ᠲᠡᠷᠢᠭᠦᠨ ᠨᠢᠭᠤᠷ>ᠬᠦᠮᠦᠨ ᠨᠡᠢᠭᠡᠮ>ᠨᠡᠢᠭᠡᠮ ᠠᠮᠢᠳᠣᠷᠠᠯ

2026-08-28 16:22:25

ᠵᠣᠬᠢᠶᠠᠭ᠍ᠴᠢ᠄ ᠸ·ᠭᠡᠷᠡᠯᠳᠤ ᠣᠩᠱᠢᠭ᠍ᠰᠠᠨ ᠣᠳᠠᠭ᠎ᠠ᠄ 3

ᠤᠢᠷ᠎ᠠ᠎ᠳᠤ᠂ ᠠᠷᠪᠠᠨ ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠰᠢᠨ᠎ᠡ᠎ᠶᠢ ᠡᠭᠦᠳᠴᠦ ᠦᠢᠯᠡᠰ ᠪᠤᠰᠠᠬᠬᠤ ᠤᠷᠤᠯᠳᠤᠭᠠᠨ᠎ᠤ ᠥᠪᠥᠷ ᠮᠣᠩᠭᠣᠯ᠎ᠳᠡᠬᠢ ᠤᠷᠤᠯᠳᠤᠭᠠᠨ᠎ᠤ ᠲᠣᠭᠣᠷᠢᠭ᠎ᠤᠨ ᠡᠬᠢᠯᠡᠯᠲᠡ᠎ᠶᠢᠨ ᠶᠣᠰᠣᠯᠠᠯ ᠪᠤᠭᠤᠲᠤ᠎ᠳᠤ ᠶᠠᠪᠤᠭᠳᠠᠪᠠ᠃ ᠲᠣᠰ ᠬᠤᠭᠤᠴᠠᠭᠠᠨ᠎ᠤ ᠤᠷᠤᠯᠳᠤᠭᠠᠨ᠎ᠨᠢ 《ᠰᠢᠨ᠎ᠡ᠎ᠶᠢ ᠡᠭᠦᠳᠬᠦ᠌᠎ᠶᠢᠨ ᠲᠤᠭᠤᠷᠢᠨ ᠳ᠋ᠤ ᠴᠤᠭᠯᠠᠷᠠᠵᠤ ᠂ ᠰᠢᠨ᠎ᠡ ᠠᠶᠠᠨ ᠵᠠᠮ ᠵᠢᠡᠷ ᠤᠷᠤᠭᠰᠢᠯᠠᠬᠤ》 ᠪᠠᠷ ᠭᠤᠤᠯ ᠰᠡᠳᠦᠪ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠰ᠎ᠦᠨ ᠬᠥᠭᠵᠢᠯᠲᠡ᠎ᠶᠢᠨ ᠴᠢᠭᠯᠡᠯ᠎ᠢ ᠴᠢᠩᠭ᠎ᠠ ᠡᠵᠡᠮᠳᠡᠵᠦ᠍᠂ ᠰᠢᠨ᠎ᠡ ᠨᠢᠭᠡ ᠦᠶ᠎ᠡ᠎ᠶᠢᠨ ᠮᠡᠳᠡᠭᠡ ᠵᠠᠩᠭᠢ᠎ᠶᠢᠨ ᠮᠡᠷᠭᠡᠵᠢᠯ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠠᠮᠢᠳᠤ ᠪᠣᠳᠠᠰ᠎ᠤᠨ ᠡᠮ ᠡᠮᠨᠡᠯᠭᠡ᠂ ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭᠠᠯᠠᠬᠤ ᠲᠠᠪᠤᠨ ᠶᠡᠬᠡ ᠭᠤᠤᠯᠳᠠᠯᠭ᠎ᠠ᠎ᠲᠠᠶ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠥᠨᠳᠥᠷ ᠲᠦᠪᠰᠢᠨ ᠪᠥᠬᠥᠶ ᠦᠢᠯᠡᠰ ᠪᠤᠰᠠᠬᠵᠤ ᠰᠢᠨ᠎ᠡ᠎ᠶᠢ ᠡᠭᠦᠳᠬᠦ᠌ ᠤᠷᠤᠯᠳᠤᠭᠠᠨ ᠬᠢᠭᠡᠳ ᠡᠬᠢ ᠪᠠᠶᠠᠯᠢᠭ᠎ᠢ ᠵᠣᠯᠭᠠᠭᠤᠯᠬᠤ ᠲᠠᠪᠴᠠᠩ᠎ᠢ ᠪᠠᠶ᠋ᠢᠭᠤᠯᠬᠤ ᠪᠣᠯᠤᠨ᠎ᠠ᠃

ᠳᠤᠮᠳᠠᠳᠤ ᠤᠯᠤᠰ᠎ᠤᠨ ᠰᠢᠨ᠎ᠡ᠎ᠶᠢ ᠡᠭᠦᠳᠴᠦ᠍ ᠦᠢᠯᠡᠰ ᠪᠤᠰᠠᠬᠬᠤ ᠤᠷᠤᠯᠳᠤᠭᠠᠨ ᠪᠣᠯ ᠤᠯᠤᠰ᠎ᠤᠨ ᠳᠣᠲᠣᠭᠠᠳᠤ᠎ᠳ᠋ᠡᠬᠢ ᠬᠡᠪᠴᠢᠶ᠎ᠡ᠎ᠪᠡᠷ ᠬᠠᠮᠤᠭ᠎ᠤᠨ ᠶᠡᠬᠡ᠂ ᠲᠠᠰ ᠳᠠᠪᠬᠤᠷᠭ᠎ᠠ᠎ᠪᠠᠷ ᠬᠠᠮᠤᠭ᠎ᠤᠨ ᠥᠨᠳᠥᠷ᠂ ᠨᠥᠯᠥᠭᠡᠯᠡᠬᠦ᠌ ᠬᠦᠴᠦᠨ᠎ᠢᠶᠡᠷ ᠬᠠᠮᠤᠭ᠎ᠤᠨ ᠥᠷᠭᠡᠨ ᠬᠤᠤᠰ ᠡᠭᠦᠳᠦᠯᠳᠡ ᠵᠢᠨ ᠤᠷᠤᠯᠳᠤᠭᠠᠨ᠎ᠤ ᠲᠠᠪᠴᠠᠩ ᠪᠣᠯᠤᠨ᠎ᠠ᠃ ᠤᠷᠤᠯᠳᠤᠭᠠᠨ ᠡᠬᠢᠯᠡᠭᠰᠡᠨ᠎ᠡᠴᠡ ᠨᠠᠭᠠᠰᠢ᠂ ᠪᠦᠬᠦ᠌ ᠣᠷᠣᠨ᠎ᠤ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠤᠯᠠᠨ ᠭᠣᠣᠯ ᠴᠣᠭᠴᠠ ᠢᠳᠡᠪᠬᠢᠲᠡᠢ ᠣᠷᠣᠯᠴᠠᠬᠰᠠᠨ ᠪᠠᠢᠨ᠎ᠠ᠃ ᠬᠢᠷᠢ ᠬᠡᠮ᠎ᠦᠨ ᠬᠢᠨᠠᠨ ᠬᠠᠷᠭᠤᠭᠤᠯᠤᠯᠲᠠ ᠪᠠ ᠰᠦᠯᠵᠢᠶᠡᠨ ᠳᠡᠭᠡᠷᠡᠬᠢ ᠠᠩᠬᠠᠨ᠎ᠤ ᠤᠷᠤᠯᠳᠤᠭᠠᠨ᠎ᠤ ᠰᠢᠯᠢᠨ ᠰᠣᠩᠭᠣᠯᠲᠠ᠎ᠪᠠᠷ ᠳᠠᠮᠵᠢᠨ᠂ ᠡᠴᠦᠰ᠎ᠲᠡᠬᠡᠨ 120 ᠴᠢᠨᠠᠷ ᠰᠠᠶ᠋ᠢᠲᠠᠶ ᠲᠥᠷᠥᠯ ᠵᠦᠢᠯ ᠴᠣᠯᠭᠣᠷᠠᠨ ᠭᠠᠷᠴᠤ᠌᠂ ᠳᠠᠷᠠᠭ᠎ᠠ ᠨᠢ ᠬᠣᠶᠠᠳᠠᠬᠢ ᠤᠷᠤᠯᠳᠤᠭᠠᠨ᠂ ᠰᠢᠢᠳᠪᠦᠷᠢᠲᠦ᠍ ᠤᠷᠤᠯᠳᠤᠭᠠᠨ᠎ᠤ ᠳᠤᠮᠳᠠ ᠦᠷᠢᠰᠦᠯᠳᠦᠨ ᠲᠡᠮᠡᠴᠡᠬᠦ ᠪᠣᠯᠤᠨ᠎ᠠ᠃ ᠲᠣᠰ ᠬᠤᠭᠤᠴᠠᠭᠠᠨ᠎ᠤ ᠤᠷᠤᠯᠳᠤᠭᠠᠨ᠎ᠳᠤ ᠠᠩᠬ᠎ᠠ ᠡᠭᠦᠳᠦᠨ ᠪᠠᠶ᠋ᠢᠭᠤᠯᠤᠭᠰᠠᠨ ᠠᠵᠤ ᠠᠬᠤᠶ᠋ᠢᠯᠠᠯ᠎ᠤᠨ ᠳᠤᠭᠤᠶ᠋ᠢᠯᠠᠩ᠂ ᠦᠰᠦᠨ ᠪᠣᠶ᠋ᠢᠵᠢᠭᠰᠠᠨ ᠠᠵᠤ ᠠᠬᠤᠶ᠋ᠢᠯᠠᠯ᠎ᠤᠨ ᠳᠤᠭᠤᠶ᠋ᠢᠯᠠᠩ ᠭᠡᠵᠦ᠍ ᠬᠤᠪᠢᠶᠠᠨ᠂ ᠱᠠᠩᠨᠠᠯ ᠣᠯᠤᠭᠰᠠᠨ ᠲᠥᠷᠥᠯ ᠵᠦᠢᠯ᠎ᠨᠢ ᠡᠯᠪᠡᠭ ᠳᠡᠯᠪᠡᠭ ᠤᠷᠤᠯᠳᠤᠭᠠᠨ᠎ᠤ ᠱᠠᠩᠨᠠᠯ᠎ᠤᠨ ᠮᠥᠩᠭᠥ᠎ᠶᠢᠨ ᠳᠡᠮᠵᠢᠯᠭᠡ ᠵᠢᠴᠢ ᠪᠥᠬᠥ᠌ ᠬᠡᠯᠬᠢᠶᠡᠨ᠎ᠦ ᠢᠵᠢ ᠪᠥᠷᠢᠳᠦᠭᠰᠡᠨ ᠦᠢᠯᠡᠴᠢᠯᠡᠭᠡ ᠵᠢ ᠭᠥᠷᠳᠡᠬᠦ᠌ ᠪᠣᠯᠤᠨ᠎ᠠ᠃

ᠣᠶ᠋ᠢᠯᠠᠭᠠᠭᠰᠠᠨ᠎ᠢᠶᠠᠷ᠂ ᠲᠤᠰ ᠤᠷᠤᠯᠳᠤᠭᠠᠨ ᠨᠢ ᠨᠢᠭᠡᠨᠲᠡ ᠥᠪᠥᠷ ᠮᠣᠩᠭᠣᠯ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠣᠨᠳᠣᠣᠰᠢᠭᠤᠯᠬᠤ᠂ ᠠᠵᠤ ᠦᠢᠯᠡᠰ᠎ᠦᠨ ᠳᠡᠰ ᠳᠡᠪᠰᠢᠬᠦ᠌ ᠎ᠳᠤ ᠬᠥᠴᠥᠨ ᠤᠯᠭᠤᠬᠤ ᠴᠢᠬᠤᠯᠠ ᠲᠠᠪᠴᠠᠩ ᠪᠤᠯᠵᠤ᠂ ᠮᠠᠰᠢ ᠤᠯᠠᠨ ᠰᠢᠨ᠎ᠡ᠎ᠶᠢ ᠡᠭᠦᠳᠬᠦ᠌ ᠠᠮᠢᠵᠢᠷᠠᠯ᠎ᠤᠨ ᠬᠦᠴᠦᠨ ᠭᠦᠢᠴᠡᠳ᠂ ᠮᠡᠷᠭᠡᠵᠢᠯ᠎ᠦᠨ ᠲᠦᠪᠰᠢᠨ ᠥᠨᠳᠥᠷ᠂ ᠬᠥᠭᠵᠢᠯᠲᠡ᠎ᠶᠢᠨ ᠠᠯᠤᠰ ᠢᠷᠡᠭᠡᠳᠦᠢ ᠰᠠᠢ᠌ᠨ ᠠᠵᠤ ᠠᠬᠤᠶ᠋ᠢᠯᠠᠯ ᠡᠭᠦᠨ᠎ᠢᠶᠡᠷ ᠳᠠᠮᠵᠢᠨ ᠴᠣᠯᠭᠣᠷᠠᠨ ᠭᠠᠷᠴᠤ᠌᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠌᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠭᠰᠡᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面