ᠲᠡᠷᠢᠭᠦᠨ ᠨᠢᠭᠤᠷ>ᠬᠦᠮᠦᠨ ᠨᠡᠢᠭᠡᠮ>ᠨᠡᠢᠭᠡᠮ ᠠᠮᠢᠳᠣᠷᠠᠯ

2026-08-25 09:24:00

ᠵᠣᠬᠢᠶᠠᠭ᠍ᠴᠢ᠄ ᠬᠤᠩ ᠰᠢᠶᠠ ᠣᠩᠱᠢᠭ᠍ᠰᠠᠨ ᠣᠳᠠᠭ᠎ᠠ᠄ 3

ᠲᠦᠩᠯᠢᠶᠣᠤ ᠬᠣᠲᠠ᠎ᠶ᠋ᠢᠨ ᠨᠠᠶ᠋ᠮᠠᠨ ᠬᠣᠱᠢᠭᠤᠨ᠎ᠳᠤ 《ᠤᠳᠤᠨ ᠮᠡᠴᠢᠳ》 ᠬᠡᠮᠡᠬᠦ ᠰᠠᠢᠬᠠᠨ ᠨᠡᠷᠡᠳᠡᠢ ᠡᠮᠡᠭ᠌ᠲᠡᠢᠴᠦᠳ᠎ᠤᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ ᠪᠠᠢᠳᠠᠭ᠃ 18 ᠡᠨᠡᠷᠢᠩᠭᠦᠢ ᠰᠡᠳᠬᠢᠯᠳᠦ ᠡᠵᠢ 18 ᠬᠡᠦᠬᠡᠳ ᠲᠠᠢ ᠬᠠᠪᠰᠤᠷᠤᠯᠴᠠᠭ᠎ᠠ ᠪᠠᠢᠭᠤᠯᠤᠨ᠂ ᠬᠠᠷᠠᠩᠭᠤᠢ ᠰᠦᠨᠢ ᠵᠢᠨ 《ᠤᠳᠤᠳ ᠮᠡᠴᠢᠳ》 ᠰᠢᠭ ᠬᠦᠴᠢᠷᠳᠡᠯ ᠳ᠋ᠤ ᠲᠤᠯᠭᠠᠷᠠᠭᠰᠠᠨ ᠬᠡᠦᠭᠡᠳ ᠲᠸ᠋ ᠬᠦᠰᠡᠯ᠎ᠤᠨ ᠬᠡᠭᠡ ᠤᠯᠭᠤᠨ᠎ᠠ᠃ 《ᠪᠢᠳᠡ ᠨᠢᠭᠡ ᠰᠠᠷ᠎ᠠ᠎ᠳᠤ 17 ᠬᠡᠷ ᠪᠦᠯᠢ᠎ᠳᠦ ᠬᠦᠷᠴᠦ᠍᠂ ᠡᠨᠡ 18 ᠬᠡᠦᠬᠡᠳ᠎ᠲᠦ ᠬᠠᠨᠳᠤᠯᠭᠠᠲᠤ ᠴᠢᠨᠠᠷᠲᠠᠶ ᠬᠠᠪᠰᠤᠷᠤᠯᠭ᠎ᠠ ᠦᠵᠡᠭᠦᠯᠪᠡ》 ᠬᠡᠵᠦ ᠡᠨᠡᠷᠢᠩᠭᠦᠢ ᠡᠵᠢ ᠾᠧᠦ ᠱᠢᠤ ᠬᠤᠸᠠ ᠬᠡᠦᠬᠡᠳ᠎ᠦᠨ ᠲᠣᠯᠣᠭᠠᠶ᠎ᠶ᠋ᠢ ᠬᠥᠩᠭᠡᠬᠡᠨ ᠢᠯᠪᠢᠵᠦ᠍ ᠰᠤᠷᠪᠤᠯᠵᠢᠯᠠᠬᠴᠢ ᠳ᠋ᠦ ᠬᠡᠯᠡᠯ᠎ᠡ᠃

ᠡᠨᠡ ᠬᠦ᠌ ᠡᠩᠨᠡᠭᠡ᠎ᠨᠢ 2025 ᠣᠨ᠎ᠤ 5 ᠰᠠᠷ᠎ᠠ᠎ᠳᠤ ᠪᠠᠢᠭᠤᠯᠤᠭ᠍ᠳᠠᠵᠤ᠂ ᠣᠬᠣᠷᠬᠠᠨ 8 ᠰᠠᠷ᠎ᠠ᠎ᠶ᠋ᠢᠨ ᠳᠣᠲᠣᠷ᠎ᠠ ᠡᠯ᠎ᠡ ᠠᠵᠢᠯ ᠲᠥᠷᠥᠯ᠎ᠤᠨ100 ᠭᠠᠷᠤᠶ ᠬᠠᠯᠠᠭᠤᠨ ᠰᠡᠳᠬᠢᠯᠲᠤ ᠡᠮᠡᠭ᠌ᠲᠡᠢᠴᠦᠳ᠎ᠢ ᠲᠠᠳᠠᠪᠠ᠃ ᠲᠠᠳᠠ ᠬᠠᠢᠷ᠎ᠠ ᠬᠠᠯᠠᠮᠵᠢ ᠦᠵᠡᠬᠦᠯᠬᠦ᠂ ᠣᠨᠣᠯ᠎ᠤᠨ ᠤᠬᠠᠭᠤᠯᠭ᠎ᠠ ᠬᠢᠬᠦ᠂ ᠵᠠᠭᠤᠷᠠᠯᠳᠤᠭᠠᠨ᠎ᠢ ᠡᠶᠡᠳᠡᠭᠦᠯᠬᠦ᠌ ᠭᠤᠷᠪᠠᠨ ᠶᠡᠬᠡ ᠬᠦᠷᠢᠶᠡᠨ᠎ᠳᠦ ᠭᠦᠨᠵᠡᠭᠡᠶ ᠪᠥᠭᠡᠳ ᠨᠠᠷᠢᠯᠢᠭ ᠠᠵᠢᠯᠯᠠᠵᠤ᠂ ᠬᠣᠱᠢᠭᠤᠨ᠎ᠤ ᠡᠮᠡᠭ᠌ᠲᠡᠢᠴᠦᠳ ᠬᠡᠦᠬᠡᠳ᠎ᠦᠨ ᠦᠶ᠋ᠯᠡᠰ᠎ᠦᠨ ᠬᠥᠭ᠌ᠵᠢᠯᠲᠡ᠎ᠶ᠋ᠢ ᠠᠬᠢᠭᠤᠯᠬᠤ᠂ ᠦᠨᠳᠦᠰᠦᠨ ᠱᠠᠲᠤᠨ᠎ᠤ ᠵᠠᠰᠠᠯᠲᠠ᠎ᠳᠤ ᠣᠷᠣᠯᠴᠠᠬᠤ ᠴᠢᠬᠤᠯᠠ ᠬᠦᠴᠦᠨ ᠪᠣᠯᠤᠭ᠍ᠰᠠᠨ ᠪᠠᠢᠨ᠎ᠠ᠃

ᠨᠠᠶ᠋ᠮᠠᠨ ᠬᠣᠱᠢᠭᠤᠨ᠎ᠤ ᠬᠦᠰᠡᠯᠡᠩᠲᠦ ᠨᠡᠢᠭᠡᠮ ᠲᠣᠭᠣᠷᠢᠭ᠎ᠤᠨ ᠠᠮᠠᠷᠠᠯᠲᠠ᠎ᠶ᠋ᠢᠨ ᠬᠤᠭᠤᠴᠠᠭᠠᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠬᠢᠴᠢᠶᠡᠯ᠎ᠦᠨ ᠲᠠᠩᠬᠢᠮ ᠬᠥᠷ ᠬᠥᠭ᠌ᠵᠢᠶᠡᠨ᠎ᠢᠶᠡᠷ ᠪᠢᠯᠬᠠᠵᠤ᠂ ᠨᠢᠭᠡ ᠤᠳᠠᠭᠠᠨ᠎ᠤ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ ᠡᠨᠳᠡ ᠢᠳᠡ ᠬᠦᠭ ᠲᠠᠢ ᠶᠠᠪᠤᠭ᠍ᠳᠠᠵᠤ ᠪᠠᠢᠯ᠎ᠠ᠃ 《ᠪᠢᠴᠢᠬᠠᠨ ᠨᠠᠢᠵᠠ᠎ᠨᠠᠷ ᠡ᠂ ᠲᠠᠨ᠎ᠤ ᠡᠩᠭᠡᠷ ᠲᠡᠬᠢ ᠤᠯᠠᠭᠠᠨ ᠪᠦᠴᠡ ᠠᠯᠢ ᠲᠤᠭ᠎ᠲᠠᠶ ᠬᠤᠯᠪᠤᠭ᠎ᠠ᠎ᠲᠠᠶ᠎ᠪᠤᠢ?》 ᠨᠡᠢᠭᠡᠮ ᠲᠣᠭᠣᠷᠢᠭ᠎ᠤᠨ ᠨᠠᠮ᠎ᠤᠨ ᠬᠣᠷᠢᠶᠠᠨ᠎ᠤ ᠱᠦᠵᠢ ᠵᠠᠩ ᠶᠠᠨ ᠮᠧᠶ ᠢᠨᠢᠶᠡᠮᠰᠦᠭ᠌ᠯᠡᠨ ᠠᠰᠠᠭᠤᠬᠤ ᠵᠢᠨ ᠵᠡᠷᠭᠡ ᠪᠡᠷ ᠨᠢᠯᠬ᠎ᠠ ᠪᠤᠯᠪᠠᠷᠠᠢ ᠬᠡᠦᠭᠡᠳ᠎ᠤᠨ ᠴᠢᠷᠠᠶ᠎ᠵᠢ ᠰᠢᠷᠪᠢᠨ ᠰᠢᠷᠳᠡᠨ᠎ᠡ᠃ 《ᠪᠠᠭ᠍ᠰᠢ ᠡ᠂ ᠪᠢ ᠮᠡᠳᠡᠨ᠎ᠡ! ᠤᠯᠤᠰ᠎ᠤᠨ ᠲᠤᠭ ᠲᠠᠢ ᠬᠤᠯᠪᠤᠭ᠎ᠠ ᠲᠠᠢ᠂ ᠤᠴᠢᠷ ᠨᠢ ᠤᠯᠠᠭᠠᠨ ᠪᠦᠴᠡ ᠪᠠ ᠤᠯᠤᠰ᠎ᠤᠨ ᠲᠤᠭ ᠪᠦᠷ ᠤᠯᠠᠭᠠᠨ ᠥᠩᠭᠡ᠎ᠲᠡᠶ!》 ᠭᠡᠵᠦ᠍ ᠬᠡᠦᠬᠡᠳ᠎ᠦᠳ ᠪᠤᠯᠢᠶᠠᠯᠳᠤᠨ ᠬᠠᠷᠢᠭᠤᠯᠬᠤ ᠳ᠋ᠤ᠂ ᠴᠡᠭᠡᠯᠬᠡᠨ ᠳᠠᠭᠤᠨ ᠨᠢ ᠬᠢᠴᠢᠶᠡᠯ᠎ᠦᠨ ᠲᠠᠩᠬᠢᠮ᠎ᠳᠤ ᠴᠤᠤᠷᠢᠶᠠᠲᠤᠵᠤ᠂ ᠢᠳᠡᠭᠡᠯ ᠬᠦᠰᠡᠯ᠎ᠤᠨ ᠭᠡᠷᠡᠯ ᠭᠢᠯᠪᠠᠭ᠎ᠠ ᠰᠠᠴᠤᠷᠠᠨ᠎ᠠ᠃

ᠡᠪᠦᠯ ᠵᠤᠨ᠎ᠤ ᠠᠮᠠᠷᠠᠯᠳᠠ ᠵᠢᠨ ᠬᠤᠭᠤᠴᠠᠭᠠᠨ ᠳ᠋ᠤ ᠭᠡᠷ᠎ᠤᠨ ᠠᠬᠠᠮᠠᠳᠴᠤᠳ᠎ᠤᠨ ᠬᠡᠦᠭᠡᠳ ᠵᠢᠡᠨ ᠬᠠᠷᠠᠵᠤ ᠬᠠᠷᠠᠭᠠᠯᠵᠠᠬᠤ ᠵᠠᠪ ᠦᠭᠡᠢ ᠬᠦᠴᠢᠷᠳᠡᠯ᠎ᠢ ᠰᠢᠢᠳᠪᠦᠷᠢᠯᠡᠵᠦ ᠦᠭᠬᠦ ᠵᠢᠨ ᠲᠦᠯᠦᠭᠡ᠂ 《ᠤᠳᠤᠨ ᠮᠡᠴᠢᠳ》 ᠡᠮᠡᠭ᠌ᠲᠡᠢᠴᠦᠳ᠎ᠦᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ᠎ᠶ᠋ᠢᠨ ᠨᠢᠭᠡ ᠭᠡᠱᠢᠭᠦᠨ ᠪᠣᠯᠤᠭ᠍ᠰᠠᠨ᠎ᠤ ᠬᠤᠪᠢ᠎ᠳᠤ ᠵᠠᠩ ᠶᠠᠨ ᠮᠧᠶ ᠰᠠᠨᠠᠭᠠᠴᠢᠯᠠᠭ᠎ᠠ᠎ᠡᠴᠡ᠎ᠪᠠᠨ ᠨᠡᠢᠲᠡ᠎ᠶ᠋ᠢᠨ ᠠᠰᠠᠷᠠᠮᠵᠢ᠎ᠶ᠋ᠢᠨ ᠨᠠᠢᠳᠠᠨ ᠬᠠᠮᠢᠶᠠᠷᠤᠭᠤᠯᠬᠤ ᠠᠩᠭᠢ ᠡᠷᠭᠢᠯᠡᠪᠡ᠃ 《ᠡᠨᠡ ᠵᠢᠯ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ᠎ᠶ᠋ᠢᠨ ᠬᠢᠨ ᠳᠡᠮᠵᠢᠯᠭᠡ ᠦᠵᠡᠬᠦᠯᠬᠦ ᠪᠤᠯᠤᠭᠰᠠᠨ ᠵᠢᠡᠷ 40 ᠭᠠᠷᠤᠶ ᠬᠡᠦᠬᠡᠳ ᠨᠡᠩ ᠰᠠᠢᠨ ᠬᠠᠷᠠᠭᠠᠯᠵᠠᠯ ᠬᠦᠷᠳᠡᠬᠦ ᠪᠤᠯᠵᠤ᠂ ᠬᠡᠷ᠎ᠦᠨ ᠠᠬᠠᠮᠠᠳ ᠴᠤ᠌ ᠰᠠᠨᠠᠭ᠎ᠠ ᠠᠮᠤᠷ ᠠᠵᠢᠯᠯᠠᠵᠤ ᠴᠢᠳᠠᠬᠤ ᠪᠣᠯᠵᠠᠶ᠃ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ ᠪᠠᠢᠭᠤᠯᠤᠭ᠍ᠳᠠᠭ᠍ᠰᠠᠨ ᠡᠴᠡ ᠨᠠᠭᠠᠰᠢ ᠨᠡᠢᠲᠡ᠎ᠶ᠋ᠢᠨ ᠠᠰᠠᠷᠠᠮᠵᠢ᠎ᠶ᠋ᠢᠨ ᠨᠠᠢᠳᠠᠨ ᠬᠠᠮᠢᠶᠠᠷᠤᠭᠤᠯᠬᠤ ᠠᠩᠭᠢ᠎ᠶ᠋ᠢ ᠨᠢᠭᠡᠨᠲᠡ 2 ᠬᠤᠭᠤᠴᠠᠭ᠎ᠠ ᠡᠷᠭᠢᠯᠡᠵᠦ᠍᠂ ᠨᠡᠢᠲᠡ 70 ᠭᠠᠷᠤᠶ ᠬᠡᠷ ᠪᠦᠯᠢ᠎ᠵᠢᠨ ᠠᠮᠠᠷᠠᠯᠲᠠ᠎ᠶ᠋ᠢᠨ ᠬᠤᠭᠤᠴᠠᠭᠠᠨ᠎ᠤ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠍ ᠥᠭ᠌ᠴᠡᠶ》 ᠬᠡᠵᠦ ᠵᠠᠩ ᠶᠠᠨ ᠮᠧᠶ ᠲᠠᠨᠢᠯᠴᠠᠭᠤᠯᠤᠨ᠎ᠠ᠃

ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ ᠵᠢᠨ ᠬᠢᠨ ᠪᠠᠰᠠ ᠬᠦᠴᠢᠷᠳᠡᠯᠳᠡᠢ ᠡᠮᠡᠭ᠌ᠲᠡᠢᠴᠦᠳ᠎ᠢ ᠬᠠᠯᠠᠮᠵᠢᠯᠠᠨ ᠲᠡᠮᠵᠢᠳᠡᠭ ᠪᠠᠢᠯ᠎ᠠ᠃ 《ᠡᠭᠡᠴᠢ ᠳᠡᠭᠦᠦ᠍᠎ᠨᠡᠷ᠎ᠲᠸ᠋ ᠨᠢᠭᠡ ᠵᠦᠶ᠋ᠯ᠎ᠦᠨ ᠮᠡᠷᠭᠡᠵᠢᠯ ᠡᠵᠡᠮᠱᠢᠭᠦᠯᠬᠦ᠌᠎ᠶ᠋ᠢᠨ ᠲᠥᠯᠥᠭᠡ ᠪᠢᠳᠡ ᠬᠣᠱᠢᠭᠤᠨ᠎ᠤ ᠠᠵᠢᠯ ᠣᠯᠭᠣᠯᠲᠠ᠎ᠶ᠋ᠢ ᠠᠬᠢᠭᠤᠯᠬᠤ ᠲᠥᠪ᠎ᠲᠠᠢ ᠬᠤᠯᠪᠤᠭᠠᠯᠠᠨ 41 ᠬᠤᠭᠤᠴᠠᠭᠠᠨ᠎ᠤ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ (ᠵᠢᠰᠦ ᠭᠣᠶᠣᠯᠠᠵᠤ ᠭᠡᠵᠢᠭᠡ ᠵᠠᠰᠠᠬᠤ᠂ ᠠᠳᠠᠯ ᠠᠬᠤᠶ᠎ᠶ᠋ᠢᠨ ᠦᠶ᠋ᠯᠡᠴᠢᠯᠡᠭᠡ᠂ ᠭᠠᠷ ᠤᠷᠠᠯᠠᠯ ᠦᠶ᠋ᠯᠡᠳᠬᠦ) ᠥᠷᠨᠢᠭᠦᠯᠪᠡ᠂ ᠬᠢᠴᠢᠶᠡᠯ ᠨᠢ ᠪᠦᠷ ᠤᠯᠠᠨ᠎ᠤ ᠬᠡᠷᠡᠭᠴᠡᠭᠡ ᠳ᠋ᠦ ᠨᠡᠢᠴᠡᠪᠡ》 ᠬᠡᠵᠦ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ᠎ᠶ᠋ᠢᠨ ᠳᠠᠷᠤᠭ᠎ᠠ ᠲᠥ᠋ ᠶᠠᠨ ᠬᠤᠸᠠ ᠬᠡᠯᠡᠪᠡ᠃

ᠣᠳᠣᠬᠠᠨ ᠪᠣᠯᠲᠠᠯ᠎ᠠ᠂ 1000 ᠭᠠᠷᠤᠶ ᠡᠮᠡᠭ᠌ᠲᠡᠢᠴᠤᠳ ᠪᠣᠯᠪᠠᠰᠤᠷᠠᠯ᠎ᠢᠶᠠᠷ ᠳᠡᠮᠵᠢᠨ ᠮᠡᠷᠭᠡᠵᠢᠯ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ 5000 ᠭᠠᠷᠤᠶ ᠡᠮᠡᠭ᠌ᠲᠡᠶ ᠮᠠᠯᠴᠢᠨ ᠲᠠᠷᠢᠶᠠᠴᠢᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ᠎ᠵᠢᠨ ᠲᠠᠪᠴᠠᠩ᠎ᠢᠶᠠᠷ᠎ᠲᠠᠮᠵᠢᠨ ᠠᠵᠢᠯ ᠰᠢᠯᠵᠢᠪᠠ᠃

ᠦᠳᠡ᠎ᠶ᠋ᠢᠨ ᠬᠤᠢᠨᠠᠬᠢ 4 ᠴᠠᠭ᠎ᠲᠤ ᠨᠠᠶ᠋ᠮᠠᠨ ᠬᠣᠱᠢᠭᠤᠨ᠎ᠤ ᠬᠠᠮ ᠵᠠᠭᠤᠴᠢᠯᠠᠭᠤᠷ᠎ᠤᠨ ᠲᠥᠪ᠎ᠦᠨ 《ᠮᠠᠨ᠎ᠤ ᠠᠮᠢᠳᠤᠷᠠᠯ》 ᠭᠡᠬᠦ ᠱᠢᠭᠤᠳ ᠨᠡᠪᠲᠡᠷᠡᠭᠦᠯᠭᠡ ᠴᠠᠭ᠎ᠲᠠᠭᠠᠨ ᠡᠬᠢᠯᠡᠵᠦ᠍᠂ ᠬᠣᠱᠢᠭᠤᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠲᠥᠪ᠎ᠦᠨ ᠠᠵᠢᠯᠳᠠᠨ᠎ᠢ ᠤᠷᠢᠵᠤ᠂ ᠣᠯᠠᠨ ᠲᠦᠮᠡᠨ᠎ᠳᠤ ᠠᠵᠢᠯ ᠣᠯᠭᠣᠬᠤ ᠦᠶ᠋ᠯᠡᠰ ᠪᠤᠰᠬᠠᠬᠤ ᠲᠥᠷᠥ᠎ᠶ᠋ᠢᠨ ᠪᠣᠳᠣᠯᠭ᠎ᠠ ᠵᠢᠨ ᠲᠡᠮᠵᠢᠯᠭᠡ ᠵᠢᠴᠢ ᠲᠣᠰ ᠭᠠᠵᠠᠷ᠎ᠤᠨ ᠡᠮᠡᠭ᠌ᠲᠡᠶ ᠠᠵᠢᠯᠲᠠᠨ ᠡᠯᠰᠡᠬᠦ᠌ ᠠᠵᠢᠯ᠎ᠤᠨ ᠪᠠᠢᠷᠢ᠂ ᠠᠰᠠᠷᠠᠭ᠍ᠴᠢ᠂ ᠰᠤᠪᠢᠯᠠᠭ᠍ᠴᠢ ᠵᠡᠷᠭᠡ ᠰᠦᠶ᠋ᠳᠭᠡᠯ ᠬᠤᠷᠢᠶᠠᠬᠤ ᠥᠬᠡᠶ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠤᠨ ᠦᠶ᠋ᠯᠡᠴᠢᠯᠡᠭᠡ᠎ᠶ᠋ᠢ ᠲᠠᠨᠢᠯᠴᠠᠭᠤᠯᠬᠤ ᠵᠢᠨ ᠬᠠᠮᠳᠤ ᠪᠠᠰᠠ ᠦᠵᠡᠭ᠌ᠴᠢᠳ᠎ᠦᠨ ᠠᠰᠠᠭᠤᠯᠲᠠ᠎ᠳᠤ ᠬᠦᠯᠢᠴᠡᠩᠭᠦᠶ᠎ᠪᠡᠷ ᠬᠠᠷᠢᠭᠤᠯᠲᠠ ᠥᠭ᠌ᠳᠡᠭ᠃ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ ᠪᠠᠢᠭᠤᠯᠤᠭ᠍ᠳᠠᠭ᠍ᠰᠠᠨ᠎ᠡᠴᠡ ᠨᠠᠭᠠᠰᠢ᠂ 《ᠮᠠᠨ᠎ᠤ ᠠᠮᠢᠳᠤᠷᠠᠯ》 ᠫᠷᠤᠭ᠌ᠷᠠᠮ᠎ᠢ 8 ᠬᠤᠭᠤᠴᠠᠭ᠎ᠠ ᠨᠡᠪᠲᠡᠷᠡᠭᠦᠯᠵᠦ᠍᠂ ᠬᠤᠭᠤᠴᠠᠭ᠎ᠠ ᠪᠦᠷᠢ ᠠᠳᠠᠯᠢ ᠪᠤᠰᠤ ᠭᠤᠤᠯ ᠰᠡᠳᠦᠪ᠎ᠦᠨ ᠲᠣᠭᠣᠷᠢᠨ᠎ᠳᠤ ᠡᠯ᠎ᠡ ᠠᠵᠢᠯ ᠲᠥᠷᠥᠯ᠎ᠦᠨ ᠱᠢᠯᠢᠳᠡᠭ ᠡᠮᠡᠭ᠌ᠲᠡᠶ ᠲᠥᠯᠥᠭᠡᠯᠡᠭ᠌ᠴᠢ ᠵᠢᠴᠢ ᠬᠠᠮᠢᠶ᠎ᠠ ᠪᠦᠬᠦᠢ ᠬᠦᠷᠢᠶᠡᠨ᠎ᠦ ᠲᠤᠰᠭᠠᠶ ᠮᠡᠷᠭᠡᠵᠢᠯᠲᠡᠨ᠎ᠢ ᠤᠷᠢᠵᠤ᠂ ᠡᠮᠡᠭ᠌ᠲᠡᠢᠴᠦᠳ᠎ᠦᠨ ᠬᠥᠭ᠌ᠵᠢᠯᠲᠡ᠎ᠳᠦ ᠦᠶ᠋ᠯᠡᠴᠢᠯᠡᠭᠡᠨ᠎ᠦ ᠬᠥᠭᠥᠷᠭᠡ ᠪᠤᠯᠵᠤ᠂ 《ᠡᠮᠡᠭᠳᠡᠢᠴᠤᠳ᠎ᠤᠨ ᠬᠦᠴᠦᠨ ᠴᠢᠳᠠᠯ》 ᠢ᠋ ᠨᠢᠭ᠍ᠲᠠᠷᠠᠭᠤᠯᠪᠠ᠃

ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ ᠵᠢᠨ ᠬᠢᠨ ᠪᠠᠰᠠ ᠢᠳᠡᠭᠡᠨ᠎ᠦ ᠠᠮᠤᠷ ᠲᠦᠪᠱᠢᠨ᠂ 《ᠬᠣᠶᠠᠷ ᠥᠮᠡᠨ》 ᠢ᠋ ᠤᠷᠢᠳᠴᠢᠯᠠᠨ ᠰᠡᠷᠭᠡᠢᠯᠡᠬᠦ᠌᠂ ᠬᠤᠪᠢᠰᠭᠠᠯ᠎ᠤᠨ ᠬᠥᠮᠦᠵᠢᠯ ᠵᠡᠷᠭᠡ ᠠᠵᠢᠯᠯᠠᠭ᠎ᠠ ᠶ᠋ᠢ 70 ᠭᠠᠷᠤᠶ ᠲᠠᠯᠠᠪᠠᠶ ᠤᠬᠠᠭᠤᠯᠤᠨ ᠲᠠᠢᠯᠪᠤᠷᠢᠯᠠᠵᠤ᠂ ᠪᠣᠳᠠᠲᠤ ᠬᠡᠷᠡᠭ᠌ᠯᠡᠭᠡᠨ᠎ᠦ ᠮᠡᠳᠡᠯᠭᠡ ᠬᠢᠭᠡᠳ ᠢᠳᠡᠪᠬᠢ ᠬᠦᠴᠦᠨ᠎ᠢ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠬᠦᠷᠭᠡᠪᠡ᠃

ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠩᠬᠢ ᠨᠢ ᠨᠡᠩ ᠴᠤ᠌ ᠡᠮᠡᠭ᠌ᠲᠡᠢᠴᠦᠳ᠎ᠦᠨ《ᠤᠶᠠᠨ ᠵᠥᠭᠡᠯᠡᠨ ᠡᠶᠡᠳᠡᠭᠦᠯᠭᠡ》 ᠶ᠋ᠢᠨ ᠳᠠᠪᠠᠭᠤᠯᠢᠭ᠎ᠢ ᠪᠠᠳᠠᠷᠠᠭᠤᠯᠵᠤ᠂ ᠳᠣᠲᠣᠭᠠᠳᠤ᠎ᠶ᠋ᠢ ᠬᠠᠮᠠᠭᠠᠯᠠᠬᠤ᠂ ᠪᠠᠢᠴᠠᠭᠠᠬᠤ᠂ ᠱᠢᠭᠦᠬᠦ᠌ ᠵᠡᠷᠭᠡ ᠬᠦᠷᠢᠶᠡᠨ᠎ᠳᠡᠬᠢ ᠬᠠᠤᠯᠢ ᠴᠠᠭᠠᠵᠠ᠎ᠶ᠋ᠢᠨ ᠲᠤᠰᠭᠠᠢ ᠮᠡᠷᠭᠡᠵᠢᠯ᠎ᠦᠨ ᠬᠥᠮᠦᠰ᠎ᠢ ᠣᠷᠣᠯᠴᠠᠭᠤᠯᠵᠤ᠂ ᠡᠶᠡᠳᠡᠭᠦᠯᠬᠦ᠌ ᠲᠤᠰᠭᠠᠢ ᠡᠩᠨᠡᠭᠡ᠎ᠶ᠋ᠢ ᠵᠣᠬᠢᠶᠠᠨ ᠪᠠᠢᠭᠤᠯᠪᠠ᠃ ᠤᠷᠤᠭ ᠭᠡᠷ ᠪᠦᠯᠢ᠎ᠶ᠋ᠢᠨ ᠵᠥᠷᠢᠴᠡᠯ᠂ ᠬᠥᠷᠰᠢ ᠵᠡᠷᠭᠡᠯᠡᠳᠡᠭᠡ᠎ᠶ᠋ᠢᠨ ᠬᠣᠭᠣᠷᠣᠨᠳᠣᠬᠢ ᠵᠠᠭᠤᠷᠠᠯᠳᠤᠭᠠᠨ ᠵᠡᠷᠭᠡ ᠵᠢ ᠰᠠᠢ᠌ᠨ ᠲᠤᠷᠠᠴᠤᠳ ᠶᠡᠷᠦᠨᠢ ᠬᠦᠯᠢᠴᠡᠩᠭᠦᠢ᠎ᠪᠡᠷ ᠰᠣᠨᠣᠰᠴᠤ᠌᠂ ᠤᠶᠤᠨᠯᠢᠭ ᠵᠢᠡᠷ ᠬᠦᠲᠦᠯᠦᠨ ᠵᠢᠯᠣᠭᠣᠳᠭᠤ ᠪᠠ ᠲᠤᠰᠭᠠᠢ ᠮᠡᠷᠭᠡᠵᠢᠯ᠎ᠢᠶᠡᠷ ᠲᠠᠢᠯᠪᠤᠷᠢᠯᠠᠨ ᠶᠠᠷᠢᠵᠤ᠂ ᠲᠤᠬᠠᠢ᠎ᠶ᠋ᠢᠨ ᠬᠥᠮᠦᠨ᠎ᠤ ᠡᠷᠭᠡ ᠠᠰᠢᠭ ᠵᠢᠡᠨ ᠬᠠᠤᠯᠢ ᠶᠤᠰᠤᠭᠠᠷ ᠬᠠᠮᠠᠭᠠᠯᠠᠬᠤ ᠵᠢ ᠬᠦᠳᠦᠯᠦᠨ ᠵᠢᠯᠤᠭᠤᠳᠤᠳᠠᠭ᠃ ᠣᠳᠣ ᠪᠣᠯᠲᠠᠯ᠎ᠠ᠂ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ ᠨᠢᠭᠡᠨᠲᠡ 60 ᠭᠠᠷᠤᠶ ᠵᠥᠷᠢᠴᠡᠯ ᠵᠠᠭᠤᠷᠠᠯᠳᠤᠭᠠᠨ᠎ᠢ ᠡᠶᠡᠳᠡᠭᠦᠯᠦᠨ ᠱᠢᠶ᠋ᠳᠪᠦᠷᠢᠯᠡᠵᠡᠶ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面