ ᠵᠢ ᠬᠡᠷᠡᠭᠵᠢᠭᠦᠯᠪᠡ᠃ ᠤᠰᠤᠨ ᠠᠰᠢᠭᠯᠠᠯᠲᠠ᠎ᠶᠢᠨ ᠲᠢᠩᠬᠢᠮ ᠤᠰᠤᠨ ᠴᠥᠭᠥᠷᠥᠮ᠎ᠦᠨ ᠠᠮᠤᠷ ᠲᠦᠪᠰᠢᠨ᠂ ᠠᠭᠤᠯᠠᠨ ᠦᠶᠡᠷ᠎ᠢ ᠰᠡᠷᠭᠡᠶ᠋ᠢᠯᠡᠬᠦ᠌ ᠵᠡᠷᠭᠡ 9 ᠲᠤᠰᠬᠠᠶ ᠠᠵᠢᠯᠯᠠᠬᠤ ᠳᠤᠭᠤᠶ᠋ᠢᠯᠠᠩ ᠢ ᠲᠤᠮᠢᠯᠠᠵᠤ 24 ᠴᠠᠭ᠎ᠢᠶᠠᠷ ᠠᠵᠢᠯᠯᠠᠵᠤ᠂ ᠤᠰᠤᠨ ᠠᠰᠢᠭᠯᠠᠯᠲᠠ᠎ᠶᠢᠨ ᠢᠨᠵᠧᠨᠧᠷᠢᠩ᠎ᠢ ᠰᠢᠨᠵᠢᠯᠡᠬᠦ᠌ ᠤᠬᠠᠭᠠᠨᠴᠢ᠎ᠪᠠᠷ ᠲᠣᠬᠢᠷᠠᠭᠤᠯᠪᠠ᠃
ᠱᠠᠩᠬᠠᠶ ᠬᠣᠲᠠ᠎ᠶᠢᠨ ᠤᠰᠤᠨ᠎ᠤ ᠶᠠᠪᠤᠳᠠᠯ᠎ᠤᠨ ᠰᠠᠯᠠᠭ᠎ᠠ ᠮᠥᠴᠢᠷ᠎ᠦᠨ ᠲᠠᠨᠢᠯᠴᠠᠭᠤᠯᠤᠭᠰᠠᠨ᠎ᠢᠶᠠᠷ᠂ ᠲᠠᠶ᠋ᠢᠹᠧᠩ ᠰᠠᠯᠬᠢ 《ᠪᠠᠢ ᠬᠠᠢ ᠲᠦᠨ》᠎ᠤ᠋ ᠨᠥᠯᠥᠭᠡ᠎ᠪᠡᠷ᠂ ᠬᠤᠸᠠᠩ ᠫᠦ ᠵᠢᠶᠠᠩ ᠮᠥᠷᠡᠨ᠂ ᠰᠦᠵᠧᠦ ᠭᠤᠤᠯ᠎ᠤᠨ ᠤᠰᠤᠨ ᠲᠦᠪᠰᠢᠨ ᠪᠥᠬᠥ᠌ ᠱᠤᠭᠤᠮ᠎ᠢᠶᠠᠷ᠎ᠢᠶᠠᠨ ᠰᠡᠷᠡᠮᠵᠢ᠎ᠶᠢᠨ ᠱᠤᠭᠤᠮ᠎ᠡᠴᠡ ᠳᠠᠪᠠᠵᠤ᠂ ᠵᠠᠮ ᠳᠠᠭᠠᠤ᠎ᠶᠢᠨ ᠡᠯ᠎ᠡ ᠲᠣᠭᠣᠷᠢᠭ᠎ᠤᠨ᠎ᠬᠢᠨ ᠰᠡᠷᠬᠡᠢᠯᠡᠯᠳᠡ ᠪᠠᠭᠤᠷᠠᠶ ᠭᠤᠤᠯ᠎ᠤᠨ ᠡᠷᠭᠢ᠎ᠶᠢᠨ ᠬᠡᠰᠡᠭ᠂ ᠬᠠᠰᠢᠯᠭᠠᠲᠠᠯᠠᠩ ᠪᠠᠶ᠋ᠢᠭᠤᠯᠵᠤ ᠪᠠᠶ᠋ᠢᠭ᠎ᠠ ᠪᠠᠷᠢᠯᠭ᠎ᠠ᠂ ᠠᠶᠤᠯ ᠭᠠᠷᠴᠤ ᠦᠩᠬᠡᠷᠡᠭᠰᠡᠨ ᠬᠡᠰᠡᠭ᠂ ᠦᠶᠡᠷ᠎ᠢ ᠰᠡᠷᠭᠡᠶ᠋ᠢᠯᠡᠬᠦ᠌ ᠬᠠᠭᠠᠯᠲᠠ ᠵᠡᠷᠭᠡ ᠭᠠᠵᠠᠷ᠎ᠲᠤ᠌ ᠭᠤᠤᠯᠳᠠᠯᠭ᠎ᠠ᠎ᠲᠠᠶ ᠲᠣᠭᠣᠷᠢᠨ ᠪᠠᠶ᠋ᠢᠴᠠᠭᠠᠯᠲᠠ ᠥᠷᠨᠢᠭᠦᠯᠵᠦ᠍᠂ ᠦᠶᠡᠷ᠎ᠢ ᠰᠡᠷᠭᠡᠶ᠋ᠢᠯᠡᠬᠦ᠌ ᠠᠮᠤᠷ ᠲᠦᠪᠰᠢᠨ᠎ᠦ ᠪᠠᠶ᠋ᠢᠴᠠᠭᠠᠯᠲᠠ᠎ᠶᠢ ᠨᠡᠶ᠋ᠢᠲᠡ 421 ᠬᠥᠮᠦᠨ ᠤᠳᠠᠭ᠎ᠠ ᠥᠷᠨᠢᠭᠦᠯᠵᠦ᠍᠂ ᠬᠠᠰᠢᠯᠭᠠᠲᠠᠯᠠᠩᠢ ᠲᠣᠭᠣᠷᠢᠨ ᠪᠠᠶ᠋ᠢᠴᠠᠭᠠᠬᠤ ᠠᠵᠢᠯᠲᠠᠨ᠎ᠢ 2562 ᠬᠥᠮᠦᠨ ᠤᠳᠠᠭ᠎ᠠ ᠬᠥᠳᠡᠯᠭᠡᠵᠦ᠍᠂ ᠪᠠᠷᠤᠭ 10502 ᠺᠢᠯᠣᠮᠧᠲ᠋ᠷ᠎ᠤᠨ ᠬᠠᠰᠢᠯᠭᠠᠲᠠᠯᠠᠩᠢ ᠲᠣᠭᠣᠷᠢᠨ ᠪᠠᠶ᠋ᠢᠴᠠᠭᠠᠬᠤ ᠠᠵᠢᠯ᠎ᠢ ᠥᠷᠨᠢᠭᠦᠯᠪᠡ᠃
ᠲᠣᠰ ᠤᠳᠠᠭᠠᠨ᠎ᠤ ᠪᠣᠷᠣᠭᠠᠨ ᠣᠷᠣᠬᠤ ᠶᠠᠪᠤᠴᠠ᠎ᠳᠤ᠂ ᠬᠤᠪᠸᠢ ᠮᠤᠵᠢ᠎ᠶᠢᠨ ᠬᠥ᠋ ᠴᠧᠩ ᠰᠢᠶᠠᠨ᠎ᠤ ᠲᠠᠨᠺᠸᠤ ᠤᠰᠤᠨ ᠴᠥᠭᠥᠷᠥᠮ᠎ᠦᠨ ᠬᠠᠮᠤᠭ᠎ᠤᠨ ᠥᠨᠳᠥᠷ ᠤᠰᠤᠨ ᠲᠦᠪᠰᠢᠨ 142.97 ᠮᠧᠲ᠋ᠷᠲᠦ᠍ ᠬᠦᠷᠴᠦ᠍᠂ ᠦᠶᠡᠷ᠎ᠦᠨ ᠬᠤᠭᠤᠴᠠᠭ᠎ᠠ ᠵᠢᠨ ᠤᠰᠤᠨ ᠲᠦᠪᠰᠢᠨ᠎ᠢ ᠬᠢᠵᠠᠭᠠᠷᠯᠠᠬᠤ ᠲᠦᠪᠰᠢᠨ᠎ᠡᠴᠡ 3.97 ᠮᠧᠲ᠋ᠷ ᠲᠠᠪᠠᠬᠰᠠᠨ ᠪᠠᠶ᠋ᠢᠨ᠎ᠠ᠃ 8 ᠰᠠᠷ᠎ᠠ᠎ᠶᠢᠨ 14 ᠤ᠋ ᠰᠥᠨᠢ᠂ ᠲᠠᠨᠺᠸᠤ ᠤᠰᠤᠨ ᠴᠥᠭᠥᠷᠥᠮ᠎ᠦᠨ ᠪᠠᠷᠢᠯᠭ᠎ᠠ᠎ᠶᠢᠨ ᠬᠠᠮᠢᠶᠠᠷᠤᠯᠲᠠ᠎ᠶᠢᠨ ᠭᠠᠵᠠᠷ᠎ᠤᠨ ᠡᠷᠬᠢᠯᠡᠭᠴᠢ ᠵᠢᠶᠠᠩ ᠭᠤᠸᠠᠩ ᠶᠣᠣ ᠬᠠᠮᠲᠤ᠌ ᠠᠵᠢᠯᠯᠠᠭᠰᠠᠳᠲᠠᠶᠪᠠᠨ ᠬᠠᠰᠢᠯᠭ᠎ᠠ᠎ᠪᠠᠷ ᠨᠠᠭᠠᠰᠢ ᠴᠠᠭᠠᠰᠢ ᠲᠣᠭᠣᠷᠢᠨ ᠪᠠᠶ᠋ᠢᠴᠠᠭᠠᠪᠠ᠃
《ᠥᠨᠳᠥᠷ ᠤᠰᠤᠨ ᠲᠦᠪᠰᠢᠨ᠎ᠦ ᠠᠵᠢᠯᠯᠠᠭᠠᠨ᠎ᠤ ᠬᠤᠭᠤᠴᠠᠭᠠᠨ᠎ᠳᠤ᠂ ᠪᠢᠳᠡ ᠪᠠᠷᠤᠭ ᠬᠣᠶᠠᠷ ᠴᠠᠭ᠎ᠲᠤ᠌ ᠨᠢᠭᠡ ᠤᠳᠠᠭ᠎ᠠ ᠲᠣᠭᠣᠷᠢᠨ ᠪᠠᠶ᠋ᠢᠴᠠᠭᠠᠨᠠ᠃ ᠤᠰᠤᠨ ᠴᠥᠭᠥᠷᠥᠮ᠎ᠢ ᠴᠠᠭᠳᠠᠬᠤ᠎ᠳᠠᠭᠠᠨ ᠬᠠᠰᠢᠯᠭ᠎ᠠ᠎ᠶᠢᠨ ᠤᠷᠤᠢ᠎ᠶᠢ ᠯᠠ ᠬᠠᠷᠠᠵᠤ ᠪᠣᠯᠬᠤ ᠦᠭᠡᠢ᠂ ᠪᠠᠰᠠ ᠠᠷᠤ ᠵᠢᠨ ᠬᠥᠲᠥᠯ᠂ ᠬᠠᠰᠢᠯᠭ᠎ᠠ᠎ᠶᠢᠨ ᠢᠷᠣᠭᠠᠷᠢ ᠭᠣᠣᠯᠳᠠᠯᠭ᠎ᠠ᠎ᠲᠠᠶ ᠪᠠᠶ᠋ᠢᠴᠠᠭᠠᠨ ᠦᠵᠡᠬᠦ᠌ ᠬᠡᠷᠡᠭᠲᠡᠢ》᠃ ᠵᠢᠶᠠᠩ ᠭᠤᠸᠠᠩ ᠶᠣᠣ᠂ ᠤᠰᠤᠨ ᠴᠥᠭᠥᠷᠥᠮ᠎ᠳᠦ ᠨᠢᠭᠡᠨᠲᠡ ᠬᠠᠶ᠋ᠢᠷ ᠴᠢᠯᠠᠭᠤᠨ ᠮᠠᠲ᠋ᠧᠷᠢᠶᠠᠯ᠂ ᠰᠦᠯᠵᠢᠮᠡᠯ ᠤᠭᠤᠲᠠ᠂ ᠥᠩᠭᠡᠲᠦ᠍ ᠪᠦᠰᠡ ᠵᠢᠴᠢ ᠮᠣᠳᠣᠨ ᠪᠠᠭᠠᠨ᠎ᠠ ᠵᠡᠷᠭᠡ ᠦᠶᠡᠷ᠎ᠢ ᠰᠡᠷᠭᠡᠶ᠋ᠢᠯᠡᠬᠦ᠌ ᠡᠳ᠋ ᠪᠣᠳᠠᠰ᠎ᠢ ᠨᠥᠭᠡᠴᠡᠯᠡᠵᠦ᠍᠂ ᠬᠡᠮ ᠰᠤᠭᠤᠭ ᠪᠤᠶᠤ ᠲᠦᠭᠰᠢᠭᠦᠷᠢᠲᠦ᠍ ᠪᠠᠶ᠋ᠢᠳᠠᠯ ᠢᠯᠡᠷᠡᠪᠡᠯ ᠲᠡᠷᠡ ᠳᠠᠷᠤᠶ᠎ᠳᠤᠨᠢ ᠰᠢᠢᠳᠪᠦᠷᠢᠯᠡᠬᠦ᠌᠎ᠶᠢ ᠦᠨᠡᠨ ᠬᠦ᠌ ᠪᠠᠲᠤᠯᠠᠨ᠎ᠠ ᠭᠡᠪᠡ᠃
ᠬᠣᠲᠠ᠎ᠶᠢᠨ ᠤᠰᠤᠲᠤᠯ᠎ᠢ ᠵᠠᠰᠠᠬᠤ᠎ᠳᠦ ᠪᠠᠴᠢᠮ ᠪᠠᠶ᠋ᠢᠳᠠᠯ᠎ᠢ ᠠᠷᠭᠠᠴᠠᠭᠠᠵᠤ ᠬᠠᠮᠲᠤᠷᠠᠨ ᠬᠥᠳᠡᠯᠦᠯᠴᠡᠬᠦ᠌ ᠵᠢ ᠴᠢᠩᠭᠠᠳᠬᠠᠨ᠎ᠠ
ᠣᠶ᠋ᠢᠷ᠎ᠠ᠎ᠶᠢᠨ ᠡᠳᠦᠷ᠎ᠦᠳ᠎ᠲᠦ᠍᠂ ᠦᠶᠡᠷ᠎ᠢ ᠰᠡᠷᠭᠡᠶ᠋ᠢᠯᠡᠵᠦ᠍ ᠲᠠᠶ᠋ᠢᠹᠧᠩ ᠰᠠᠯᠬᠢ᠎ᠶᠢ ᠰᠡᠷᠭᠡᠶ᠋ᠢᠯᠡᠬᠦ᠌ ᠳᠠᠷᠤᠯᠲᠠ ᠦᠷᠭᠦᠯᠵᠢᠯᠡᠨ ᠳᠡᠭᠡᠭᠰᠢᠯᠡᠵᠦ᠍᠂ ᠡᠯ᠎ᠡ ᠭᠠᠵᠠᠷ᠎ᠤᠨ ᠣᠯᠠᠨ ᠰᠠᠯᠠᠭ᠎ᠠ ᠮᠥᠴᠢᠷ ᠬᠠᠮᠵᠢᠯᠴᠠᠨ ᠬᠥᠳᠡᠯᠦᠯᠴᠡᠵᠦ᠍᠂ ᠬᠣᠲᠠ᠎ᠶᠢᠨ ᠤᠰᠤᠲᠤᠯ᠎ᠢ ᠰᠢᠰᠲ᠋ᠧᠮ᠎ᠲᠡᠶ ᠵᠠᠰᠠᠵᠠᠶ᠃
8 ᠰᠠᠷ᠎ᠠ᠎ᠶᠢᠨ 9᠎ᠤ᠋ ᠦᠳᠡ᠎ᠶᠢᠨ ᠡᠮᠦᠨ᠎ᠡ᠂ ᠱᠠᠩᠬᠠᠶ ᠬᠣᠲᠠ᠎ᠶᠢᠨ ᠬᠤᠸᠠᠩ ᠫᠦ ᠴᠡᠴᠡᠷᠯᠢᠭ᠎ᠦᠨ ᠤᠰᠤᠨ ᠰᠢᠨᠵᠢᠯᠡᠭᠡᠨ᠎ᠦ ᠥᠷᠲᠡᠭᠡ᠎ᠶᠢᠨ ᠲᠠᠪᠠᠯᠭᠠᠨᠦ ᠪᠠᠶ᠋ᠢᠳᠠᠯ ᠨᠢᠭᠡᠨ ᠦᠶ᠎ᠡ 4.55 ᠮᠧᠲ᠋ᠷ᠎ᠦᠨ ᠰᠡᠷᠭᠡᠶ᠋ᠢᠯᠡᠯᠲᠡ᠎ᠶᠢᠨ ᠱᠤᠭᠤᠮ᠎ᠢ ᠳᠠᠪᠠᠵᠤ᠂ ᠬᠣᠲᠠ᠎ᠶᠢᠨ ᠤᠰᠤᠨ ᠠᠰᠢᠭᠯᠠᠯᠲᠠ᠎ᠶᠢᠨ ᠲᠥᠪ ᠵᠠᠷᠯᠢᠭ ᠶᠣᠰᠣᠭᠠᠷ ᠰᠦᠵᠧᠦ ᠭᠤᠤᠯ᠎ᠤᠨ ᠥᠨᠳᠥᠷ ᠤᠰᠤᠨ ᠲᠦᠪᠰᠢᠨ᠎ᠦ ᠦᠶᠡᠷ᠎ᠢ ᠰᠡᠷᠭᠡᠶ᠋ᠢᠯᠡᠬᠦ᠌ ᠪᠠᠴᠢᠮ ᠪᠠᠶ᠋ᠢᠳᠠᠯ᠎ᠢ ᠠᠷᠭᠠᠴᠠᠭᠠᠬᠤ ᠲᠣᠬᠢᠷᠠᠭᠤᠯᠤᠯᠲᠠ᠎ᠶᠢᠨ ᠲᠥᠰᠦᠯ᠎ᠢ ᠡᠬᠢᠯᠡᠭᠦᠯᠵᠦ᠍᠂ ᠰᠦᠵᠧᠦ ᠭᠤᠤᠯ᠎ᠤᠨ ᠭᠤᠤᠯ ᠤᠷᠤᠰᠬᠠᠯ᠎ᠤᠨ ᠦᠶᠡᠷ᠎ᠢ ᠰᠡᠷᠭᠡᠶ᠋ᠢᠯᠡᠬᠦ᠌ ᠳᠠᠷᠤᠯᠲᠠ᠎ᠶᠢ ᠨᠠᠮᠳᠠᠭᠤᠯᠪᠠ᠃ ᠬᠡᠳᠦᠨ ᠡᠳᠦᠷ᠎ᠦᠨ ᠲᠤᠷᠰᠢ᠂ ᠤᠰᠤ ᠵᠠᠯᠠᠵᠤ ᠠᠶᠤᠯ᠎ᠡᠴᠡ ᠠᠪᠤᠷᠠᠬᠤ ᠠᠩᠬᠢ ᠨᠤᠭᠤᠳ ᠦᠷᠭᠦᠯᠵᠢᠯᠡᠨ ᠪᠠᠶ᠋ᠢᠯᠳᠤᠵᠤ᠂ ᠪᠦᠬᠦ᠌ ᠬᠣᠲᠠ᠎ᠶᠢᠨ ᠰᠢᠯᠵᠢᠬᠡ ᠤᠰᠤᠨ ᠬᠥᠭᠡᠷᠭᠡ᠎ᠶᠢᠨ ᠲᠡᠷᠭᠡ 118 ᠪᠠᠶ᠋ᠢᠵᠤ᠂ ᠴᠠᠭ ᠪᠦᠷᠢ 20 ᠲᠦᠮᠡᠨ ᠪᠤᠰᠤᠭ᠎ᠠ ᠳᠦᠷᠪᠡᠯᠵᠢᠨ ᠮᠧᠲ᠋ᠷ ᠲᠤᠨᠤᠭᠰᠠᠨ ᠤᠰᠤ ᠵᠢ ᠰᠢᠯᠵᠢᠭᠦᠯᠪᠡ ᠃
8 ᠰᠠᠷ᠎ᠠ᠎ᠶᠢᠨ 10 ᠡᠴᠡ ᠨᠠᠭᠠᠰᠢ᠂ ᠾᠧᠨᠠᠨ᠎ᠤ ᠣᠯᠠᠨ ᠭᠠᠵᠠᠷ᠎ᠲᠤ᠌ ᠰᠢᠷᠦᠭᠦᠨ ᠪᠣᠷᠣᠭᠠᠨ ᠠᠭᠠᠳᠠᠷ ᠪᠣᠷᠣᠭᠠᠨ ᠣᠷᠣᠵᠠᠶ᠃ ᠵᠸᠩᠵᠸᠦ᠍ᠶᠢᠨ ᠭᠠᠯ ᠰᠡᠷᠭᠡᠶ᠋ᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠪᠡᠯᠡᠳᠬᠡᠯ ᠰᠠᠯᠪᠤᠷᠢ ᠠᠩᠭᠢ ᠳᠠᠷᠤᠶ ᠲᠦᠷᠭᠡᠨ 45 ᠠᠪᠤᠷᠠᠨ ᠲᠤᠰᠠᠯᠠᠬᠤ ᠲᠡᠷᠭᠡ᠂ 750 ᠵᠢᠯᠣᠭᠣᠳᠣᠭᠴᠢ ᠪᠠᠶ᠋ᠢᠯᠳᠤᠭᠴᠢ᠎ᠶᠢ ᠰᠢᠯᠵᠢᠭᠦᠯᠦᠨ ᠠᠪᠴᠢᠷᠠᠵᠤ᠂ 4900 ᠭᠠᠷᠤᠶ ᠵᠠᠬ᠎ᠠ (ᠢᠵᠢ) ᠠᠪᠤᠷᠠᠨ ᠲᠤᠰᠠᠯᠠᠬᠤ ᠲᠣᠨᠣᠭᠯᠠᠯ ᠠᠪᠴᠤ᠌᠂ ᠣᠯᠠᠨ ᠵᠠᠮ ᠬᠤᠪᠢᠶᠠᠨ 7 ᠭᠤᠤᠯᠳᠠᠯᠭ᠎ᠠ᠎ᠲᠠᠶ ᠴᠡᠭ᠎ᠲᠦ᠍ ᠪᠠᠶ᠋ᠢᠷᠢᠯᠠᠭᠤᠯᠪᠠ᠃
ᠦᠷᠭᠦᠯᠵᠢᠯᠡᠨ ᠰᠢᠷᠦᠭᠦᠨ ᠪᠣᠷᠣᠭᠠᠨ ᠤᠷᠤᠭᠰᠠᠨ᠎ᠡᠴᠡ ᠫᠢᠩ ᠳ᠋ᠢᠩ ᠱᠠᠨ ᠬᠣᠲᠠ᠎ᠶᠢᠨ ᠪᠦᠦ ᠹᠧᠩ ᠰᠢᠶᠠᠨ᠎ᠤ ᠬᠡᠰᠡᠭ ᠬᠣᠲᠣᠭᠣᠷ ᠬᠡᠰᠡᠭ ᠲᠡᠬᠢ ᠵᠠᠮ ᠵᠡᠷᠭᠡ᠎ᠳᠤ ᠬᠦᠨᠳᠦ ᠨᠣᠴᠢᠲᠠᠶ ᠤᠰᠤ ᠲᠤᠨᠵᠤ᠂ ᠰᠠᠯᠪᠤᠷᠢ ᠠᠩᠭᠢ᠎ᠡᠴᠡ 60 ᠭᠠᠯ ᠰᠡᠷᠭᠡᠶ᠋ᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯᠲᠠᠨ ᠲᠣᠮᠢᠯᠠᠨ ᠲᠤᠬᠠᠶ᠎ᠶᠢᠨ ᠲᠠᠯᠠᠪᠠᠶ᠎ᠳᠤ ᠣᠴᠢᠭᠤᠯᠵᠤ᠂ 11 ᠴᠠᠭ ᠦᠷᠭᠦᠯᠵᠢᠯᠡᠨ ᠠᠵᠢᠯᠯᠠᠵᠤ᠂ ᠨᠡᠶ᠋ᠢᠲᠡ 5.4 ᠲᠦᠮᠡᠨ ᠪᠤᠰᠤᠭ᠎ᠠ ᠳᠦᠷᠪᠡᠯᠵᠢᠨ ᠮᠧᠲ᠋ᠷ ᠤᠰᠤ ᠭᠠᠳᠠᠭᠰᠢᠯᠠᠭᠤᠯᠵᠤ᠂ ᠣᠯᠠᠨ ᠲᠦᠮᠡᠨ᠎ᠦ ᠶᠠᠪᠤᠵᠤ ᠰᠠᠭᠤᠬᠤ ᠠᠮᠤᠷ ᠲᠦᠪᠰᠢᠨ ᠪᠠ ᠬᠣᠲᠠ᠎ᠶᠢᠨ ᠬᠡᠪ᠎ᠦᠨ ᠡᠷᠭᠢᠯᠲᠡ᠎ᠶᠢ ᠪᠥᠬᠥ᠌ ᠬᠦᠴᠦᠨ᠎ᠢᠶᠡᠷ᠎ᠢᠶᠡᠨ ᠪᠠᠲᠤᠯᠠᠪᠠ᠃
ᠬᠤᠪᠸᠢ ᠮᠤᠵᠢ᠎ᠶᠢᠨ ᠰᠢᠶᠠᠩᠶᠠᠩ ᠬᠣᠲᠠ᠎ᠶᠢᠨ ᠬᠣᠲᠠ᠎ᠶᠢᠨ ᠠᠵᠢᠯᠯᠠᠭᠠᠨ᠎ᠤ ᠬᠠᠮᠢᠶᠠᠷᠤᠯᠲᠠ᠎ᠶᠢᠨ ᠲᠥᠪ᠎ᠲᠦ᠍ ᠣᠷᠣᠬᠤ᠎ᠳᠤ᠂ ᠰᠤᠷᠪᠤᠯᠵᠢᠯᠠᠭᠴᠢ ᠰᠢᠶᠠᠩᠶᠠᠩ ᠬᠣᠲᠠ᠎ᠶᠢᠨ ᠲᠥᠪ ᠲᠣᠭᠣᠷᠢᠭ᠎ᠤᠨ 285 ᠠᠮᠠᠷᠬᠠᠨ ᠤᠰᠤᠲᠤᠬᠤ ᠴᠡᠭ᠎ᠦᠨ ᠠᠬᠤᠶ ᠦᠵᠡᠭᠳᠡᠯ ᠵᠢᠴᠢ ᠪᠣᠷᠣᠭᠠᠨ᠎ᠤ ᠪᠠᠶ᠋ᠢᠳᠠᠯ᠎ᠤᠨ ᠮᠤᠷᠤᠶ ᠱᠤᠭᠤᠮ᠂ ᠭᠤᠤᠯ ᠮᠥᠷᠡᠨ ᠨᠠᠭᠤᠷ ᠴᠥᠭᠥᠷᠥᠮ᠎ᠦᠨ ᠤᠰᠤᠨ ᠲᠦᠪᠰᠢᠨ ᠵᠡᠷᠭᠡ ᠲᠣᠭ᠎ᠠ ᠪᠠᠷᠢᠮᠲᠠ᠎ᠶᠢ ᠴᠥᠮ ᠡᠯᠧᠺᠲ᠋ᠷᠣᠨ ᠳᠡᠯᠭᠡᠴᠡ ᠳᠡᠭᠡᠷ᠎ᠡ ᠴᠠᠭ ᠲᠤᠬᠠᠶ᠎ᠳᠤᠨᠢ ᠰᠢᠯᠵᠢᠭᠦᠯᠦᠨ ᠦᠵᠡᠵᠦ᠍ ᠪᠣᠯᠬᠤ ᠵᠢ ᠣᠯᠵᠤ ᠬᠠᠷᠠᠪᠠ᠃
8 ᠰᠠᠷ᠎ᠠ᠎ᠶᠢᠨ 11 ᠤ᠋ ᠡᠳᠦᠷ᠎ᠦᠨ 8 ᠴᠠᠭ᠎ᠲᠤ᠌᠂ ᠲᠠᠪᠴᠠᠩ᠎ᠤᠨ ᠬᠢᠨᠠᠨ ᠬᠡᠮᠵᠢᠵᠦ᠍ ᠣᠯᠤᠭᠰᠠᠨ ᠵᠡᠭᠦᠨ ᠡᠭᠦᠳᠡᠨ᠎ᠦ ᠬᠡᠰᠡᠭ᠎ᠤᠨ ᠲᠤᠨᠤᠮᠠᠯ ᠤᠰᠤ ᠲᠦᠷᠭᠡᠨ᠎ᠢᠶᠡᠷ ᠥᠰᠴᠦ᠍᠂ ᠠᠶᠤᠯ᠎ᠤᠨ ᠵᠠᠭᠠᠭ᠎ᠤᠨ ᠬᠡᠮᠵᠢᠭᠳᠡᠯ᠎ᠳᠦ ᠭᠦᠷᠦᠭᠰᠡᠨᠢ ᠣᠯᠵᠤ ᠮᠡᠳᠡᠭᠡᠳ᠂ ᠬᠣᠲᠠ᠎ᠶᠢᠨ ᠠᠵᠢᠯᠯᠠᠭᠠᠨ᠎ᠤ ᠬᠠᠮᠢᠶᠠᠷᠤᠯᠲᠠ᠎ᠶᠢᠨ ᠲᠥᠪ᠎ᠡᠴᠡ ᠨᠤᠲᠠᠯᠠᠭᠰᠠᠨ᠎ᠤ ᠳᠠᠷᠠᠭ᠎ᠠ ᠲᠡᠷᠡ ᠳᠠᠷᠤᠶ᠎ᠳᠤᠨᠢ ᠵᠣᠬᠢᠴᠠᠭᠤᠯᠤᠨ ᠰᠢᠢᠳᠪᠦᠷᠢᠯᠡᠪᠡ᠃ 《ᠡᠨᠳᠡ ᠵᠠᠮ ᠬᠠᠷᠢᠯᠴᠠᠭᠠᠨ᠎ᠤ ᠤᠷᠤᠰᠴᠠ᠂ ᠣᠷᠴᠢᠨ ᠲᠣᠭᠣᠷᠢᠨ᠎ᠤ ᠭᠦᠢᠴᠡᠳᠬᠡᠯ ᠲᠣᠭ᠎ᠠ᠂ ᠭᠣᠣᠯᠳᠠᠯᠭ᠎ᠠ᠎ᠲᠠᠶ ᠣᠷᠣᠨ ᠪᠦᠰᠡ᠎ᠶᠢᠨ ᠴᠠᠭ᠎ᠤᠨ ᠪᠠᠶ᠋ᠢᠳᠠᠯ ᠵᠡᠷᠭᠡ ᠡᠯ᠎ᠡ ᠲᠦᠷᠦᠯ᠎ᠦᠨ ᠬᠤᠳᠠ᠎ᠶᠢᠨ ᠠᠵᠢᠯᠯᠠᠭᠠᠨ᠎ᠤ ᠲᠣᠭ᠎ᠠ ᠪᠠᠷᠢᠮᠲᠠ᠎ᠶᠢ ᠨᠡᠪᠲᠡᠷᠡᠭᠦᠯᠪᠡ》 ᠭᠡᠵᠦ ᠰᠢᠶᠠᠩᠶᠠᠩ ᠬᠣᠲᠠ᠎ᠶᠢᠨ ᠬᠣᠲᠠ᠎ᠶᠢᠨ ᠠᠵᠢᠯᠯᠠᠭᠠᠨ᠎ᠤ ᠬᠠᠮᠢᠶᠠᠷᠤᠯᠲᠠ᠎ᠶᠢᠨ ᠲᠥᠪ᠎ᠦᠨ ᠵᠢᠯᠣᠭᠣᠳᠤᠨ ᠲᠣᠬᠢᠷᠠᠭᠤᠯᠬᠤ ᠰᠠᠯᠠᠭᠠᠨ᠎ᠤ ᠠᠵᠢᠯᠲᠠᠨ ᠵᠧᠩ ᠹᠸᠩ ᠲᠠᠨᠢᠯᠴᠠᠭᠤᠯᠪᠠ᠃
(ᠰᠤᠷᠪᠤᠯᠵᠢᠯᠠᠭᠴᠢ ᠾᠧᠦ ᠸᠸᠨ ᠺᠦᠨ ᠮᠠ ᠢ ᠴᠦᠨᠭ ᠴᠧᠨ ᠬᠤᠤ ᠮᠢᠩ ᠰᠢᠶᠦᠢ᠍ᠩ ᠵᠢᠶᠠ ᠢ ᠵᠠᠩ ᠬᠤᠸᠠ ᠶᠢᠩ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃