2026-08-25 11:22:17
ᠲᠦᠷᠦᠭᠦᠭᠡᠨ ᠬᠥᠬᠡᠡᠡᠣᠲᠠ᠎ᠶᠢᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠨᠴᠠ ᠲᠣᠮᠢᠯᠠᠭᠳᠠᠭᠰᠠᠳ᠎ᠤᠨ ᠴᠢᠳᠠᠪᠤᠷᠢ᠎ᠶᠢ ᠳᠡᠭᠡᠭᠰᠢᠯᠡᠭᠦᠯᠬᠦ᠌ ᠪᠣᠯᠪᠠᠰᠤᠷᠠᠯ ᠮᠸᠨᠭ ᠺᠸ ᠵᠢᠦᠢ ᠲᠠᠪᠴᠠᠩ᠎ᠤᠨ ᠶᠡᠷᠦᠩᠬᠡᠶ ᠬᠡᠯᠳᠡᠰ ᠲᠸ᠋ ᠶᠠᠪᠤᠭᠳᠠᠪᠠ᠃ ᠪᠣᠯᠪᠠᠰᠤᠷᠠᠯ᠎ᠢ ᠬᠥᠬᠡᠡᠡᠣᠲᠠ᠎ᠶᠢᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠣᠪᠴᠢᠶ᠎ᠠ᠎ᠡᠴᠡ ᠭᠤᠤᠯᠯᠠᠨ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ 《1571》 ᠠᠵᠢᠯ᠎ᠤᠨ ᠪᠠᠶ᠋ᠢᠷᠢᠯᠠᠭᠤᠯᠤᠯᠲᠠ᠎ᠶᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠨᠴᠠ ᠲᠣᠮᠢᠯᠠᠭᠳᠠᠭᠰᠠᠳ᠎ᠤᠨ ᠦᠨᠳᠦᠰᠦᠨ ᠱᠠᠲᠤᠨ᠎ᠳᠤ ᠦᠢᠯᠡᠴᠢᠯᠡᠬᠦ᠌᠂ ᠠᠵᠤ ᠦᠢᠯᠡᠰ ᠲᠸ᠋ ᠬᠦᠴᠦᠨ ᠨᠡᠮᠡᠷᠢᠯᠡᠬᠦ ᠲᠤᠰᠬᠠᠶ ᠮᠡᠷᠭᠡᠵᠢᠯ᠎ᠦᠨ ᠴᠢᠳᠠᠪᠤᠷᠢ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ᠌᠎ᠪᠡᠷ ᠵᠣᠷᠢᠯᠭ᠎ᠠ᠎ᠪᠠᠨ ᠪᠣᠯᠭᠠᠵᠠᠶ᠃ ᠬᠦᠬᠡᠡᠡᠤᠲᠠ ᠳ᠋ᠤ᠌ ᠰᠠᠭᠤᠭ᠎ᠠ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠵᠡᠷᠭᠡ ᠭᠤᠤᠯᠳᠠᠯᠭ᠎ᠠ᠎ᠲᠠᠶ ᠠᠵᠤ ᠠᠬᠤᠢᠯᠠᠯ᠎ᠤᠨ 100 ᠰᠢᠬᠠᠮ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠨᠴᠠ ᠲᠣᠮᠢᠯᠠᠭᠳᠠᠭᠴᠢ ᠲᠣᠰ ᠤᠳᠠᠭᠠᠨ᠎ᠤ ᠪᠣᠯᠪᠠᠰᠤᠷᠠᠯ᠎ᠳᠤ ᠣᠷᠣᠯᠴᠠᠪᠠ᠃
ᠪᠤᠯᠪᠠᠰᠤᠷᠠᠯᠲᠡᠭᠡᠷᠡ ᠬᠠᠮᠢᠶ᠎ᠠ ᠪᠦᠬᠦᠢ ᠲᠤᠰᠬᠠᠢ ᠮᠡᠷᠭᠡᠵᠢᠯᠳᠡᠨ ᠡᠴᠡ 《ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠨᠴᠠ ᠲᠣᠮᠢᠯᠠᠭᠳᠠᠭᠰᠠᠳ᠎ᠤᠨ ᠰᠤᠳᠤᠯᠤᠨ ᠨᠡᠭᠡᠭᠡᠯᠳᠡ ᠵᠢ ᠠᠬᠢᠭᠤᠯᠬᠤ ᠲᠤᠬᠠᠢ ᠬᠢᠨᠠᠨ ᠰᠢᠯᠭᠠᠯᠲᠠ ᠪᠠ ᠠᠵᠢᠯ᠎ᠤᠨ ᠦᠷ᠎ᠡ ᠪᠦᠳᠦᠮᠵᠢ ᠵᠢᠨ ᠬᠠᠮᠢᠶᠠᠷᠤᠯᠲᠠ᠎ᠶᠢᠨ ᠠᠷᠭ᠎ᠠ》 ᠳ᠋ᠤ ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ ᠬᠢᠵᠦ᠂ ᠪᠥᠬᠥ᠌ ᠬᠣᠲᠠ᠎ᠶᠢᠨ ᠰᠤᠳᠤᠯᠤᠨ ᠨᠡᠭᠡᠭᠡᠯᠲᠡ ᠵᠢᠨ ᠣᠷᠣᠭᠤᠯᠤᠯᠲᠠ᠎ᠶᠢ ᠨᠡᠮᠡᠭᠳᠡᠭᠦᠯᠬᠦ᠌᠎ᠶᠢᠨ ᠲᠣᠭᠣᠷᠢᠨ᠎ᠳᠤ ᠰᠢᠨ᠎ᠡ᠎ᠶᠢ ᠡᠭᠦᠳᠬᠦ᠌ ᠡᠬᠢ ᠪᠠᠶᠠᠯᠢᠭ᠎ᠤᠨ ᠲᠣᠬᠢᠷᠠᠭᠤᠯᠤᠯᠲᠠ᠎ᠶᠢ ᠰᠢᠯᠢᠳᠡᠭᠵᠢᠭᠦᠯᠬᠦ᠌᠂ ᠠᠵᠤ ᠠᠬᠤᠢᠯᠠᠯ᠎ᠤᠨ ᠭᠤᠤᠯ ᠴᠣᠭᠴᠠ᠎ᠶᠢᠨ ᠪᠠᠶ᠋ᠢᠷᠢ ᠰᠠᠭᠤᠷᠢ᠎ᠶᠢ ᠴᠢᠩᠭᠠᠳᠬᠠᠬᠤ᠂ ᠰᠢᠨ᠎ᠡ᠎ᠶᠢ ᠡᠭᠦᠳᠬᠦ᠌ ᠠᠮᠢ ᠠᠬᠤᠶ᠎ᠶᠢ ᠲᠡᠭᠦᠯᠳᠡᠷᠵᠢᠭᠦᠯᠬᠦ᠌ ᠵᠡᠷᠭᠡ ᠲᠠᠯ᠎ᠠ᠎ᠪᠠᠷ 《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠥᠪᠵᠢᠭᠦᠯᠭᠡ᠎ᠶᠢᠨ ᠬᠤᠭᠤᠴᠠᠭᠠᠨ᠎ᠳᠠᠬᠢ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠠᠵᠢᠯ᠎ᠤᠨ ᠭᠤᠤᠯᠳᠠᠯᠭ᠎ᠠ᠎ᠲᠠᠶ ᠴᠢᠭᠯᠡᠯ᠎ᠢ ᠲᠤᠳᠤᠷᠬᠠᠢᠯᠠᠵᠤ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠨᠴᠠ ᠲᠣᠮᠢᠯᠠᠭᠳᠠᠭᠰᠠᠳ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠬᠡᠵᠦ᠍᠂ ᠲᠤᠰᠬᠠᠢ ᠮᠡᠷᠭᠡᠵᠢᠯ᠎ᠦᠨ ᠠᠷᠭ᠎ᠠ᠎ᠶᠢ ᠡᠵᠡᠮᠰᠢᠵᠦ᠍᠂ ᠰᠤᠳᠤᠯᠤᠨ ᠨᠡᠭᠡᠭᠡᠬᠦ᠌ ᠲᠦᠷᠦᠯ ᠵᠦᠢᠯ᠎ᠦᠨ ᠬᠠᠮᠢᠶᠠᠷᠤᠯᠲᠠ᠎ᠶᠢᠨ ᠲᠦᠷᠢᠮ ᠪᠣᠯᠤᠨ ᠡᠳ᠋᠎ᠦᠨ ᠶᠠᠪᠤᠳᠠᠯ᠎ᠤᠨ ᠬᠠᠮᠢᠶᠠᠷᠤᠯᠲᠠ᠎ᠶᠢᠨ ᠲᠦᠷᠢᠮ᠎ᠢ ᠪᠦᠷᠢᠨᠰᠢᠬᠦᠯᠵᠥ᠍᠂ ᠰᠤᠳᠤᠯᠤᠨ ᠨᠡᠭᠡᠭᠡᠬᠦ᠌ ᠵᠠᠷᠤᠳᠠᠯ᠎ᠢ ᠴᠤᠭᠯᠠᠭᠤᠯᠬᠤ ᠪᠠ ᠲᠣᠭ᠎ᠠ ᠪᠠᠷᠢᠮᠲᠠ᠎ᠶᠢ ᠲᠠᠭᠯᠠᠨ ᠮᠡᠳᠡᠭᠦᠯᠬᠦ᠌ ᠠᠵᠢᠯ᠎ᠢ ᠰᠠᠶ᠋ᠢᠲᠤᠷ ᠬᠢᠬᠦ᠌ ᠬᠡᠷᠡᠭᠲᠡᠢ ᠭᠡᠵᠦ᠍ ᠴᠢᠬᠤᠯᠠᠴᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃