ᠲᠡᠷᠢᠭᠦᠨ ᠨᠢᠭᠤᠷ>ᠬᠦᠮᠦᠨ ᠨᠡᠢᠭᠡᠮ>ᠨᠡᠢᠭᠡᠮ ᠠᠮᠢᠳᠣᠷᠠᠯ

2026-08-28 09:30:08

ᠵᠣᠬᠢᠶᠠᠭ᠍ᠴᠢ᠄ ᠬᠤᠩ ᠰᠢᠶᠠ ᠣᠩᠱᠢᠭ᠍ᠰᠠᠨ ᠣᠳᠠᠭ᠎ᠠ᠄ 3

《ᠡᠶᠡᠳᠡᠭᠦᠯᠦᠭᠴᠢ᠎ᠶ᠋ᠢᠨ ᠬᠦᠯᠢᠴᠡᠩᠭᠦᠢ ᠢᠳᠬᠠᠯ᠎ᠳᠤ ᠲᠠᠯᠠᠷᠬᠠᠵᠤ ᠪᠠᠶ᠋ᠢᠨ᠎ᠠ᠂ ᠪᠢᠳᠡ ᠣᠷᠤᠭ ᠰᠠᠯᠬᠤ ᠪᠠᠨ ᠪᠤᠯᠢᠶ᠎ᠠ᠂ ᠬᠠᠷᠢᠭᠰᠠᠨ᠎ᠤ ᠪᠡᠨ ᠳᠠᠷᠠᠭ᠎ᠠ ᠪᠡᠶ᠎ᠡ ᠪᠡᠶ᠎ᠡ ᠪᠡᠨ ᠢᠯᠡᠬᠦᠭᠡᠨ ᠤᠢᠯᠠᠭᠠᠨ ᠪᠠᠭᠳᠠᠭᠠᠵᠤ᠂ ᠭᠡᠷ ᠪᠦᠯᠢ᠎ᠪᠠᠨ ᠰᠠᠶ᠋ᠢᠲᠤᠷ ᠡᠵᠡᠩᠨᠡᠨ᠎ᠠ》᠃ ᠤᠯᠠᠭᠠᠨᠬᠠᠳᠠ ᠬᠤᠲᠠ᠎ᠶ᠋ᠢᠨ ᠰᠦᠩᠱᠠᠨ ᠲᠣᠭᠤᠷᠢᠭ᠎ᠤᠨ ᠣᠷᠤᠭ ᠬᠡᠷ ᠪᠦᠯᠢ᠎ᠶ᠋ᠢᠨ ᠵᠠᠭᠤᠷᠠᠯᠳᠤᠭᠠᠨ᠎ᠤ ᠠᠷᠠᠳ᠎ᠤᠨ ᠡᠶᠡᠳᠡᠭᠦᠯᠬᠦ᠌ ᠵᠥᠪᠯᠡᠯ᠎ᠤ᠋ᠨ ᠡᠶᠡᠳᠡᠭᠦᠯᠬᠦ ᠲᠠᠰᠤᠬ ᠡᠴᠡ ᠨᠢᠭᠡ ᠬᠤᠤᠰ ᠡᠷ᠎ᠡ ᠡᠮ᠎ᠡ ᠬᠤᠶᠠᠭᠤᠯᠠ ᠡᠢᠨ ᠎ᠬᠦ ᠬᠡᠯᠡᠭᠰᠡᠭᠡᠷ ᠢᠨᠢᠶᠡᠮᠰᠦᠭᠯᠡᠨ ᠭᠠᠷᠴᠤ ᠢᠷᠡᠯ᠎ᠡ᠃ ᠡᠢᠮᠦᠷᠭᠦᠦ ᠦᠵᠡᠭᠳᠡᠯ ᠰᠦᠩᠱᠠᠨ ᠲᠣᠭᠤᠷᠢᠭ᠎ᠤᠨ ᠤᠷᠤᠭ ᠡᠶᠡᠳᠡᠭᠦᠯᠬᠦ ᠵᠥᠪᠯᠡᠯ ᠳ᠋ᠦ ᠪᠠᠷᠤᠭ ᠡᠳᠦᠷ ᠪᠦᠷᠢ ᠬᠠᠷᠠᠬᠳᠠᠳᠠᠬ᠃

2020 ᠣᠨ᠎ᠳᠤ ᠪᠠᠢᠭᠤᠯᠤᠭᠳᠠᠭᠰᠠᠨ᠎ᠡᠴᠠ ᠨᠠᠭᠠᠰᠢ ᠲᠤᠰ ᠡᠶᠡᠳᠡᠬᠦᠯᠬᠦ ᠵᠦᠪᠯᠡᠯ᠎ᠤᠨ12 ᠡᠶᠡᠳᠡᠭᠦᠯᠦᠭᠴᠢ ᠦᠨᠡᠨᠴᠢ ᠰᠡᠳᠭᠢᠯ᠂ ᠲᠡᠰᠪᠦᠷᠢ ᠲᠡᠪᠴᠢᠶᠡᠷᠢ᠎ᠲᠡᠢ ᠪᠡᠷ ᠰᠠᠯᠵᠤ ᠪᠤᠲᠠᠷᠠᠮᠠᠷ ᠪᠤᠯᠤᠬᠰᠠᠨ ᠡᠷ᠎ᠡ ᠡᠮ᠎ᠡ᠎ᠶ᠋ᠢ ᠢᠳᠬᠠᠨ᠂ ᠭᠡᠷ ᠪᠦᠯᠢ ᠵᠢᠨ ᠪᠦᠷᠢᠨ ᠪᠦᠳᠦᠨ ᠪᠠᠢᠬᠤ ᠵᠢ ᠬᠠᠮᠠᠭᠠᠯᠠᠵᠠᠢ᠃ 2020 ᠣᠨ᠎ᠳᠤ᠂ ᠰᠦᠩᠱᠠᠨ ᠲᠣᠭᠤᠷᠢᠭ᠎ᠤᠨ ᠨᠠᠮ᠎ᠤᠨ ᠬᠤᠷᠢᠶᠠᠨ᠎ᠤ ᠤᠯᠤᠰ ᠲᠥᠷᠦ᠍ ᠬᠠᠤᠯᠢ ᠴᠠᠭᠠᠵᠠ᠎ᠶ᠋ᠢᠨ ᠬᠤᠷᠢᠶ᠎ᠠ᠂ ᠲᠣᠭᠤᠷᠢᠭ᠎ᠤᠨ ᠡᠮᠡᠭᠲᠡᠶ᠋ᠢᠴᠦᠳ᠎ᠤᠨ ᠬᠤᠯᠪᠤᠭ᠎ᠠ᠂ ᠲᠣᠭᠤᠷᠢᠭ᠎ᠤᠨ ᠬᠠᠤᠯᠢ ᠴᠠᠭᠠᠵᠠ᠎ᠶ᠋ᠢᠨ ᠲᠣᠪᠴᠢᠶ᠎ᠠ ᠵᠡᠷᠭᠡ ᠣᠯᠠᠨ ᠰᠠᠯᠠᠭ᠎ᠠ ᠮᠥᠴᠢᠷ ᠬᠠᠮᠲᠤᠷᠠᠨ᠂ ᠰᠦᠩᠱᠠᠨ ᠲᠣᠭᠤᠷᠢᠭ᠎ᠤᠨ ᠤᠷᠤᠭ ᠭᠡᠷ ᠪᠦᠯᠢ ᠵᠢᠨ ᠵᠠᠭᠤᠷᠠᠯᠳᠤᠭᠠᠨ᠎ᠢ᠎ᠡᠶᠡᠳᠡᠭᠦᠯᠬᠦ ᠵᠦᠪᠯᠡᠯ᠎ᠢ ᠫᠠᠶ᠋ᠢᠰᠠ ᠡᠯᠭᠦᠨ ᠪᠠᠶ᠋ᠢᠭᠤᠯᠵᠤ᠂ ᠲᠤᠰᠭᠠᠢ ᠲᠤᠰᠢᠶᠠᠯᠲᠤ᠌ ᠡᠶᠡᠳᠡᠭᠦᠯᠦᠭᠴᠢ ᠵᠢ ᠤᠷᠢᠵᠦ᠂ ᠣᠷᠤᠭ ᠭᠡᠷ ᠪᠦᠯᠢ ᠵᠢᠨ ᠵᠥᠷᠢᠴᠡᠯ᠎ᠢ ᠰᠢᠢᠳᠪᠦᠷᠢᠯᠡᠪᠡ᠃ 2022 ᠣᠨ᠎ᠳᠤ᠂ ᠰᠦᠩᠱᠠᠨ ᠲᠣᠭᠤᠷᠢᠭ ᠡᠶᠡᠳᠡᠭᠦᠯᠬᠦ᠌ ᠠᠷᠭ᠎ᠠ ᠵᠠᠮ᠎ᠢ ᠤᠯᠠᠮ ᠰᠢᠯᠢᠳᠡᠭᠵᠢᠭᠦᠯᠵᠦ᠂ ᠲᠤᠰᠭᠠᠢ ᠲᠤᠰᠢᠶᠠᠯᠲᠤ᠌ ᠡᠶᠡᠳᠡᠭᠦᠯᠦᠭᠴᠢ᠎ᠶ᠋ᠢ ᠠᠷᠠᠳ᠎ᠤᠨ ᠰᠢᠭᠦᠭᠦ ᠬᠤᠷᠢᠶ᠎ᠠ ᠳ᠋ᠦ ᠲᠣᠮᠢᠯᠠᠨ ᠰᠠᠭᠤᠯᠭᠠᠵᠤ᠂ ᠣᠷᠤᠭ ᠰᠠᠯᠬᠤ ᠵᠠᠷᠭᠤ᠎ᠡᠴᠠ ᠡᠮᠦᠨᠡᠬᠢ ᠡᠶᠡᠳᠡᠭᠦᠯᠬᠦ᠌ ᠭᠤᠭᠴᠤᠭ᠎ᠠ᠎ᠳᠤ ᠣᠷᠤᠯᠴᠠᠭᠤᠯᠤᠨ᠂ ᠥᠪᠡᠷᠮᠢᠴᠡ ᠣᠨᠴᠠᠯᠢᠭ ᠪᠥᠬᠦᠢ ᠤᠷᠤᠭ ᠬᠡᠷ ᠪᠦᠯᠢ ᠵᠢᠨ ᠵᠥᠷᠢᠴᠡᠯ ᠵᠠᠭᠤᠷᠠᠯᠳᠤᠭᠠᠨ᠎ᠢ ᠡᠶᠡᠳᠡᠭᠦᠯᠬᠦ᠌ 《345》 ᠰᠦᠩᠱᠠᠨ᠎ᠤ ᠵᠠᠭᠪᠤᠷ᠎ᠢ᠋ ᠪᠦᠷᠢᠯᠳᠦᠭᠦᠯᠵᠦ᠂ ᠬᠠᠷᠢᠶ᠎ᠠ ᠣᠷᠤᠨ᠎ᠤ 100 ᠲᠦᠮᠡ ᠰᠢᠬᠠᠮ ᠣᠯᠠᠨ ᠲᠦᠮᠡᠨ᠎ᠤ ᠬᠡᠷ ᠪᠦᠯᠢ᠎ᠶ᠋ᠢᠨ ᠵᠣᠯ ᠵᠢᠷᠭᠠᠯ᠎ᠳᠤ ᠪᠠᠲᠤ᠌ ᠪᠠᠬᠢ ᠬᠠᠯᠬᠠᠪᠴᠢ᠎ᠶ᠋ᠢ ᠪᠠᠶ᠋ᠢᠭᠤᠯᠵᠤ ᠦᠭᠬᠦᠭᠰᠡᠨ ᠪᠠᠶ᠋ᠢᠨ᠎ᠠ᠃

《ᠭᠤᠷᠪᠠ᠎ᠶ᠋ᠢ ᠨᠢᠭᠡᠳᠦᠯᠲᠡᠢ ᠪᠠᠶ᠋ᠢᠯᠭᠠᠬᠤ》 — 《ᠣᠷᠤᠭ ᠭᠡᠷ ᠪᠦᠯᠢ᠎ᠶ᠋ᠢᠨ ᠵᠠᠭᠤᠷᠠᠯᠳᠤᠭᠠᠨ᠎ᠢ ᠡᠶᠡᠳᠡᠭᠦᠯᠬᠦ᠌ ᠠᠵᠢᠯ᠎ᠤᠨ ᠲᠡᠮᠳᠡᠭᠯᠡᠯ᠎ᠤᠨ ᠬᠦᠰᠦᠨᠦᠭᠲᠦ᠍》 ᠶ᠋ᠢ ᠨᠢᠭᠡᠳᠦᠯᠲᠡᠢ ᠵᠢᠷᠤᠮᠵᠢᠭᠤᠯᠤᠨ ᠲᠠᠭᠯᠠᠵᠤ ᠵᠥᠷᠢᠴᠡᠯ᠎ᠢ ᠬᠦᠯᠢᠶᠡᠨ ᠠᠪᠴᠤ ᠡᠶᠡᠳᠡᠬᠦᠯᠬᠦ ᠡᠴᠡ ᠡᠮᠦᠨ᠎ᠡ ᠪᠥᠬᠦ᠌ ᠲᠠᠯ᠎ᠠ᠎ᠪᠠᠷ ᠲᠣᠳᠤᠷᠬᠠᠢ ᠣᠶ᠋ᠢᠯᠠᠭᠠᠨ᠎ᠠ᠂ ᠲᠤᠰᠠᠭᠠᠷ ᠪᠣᠯᠵᠤᠨ ᠶᠠᠷᠢᠯᠴᠠᠬᠤ᠎ᠶ᠋ᠢᠨ ᠬᠠᠮᠲᠤ᠌ ᠠᠰᠠᠭᠤᠨ ᠯᠠᠪᠯᠠᠭ᠎ᠠ ᠵᠢᠨ ᠲᠡᠮᠳᠡᠭᠯᠡᠯ ᠬᠢᠵᠦ᠍ ᠮᠥᠷᠭᠦᠯᠳᠦᠭᠡᠨ᠎ᠤ ᠲᠡᠰ ᠲᠡᠪᠰᠢᠬᠦ ᠡᠴᠡ ᠵᠠᠶ᠋ᠢᠯᠠᠰᠬᠢᠨ᠎ᠠ᠂ ᠭᠥᠯᠢᠶᠡᠨ ᠠᠪᠴᠤ᠌ ᠰᠢᠢᠳᠪᠦᠷᠢᠯᠡᠬᠦ᠎ᠠᠴᠠ ᠮᠥᠷᠳᠡᠨ ᠬᠠᠷᠢᠭᠤ ᠰᠤᠷᠪᠤᠯᠵᠢᠯᠠᠬᠤ ᠪᠦᠬᠦ ᠶᠠᠪᠤᠴᠠ ᠵᠢᠨ ᠪᠢᠲᠡᠭᠦᠦ ᠴᠠᠭᠠᠷᠢᠭ᠎ᠢ ᠨᠢᠭᠡᠳᠦᠯᠲᠡᠢ ᠴᠢᠩᠭ᠎ᠠ ᠬᠡᠷᠡᠭᠵᠢᠭᠦᠯᠵᠦ᠍᠂ ᠪᠥᠬᠦ᠌ ᠶᠠᠪᠤᠴᠠ ᠵᠢ ᠬᠠᠤᠯᠢ ᠲᠣᠭᠲᠠᠭᠠᠯ ᠶᠣᠰᠤᠭᠠᠷ ᠠᠬᠢᠭᠤᠯᠤᠨ᠎ᠠ᠃ 《ᠪᠢ ᠠᠵᠢᠯ ᠳ᠋ᠤ ᠭᠠᠷᠤᠨ᠎ᠠ᠂ ᠪᠠᠰᠠ ᠬᠡᠦᠬᠡᠳ᠎ᠢᠶᠠᠨ ᠬᠠᠷᠠᠭᠠᠯᠵᠠᠨ᠎ᠠ᠂ ᠭᠡᠷ᠎ᠤᠨ ᠶᠡᠭᠡ ᠪᠠᠭ᠎ᠠ ᠶᠠᠪᠤᠳᠠᠯ ᠪᠦᠷ ᠮᠢᠨᠦ᠍ ᠪᠡᠶ᠎ᠡ ᠳᠡᠭᠡᠷ᠎ᠡ ᠲᠠᠯᠪᠢᠭᠳᠠᠵᠤ ᠲᠠᠷᠤᠭᠠᠰᠤ ᠬᠦᠨᠳᠦ ᠶᠡᠭᠡ ᠪᠠᠢᠬᠤ ᠳ᠋ᠤ ᠲᠡᠷᠡ ᠬᠠᠷᠢᠨ ᠨᠠᠮᠠᠶ᠋ᠢ ᠬᠡᠷᠡᠭ ᠰᠡᠳᠦᠵᠦ ᠬᠡᠷᠡᠭ᠎ᠢ ᠶᠡᠭᠡᠳᠡᠭᠦᠯᠵᠦ ᠪᠠᠢᠨ᠎ᠠ ᠬᠡᠨ᠎ᠡ᠂ ᠡᠢᠮᠦ ᠠᠮᠢᠳᠤᠷᠠᠯ᠎ᠢ ᠪᠢ ᠦᠨᠡᠭᠡᠷ ᠴᠢᠨᠠᠭᠰᠢᠳᠠ ᠥᠩᠭᠡᠷᠡᠭᠡᠵᠦ᠍ ᠳᠡᠢᠯᠬᠦ᠎ᠦᠭᠡᠢ ᠪᠣᠯᠵᠠᠢ ᠁》 ᠲᠤᠬᠠᠢ᠎ᠶ᠋ᠢᠨ ᠦᠶ᠎ᠡ᠎ᠳᠦ ᠤᠷᠤᠭ ᠰᠠᠯᠬᠤ᠎ᠭᠡᠵᠦ ᠪᠠᠢᠭᠰᠠᠨ ᠵᠢᠡᠨ ᠡᠷᠭᠢᠴᠡᠭᠦᠯᠬᠦᠶ᠎ᠡ ᠰᠦᠩᠱᠠᠨ ᠲᠣᠭᠤᠷᠢᠭ᠎ᠤᠨ ᠰᠠᠭᠤᠭᠠᠯᠢ ᠠᠷᠠᠳ ᠸᠠᠩ ᠠᠪᠠᠬᠠᠢ ᠮᠥᠨ᠎ᠯᠡ ᠭᠤᠮᠤᠳᠠᠯ ᠶᠡᠭᠡᠲᠡᠢ ᠪᠠᠢᠯ᠎ᠠ᠃ ᠭᠡᠷ᠎ᠤᠨ ᠠᠵᠢᠯ᠎ᠤᠨ ᠬᠤᠪᠢᠶᠠᠷᠢᠯᠠᠯ ᠲᠡᠩᠴᠡᠭᠦᠷᠢ᠎ᠪᠡᠨ ᠠᠯᠳᠠᠭᠰᠠᠨ᠂ ᠬᠡᠤᠬᠡᠳ ᠬᠦᠮᠦᠵᠢᠭᠦᠯᠬᠦ ᠲᠠᠯ᠎ᠠ ᠪᠡᠷ ᠬᠢ ᠣᠶ᠋ᠢᠯᠠᠭᠠᠭᠳᠠᠬᠤᠨ ᠵᠦᠷᠢᠶ᠎ᠡ ᠲᠠᠢ ᠪᠠᠢᠬᠤ ᠡᠴᠡ ᠪᠣᠯᠤᠭᠰᠠᠨ ᠡᠨᠡ᠎ᠬᠦ ᠣᠷᠤᠭ ᠰᠠᠯᠬᠤ ᠵᠠᠭᠤᠷᠠᠯᠳᠤᠭᠠᠨ᠎ᠢ ᠠᠶᠠᠳᠠᠢ ᠰᠠᠢᠬᠠᠨ ᠡᠶᠡᠳᠡᠬᠦᠯᠦᠭᠰᠡᠨ ᠨᠢ ᠶᠠᠭ ᠡᠨᠡ᠎ᠬᠦ 《ᠭᠤᠷᠪᠠ᠎ᠶ᠋ᠢ ᠨᠢᠭᠡᠳᠦᠯᠲᠡᠢ ᠪᠠᠶ᠋ᠢᠯᠭᠠᠬᠤ》 ᠠᠵᠢᠯ᠎ᠤᠨ ᠠᠮᠵᠢᠯᠳᠠᠳᠠᠢ ᠨᠢᠭᠡᠨ ᠵᠢᠱ᠌ᠢᠶ᠎ᠡ ᠪᠣᠯᠤᠨ᠎ᠠ᠃ ᠲᠤᠰ ᠬᠡᠷᠡᠭ᠎ᠢ ᠡᠶᠡᠳᠡᠭᠦᠯᠬᠦ᠌ ᠶᠠᠪᠤᠴᠠ᠎ᠳᠤ ᠡᠶᠡᠳᠡᠭᠦᠯᠦᠭᠴᠢ᠎ᠡᠴᠡ ᠨᠠᠷᠢᠨ ᠨᠢᠮᠪᠠᠢ ᠡᠮᠬᠢᠯᠡᠨ ᠭᠠᠷᠭᠠᠭᠰᠠᠨ 《ᠣᠷᠤᠭ ᠰᠠᠯᠬᠤ᠎ᠠᠴᠠ ᠡᠮᠦᠨᠡᠬᠢ ᠠᠷᠪᠠᠨ ᠨᠢᠭᠡᠨ ᠠᠰᠠᠭᠤᠯᠲᠠ》 ᠵᠢ ᠪᠠᠷᠢᠵᠤ᠂ ᠵᠥᠷᠢᠴᠡᠯ᠎ᠤᠨ ᠵᠠᠩᠭᠢᠯᠠᠭ᠎ᠠ᠎ᠶ᠋ᠢᠨ ᠵᠦᠢᠯ᠎ᠢ ᠣᠨᠤᠪᠴᠢᠲᠠᠢ ᠡᠷᠢᠨ ᠣᠯᠵᠤ᠂ ᠣᠷᠤᠭ ᠬᠡᠷ ᠪᠦᠯᠢ᠎ᠶ᠋ᠢᠨ ᠠᠰᠠᠭᠤᠳᠠᠯ᠎ᠢ ᠬᠠᠪᠰᠤᠷᠤᠨ ᠵᠢᠯᠤᠭᠤᠳᠭᠤ ᠬᠦᠰᠦᠨᠦᠭᠲᠦ᠎ᠵᠢ ᠲᠠᠭᠯᠠᠭᠤᠯᠤᠭᠰᠠᠨ ᠪᠦᠭᠡᠳ ᠵᠢᠷᠬᠢᠶ᠎ᠡ᠂ ᠤᠲᠠᠰᠤ᠂ ᠬᠡᠷ ᠲᠤᠨᠢ ᠬᠦᠷᠴᠦ᠍ ᠰᠤᠷᠪᠤᠯᠵᠢᠯᠠᠬᠤ ᠵᠡᠷᠭᠡ ᠣᠯᠠᠨ ᠵᠦᠢᠯ᠎ᠤᠨ ᠠᠷᠭ᠎ᠠ ᠮᠠᠶᠢᠭ᠎ᠢᠶᠠᠷ ᠳᠠᠮᠵᠢᠭᠤᠯᠤᠨ ᠮᠥᠷᠳᠡᠨ ᠬᠠᠷᠢᠭᠤ ᠰᠤᠷᠪᠤᠯᠵᠢᠯᠠᠵᠤ᠂ ᠵᠥᠷᠢᠴᠡᠯ᠎ᠤᠨ ᠳᠠᠬᠢᠨ ᠡᠭᠦᠰᠬᠦ᠎ᠶ᠋ᠢ ᠰᠡᠷᠭᠡᠶ᠋ᠢᠯᠡᠪᠡ᠃ ᠡᠶᠡᠳᠡᠭᠦᠯᠦᠭᠴᠢ᠎ᠶ᠋ᠢᠨ ᠬᠦᠯᠢᠴᠡᠩᠭᠦᠢ ᠵᠢᠯᠤᠭᠤᠳᠤᠯᠭ᠎ᠠ ᠳᠣᠤᠷ᠎ᠠ᠂ ᠡᠷ᠎ᠡ ᠨᠥᠬᠦᠷ ᠨᠢ ᠥᠪᠡᠷ᠎ᠦᠨ ᠭᠡᠷ ᠪᠦᠯᠢ᠎ᠶ᠋ᠢᠨ ᠬᠠᠷᠢᠭᠤᠴᠠᠯᠭ᠎ᠠ᠎ᠳᠤᠲᠠᠭᠳᠠᠵᠤ ᠪᠠᠢᠬᠤ᠎ᠪᠠᠨ ᠰᠡᠷᠡᠵᠦ᠍ ᠮᠡᠳᠡᠭᠡᠳ ᠡᠴᠦᠰ᠎ᠲᠡᠬᠡᠨ ᠤᠷᠤᠭ ᠰᠠᠯᠬᠤ ᠭᠤᠶᠤᠴᠢᠯᠠᠯ᠎ᠢᠶᠠᠨ ᠪᠤᠴᠠᠭᠠᠵᠤ᠂ ᠭᠡᠷ᠎ᠦᠨ ᠠᠵᠢᠯ ᠪᠠ ᠬᠡᠦᠬᠡᠳ ᠬᠥᠮᠦᠵᠢᠭᠦᠯᠬᠦ᠌ ᠬᠠᠷᠢᠭᠤᠴᠠᠯᠭ᠎ᠠ᠎ᠪᠠᠨ ᠬᠤᠪᠢᠶᠠᠨ ᠡᠭᠦᠷᠭᠡᠯᠡᠬᠦ᠎ᠪᠡᠷ ᠠᠮᠠᠯᠠᠭᠰᠠᠨ ᠪᠠᠢᠯ᠎ᠠ᠃

《ᠲᠦᠷᠪᠡᠨ ᠰᠡᠷᠭᠡᠢᠯᠡᠯᠳᠡ ᠵᠢᠨ ᠱᠤᠭᠤᠮ》 — ᠬᠠᠮᠠᠭᠠᠯᠠᠯᠲᠠ ᠵᠢᠨ ᠲᠣᠤᠷ᠎ᠢ ᠨᠢᠭᠲᠠ ᠰᠦᠯᠵᠢᠵᠦ᠍᠂ ᠪᠤᠳᠠᠷᠠᠵᠤ ᠰᠠᠷᠨᠢᠮᠠᠷ ᠪᠤᠯᠤᠬᠰᠠᠨ ᠭᠡᠷ ᠪᠦᠯᠢ ᠵᠢ ᠡᠶᠡᠳᠡᠬᠦᠯᠦᠨ ᠵᠤᠬᠢᠴᠠᠭᠤᠯᠤᠨ᠎ᠠ᠃ 《ᠡᠶᠡᠳᠡᠭᠦᠯᠬᠦ ᠵᠦᠪᠯᠡᠯ᠎ᠤᠨ ᠬᠠᠪᠰᠤᠷᠤᠯᠭ᠎ᠠ ᠪᠠᠢᠭᠰᠠᠨ ᠦᠭᠡᠢ ᠪᠣᠯ ᠮᠠᠨ᠎ᠤ 10 ᠵᠢᠯ᠎ᠤᠨ ᠣᠷᠤᠭ ᠬᠤᠷᠢᠮ ᠡᠴᠦᠰᠯᠡᠴᠢᠭᠡᠭᠰᠡᠨ ᠪᠠᠢᠵᠤ ᠮᠡᠳᠡᠨ᠎ᠡ᠂ ᠣᠲᠤ᠌ ᠠᠮᠢᠳᠤᠷᠠᠯ ᠦᠭᠡᠳᠡ ᠡᠰᠡᠷᠡᠭ ᠪᠤᠯᠵᠤ᠂ ᠬᠡᠦᠬᠡᠳ᠎ᠴᠦ᠍ ᠤᠯᠠᠮ᠎ᠠᠴᠠ ᠤᠯᠠᠮ ᠪᠠᠶᠠᠷ ᠵᠢᠷᠭᠠᠯ ᠲᠠᠢ ᠪᠤᠯᠵᠠᠢ》 ᠭᠡᠵᠦ᠍ ᠰᠠᠭᠤᠭᠠᠯᠢ ᠠᠷᠠᠳ ᠵᠠᠩ ᠣᠪᠤᠭᠲᠤ᠌ ᠡᠶᠡᠳᠡᠭᠦᠯᠦᠭᠴᠢ᠎ᠶ᠋ᠢᠨ ᠭᠠᠷ᠎ᠢ ᠠᠳᠭᠤᠵᠤ ᠲᠠᠯᠠᠷᠬᠠᠯ ᠎ᠢᠶᠡᠨ ᠢᠯᠡᠳᠭᠡᠨ᠎ᠡ᠃ ᠡᠭᠦᠨ᠎ᠡᠴᠡ ᠡᠮᠦᠨ᠎ᠡ᠂ ᠵᠠᠩ ᠣᠪᠤᠭᠲᠤ᠌ ᠠᠪᠤᠭᠠᠢ ᠡᠷ᠎ᠡ ᠨᠥᠬᠦᠷ ᠵᠣᠤ ᠣᠪᠤᠭᠲᠤ᠎ᠯᠤᠭ᠎ᠠ ᠬᠡᠷ ᠪᠦᠯᠢ᠎ᠶ᠋ᠢᠨ ᠵᠢᠵᠢᠭ ᠰᠠᠵᠢᠬ ᠶᠠᠪᠤᠳᠠᠯ᠂ ᠬᠠᠢᠷ᠎ᠠ ᠰᠡᠳᠭᠢᠯᠭᠡ᠎ᠶ᠋ᠢᠨ ᠨᠡᠪᠲᠡᠷᠡᠯᠴᠡᠭᠡ ᠵᠢᠨ ᠲᠤᠳᠠᠭᠳᠠᠯ ᠵᠡᠷᠭᠡ ᠎ᠡᠴᠡ ᠪᠣᠯᠵᠤ ᠣᠷᠤᠭ ᠰᠠᠯᠬᠤ ᠳ᠋ᠤ ᠬᠦᠷᠴᠡᠢ᠃ 《ᠲᠦᠷᠪᠡᠨ ᠰᠡᠷᠭᠡᠶ᠋ᠢᠯᠡᠯᠲᠡ᠎ᠶ᠋ᠢᠨ ᠱᠤᠭᠤᠮ》 ᠬᠠᠮᠲᠤᠷᠠᠨ ᠬᠥᠳᠡᠯᠦᠯᠴᠡᠬᠦ᠌ ᠡᠶᠡᠳᠡᠭᠦᠯᠭᠡ᠎ᠶ᠋ᠢᠨ ᠲᠣᠭᠲᠠᠴᠠ ᠨᠢ ᠱᠠᠲᠤ᠌ ᠱᠠᠲᠤ᠎ᠪᠠᠷ ᠠᠵᠢᠯ ᠵᠢᠡᠨ ᠰᠠᠢᠳᠤᠷ ᠬᠢᠭᠰᠡᠨ ᠵᠢᠡᠷ ᠡᠨᠡ᠎ᠬᠦ᠌ ᠣᠷᠤᠭ ᠭᠡᠷ ᠪᠦᠯᠢ ᠵᠢᠨ ᠪᠦᠷᠢᠨ ᠪᠦᠳᠦᠨ ᠪᠠᠢᠬᠤ ᠵᠢ ᠪᠠᠳᠤᠯᠠᠭᠰᠠᠨ ᠪᠠᠢᠨ᠎ᠠ᠃ ᠵᠠᠩ ᠣᠪᠤᠭᠲᠤ᠎ᠶ᠋ᠢᠨ ᠲᠤᠰᠠᠯᠠᠮᠵᠢ ᠵᠢ ᠲᠤᠰᠤᠭᠰᠠᠨ᠎ᠤ ᠳᠠᠷᠠᠭ᠎ᠠ ᠣᠷᠤᠭ ᠡᠶᠡᠳᠡᠭᠦᠯᠬᠦ ᠵᠥᠪᠯᠡᠯ᠎ᠠᠴᠠ ᠲᠡᠷᠡ ᠳᠠᠷᠤᠢ᠎ᠳᠤᠨᠢ ᠲᠦᠷᠪᠡᠨ ᠱᠠᠳᠤᠨ᠎ᠤ ᠬᠠᠮᠲᠤᠷᠠᠨ ᠬᠥᠳᠡᠯᠦᠯᠴᠡᠬᠦ᠌ ᠲᠣᠭᠲᠠᠴᠠ᠎ᠶ᠋ᠢ ᠡᠬᠢᠯᠡᠭᠦᠯᠪᠡ᠄ ᠨᠢᠭᠡᠳᠦᠭᠡᠷ ᠰᠡᠷᠭᠡᠶ᠋ᠢᠯᠡᠯᠲᠡ᠎ᠶ᠋ᠢᠨ ᠱᠤᠭᠤᠮ᠎ᠳ᠋ᠦ ᠲᠤᠰᠭᠠᠢ ᠲᠤᠰᠢᠶᠠᠯᠲᠤ᠌ ᠡᠶᠡᠳᠡᠭᠦᠯᠦᠭᠴᠢ᠎ᠠᠴᠠ ᠲᠦᠷᠭᠡᠨ ᠣᠷᠤᠯᠴᠠᠵᠤ᠂ ᠲᠡᠷᠡ ᠳᠠᠷᠤᠢ᠎ᠳᠤᠨᠢ ᠬᠤᠶᠠᠷ ᠲᠠᠯ᠎ᠠ ᠵᠢᠨ ᠰᠡᠳᠬᠢᠯ᠎ᠢ ᠲᠠᠢᠳᠬᠤᠷᠠᠭᠤᠯᠵᠤ᠂ ᠮᠥᠷᠭᠦᠯᠳᠦᠭᠡᠨ᠎ᠤ ᠲᠠᠰ ᠳᠡᠪᠰᠢᠬᠦ᠎ᠶ᠋ᠢ ᠬᠤᠷᠢᠭᠯᠠᠨ᠂ ᠬᠤᠶᠠᠷ ᠬᠥᠮᠦᠨ᠎ᠳᠤ ᠡᠷᠬᠡ ᠲᠡᠭᠰᠢ ᠨᠡᠪᠲᠡᠷᠡᠯᠴᠡᠬᠦ᠌ ᠲᠠᠪᠴᠠᠩ᠎ᠢ ᠪᠠᠶ᠋ᠢᠭᠤᠯᠵᠤ ᠥᠭᠪᠡ; ᠬᠣᠶᠠᠳᠤᠭᠠᠷ ᠰᠡᠷᠭᠡᠢᠯᠡᠯᠲᠡ᠎ᠶ᠋ᠢᠨ ᠱᠤᠭᠤᠮ ᠨᠢ ᠰᠡᠳᠭᠢᠴᠡ᠎ᠶ᠋ᠢᠨ ᠵᠥᠪᠯᠡᠯᠭᠡ ᠥᠭᠭᠦᠭᠴᠢ᠎ᠡᠴᠡ ᠰᠡᠳᠭᠢᠴᠡ᠎ᠶ᠋ᠢᠨ ᠵᠢᠯᠤᠭᠤᠳᠤᠯᠭ᠎ᠠ ᠬᠢᠵᠦ᠍᠂ ᠬᠣᠶᠠᠷ ᠲᠠᠯ᠎ᠠ᠎ᠶ᠋ᠢ ᠬᠠᠪᠰᠤᠷᠤᠨ ᠤᠳᠠᠭᠠᠨ ᠵᠢᠯ᠎ᠤᠨ ᠬᠢᠯᠢᠰ ᠭᠤᠮᠤᠳᠠᠯ ᠬᠢᠯᠢᠩ ᠤᠴᠠᠭᠠᠷ᠎ᠢ ᠲᠠᠢᠪᠤᠰᠢᠷᠠᠭᠤᠯᠵᠤ᠂ ᠣᠯᠠᠨ ᠵᠢᠯ᠎ᠦᠨ ᠰᠡᠳᠭᠢᠯ᠎ᠦᠨ ᠵᠠᠩᠭᠢᠷᠠᠭ᠎ᠠ᠎ᠶ᠋ᠢ ᠨᠢ ᠠᠯᠳᠠᠷᠠᠭᠠᠪᠠ; ᠭᠤᠷᠪᠠᠳᠤᠭᠠᠷ ᠰᠡᠷᠭᠡᠶ᠋ᠢᠯᠡᠯᠲᠡ᠎ᠶ᠋ᠢᠨ ᠱᠤᠭᠤᠮ ᠨᠢ ᠬᠠᠤᠯᠢᠴᠢ᠎ᠠᠴᠠ ᠬᠠᠤᠯᠢ᠎ᠶ᠋ᠢ ᠲᠠᠶ᠋ᠢᠯᠪᠤᠷᠢᠯᠠᠨ ᠶᠣᠰᠤ ᠤᠴᠢᠷ᠎ᠢ ᠮᠡᠳᠡᠭᠦᠯᠵᠦ᠂ ᠤᠷᠤᠭ ᠰᠠᠯᠬᠤ᠎ᠵᠢᠨ ᠦᠷ᠎ᠡ ᠬᠡᠦᠬᠡᠳ᠎ᠤᠨ ᠦᠰᠦᠨ ᠪᠤᠶ᠋ᠢᠵᠢᠯᠲᠠ᠂ ᠡᠳ᠋ ᠬᠥᠷᠦᠩᠭᠡ᠎ᠳᠤ ᠦᠵᠡᠭᠦᠯᠬᠦ᠌ ᠣᠯᠠᠨ ᠨᠥᠯᠦᠭᠡ᠎ᠶ᠋ᠢ ᠲᠣᠳᠤᠷᠬᠠᠶ᠋ᠢᠯᠠᠨ ᠥᠭᠦᠯᠡᠵᠦ᠍᠂ ᠬᠤᠶᠠᠷ ᠲᠠᠯ᠎ᠠ᠎ᠶ᠋ᠢ ᠬᠥᠲᠦᠯᠦᠨ ᠵᠢᠯᠤᠭᠤᠳᠴᠤ᠌ ᠪᠠᠶ᠋ᠢᠭᠠᠳ ᠣᠶᠤᠨᠴᠢ ᠰᠢᠢᠳᠪᠦᠷᠢᠲᠦ᠍ ᠪᠣᠳᠤᠯᠭ᠎ᠠ ᠭᠠᠷᠭᠠᠯᠭᠠᠪᠠ᠃ ᠳᠥᠷᠪᠡᠳᠦᠭᠡᠷ ᠰᠡᠷᠭᠡᠶ᠋ᠢᠯᠡᠯᠲᠡ᠎ᠶ᠋ᠢᠨ ᠱᠤᠭᠤᠮ ᠨᠢ ᠨᠡᠶ᠋ᠢᠭᠡᠮ᠎ᠤᠨ ᠰᠠᠶ᠋ᠢᠨ ᠳᠤᠷᠠᠴᠤᠳ᠎ᠡᠴᠨ ᠤᠷᠲᠤ᠌ ᠬᠤᠭᠤᠴᠠᠭᠠᠨ᠎ᠤ ᠪᠦᠲᠦᠮᠵᠢᠲᠡᠢ ᠬᠠᠷᠢᠭᠤ ᠰᠤᠷᠪᠤᠯᠵᠢᠯᠠᠬᠤ ᠲᠥᠯᠦᠪᠯᠡᠭᠡ ᠲᠣᠭᠲᠠᠭᠠᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠬᠡᠷ᠎ᠲᠤᠨᠢ ᠬᠦᠷᠴᠦ᠍ ᠰᠤᠷᠪᠤᠯᠵᠢᠯᠠᠵᠤ᠂ ᠬᠡᠤᠬᠡᠳ ᠬᠥᠮᠦᠵᠢᠭᠦᠯᠬᠦ᠂ ᠠᠵᠢᠯ ᠤᠯᠬᠤ ᠵᠡᠷᠭᠡ ᠪᠣᠳᠠᠲᠠᠢ ᠠᠮᠢᠳᠤᠷᠠᠯ᠎ᠤᠨ ᠬᠦᠴᠢᠷᠳᠡᠯ᠎ᠢ ᠬᠠᠪᠰᠤᠷᠤᠨ ᠰᠢᠢᠳᠪᠦᠷᠢᠯᠡᠵᠦ᠍᠂ ᠵᠥᠷᠢᠴᠡᠯ᠎ᠤᠨ ᠳᠠᠬᠢᠨ ᠡᠭᠦᠰᠬᠦ᠌ ᠪᠣᠯᠤᠮᠵᠢ᠎ᠶ᠋ᠢ ᠪᠠᠭᠠᠰᠬᠠᠪᠠ᠃ ᠳᠥᠷᠪᠡᠨ ᠰᠡᠷᠭᠡᠶ᠋ᠢᠯᠡᠯᠲᠡ᠎ᠶ᠋ᠢᠨ ᠱᠤᠭᠤᠮ᠎ᠤᠳ ᠬᠠᠷᠢᠯᠴᠠᠨ ᠬᠣᠯᠪᠤᠯᠳᠤᠵᠤ᠂ ᠲᠤᠬᠠᠢ᠎ᠶ᠋ᠢᠨ ᠬᠥᠮᠦᠨ᠎ᠳ᠋ᠦ ᠪᠦᠬᠦ᠌ ᠬᠡᠯᠬᠢᠶ᠎ᠡ᠎ᠶ᠋ᠢᠨ ᠲᠤᠰᠭᠠᠢ ᠮᠡᠷᠭᠡᠵᠢᠯ᠎ᠤᠨ ᠳᠡᠮᠵᠢᠯᠭᠡ ᠬᠦᠷᠲᠡᠭᠡᠭᠰᠡᠨ ᠪᠠᠶ᠋ᠢᠨ᠎ᠠ᠃

《ᠨᠠᠷᠢᠨ ᠪᠤᠳᠤᠯᠢᠶᠠᠨᠲᠠᠢ ᠣᠷᠤᠭ ᠭᠡᠷ ᠪᠦᠯᠢ ᠵᠢᠨ ᠵᠥᠷᠢᠴᠡᠯ᠎ᠢ ᠰᠢᠢᠳᠪᠦᠷᠢᠯᠡᠬᠦ᠎ᠳᠦ ᠵᠥᠪᠬᠡᠨ ᠡᠶᠡᠳᠡᠭᠦᠯᠦᠭᠴᠢ᠎ᠶ᠋ᠢᠨ ᠬᠦᠴᠦᠨ᠎ᠳᠦ ᠯᠡ ᠲᠦᠰᠢᠭᠯᠡᠬᠦ ᠨᠢ ᠬᠤᠯᠠ ᠬᠦᠷᠦᠯᠴᠡᠬᠦ᠎ᠦᠭᠡᠢ ᠶᠤᠮ᠂ ᠡᠷᠬᠡᠪᠰᠢ ᠤᠯᠠᠨ ᠲᠠᠯ᠎ᠠ᠎ᠶ᠋ᠢᠨ ᠲᠤᠰᠭᠠᠢ ᠮᠡᠷᠭᠡᠵᠢᠯ᠎ᠦᠨ ᠡᠬᠢ ᠪᠠᠶᠠᠯᠢᠭ᠎ᠢ ᠡᠮᠬᠢᠳᠭᠡᠨ ᠨᠡᠢᠯᠡᠭᠦᠯᠵᠦ᠍᠂ ᠪᠦᠬᠦ᠌ ᠲᠠᠯ᠎ᠠ᠎ᠪᠠᠷ ᠰᠠᠬᠢᠨ ᠬᠠᠮᠠᠭᠠᠯᠠᠬᠤ ᠰᠢᠰᠲᠧᠮ᠎ᠢ ᠪᠠᠢᠭᠤᠯᠬᠤ ᠬᠡᠷᠡᠭᠲᠡᠢ》 ᠬᠡᠵᠦ ᠰᠦᠩᠱᠠᠨ ᠲᠣᠭᠤᠷᠢᠭ᠎ᠤᠨ ᠣᠷᠤᠭ ᠡᠶᠡᠳᠡᠭᠦᠯᠬᠦ ᠵᠥᠪᠯᠡᠯ᠎ᠤᠨ ᠡᠶᠡᠳᠡᠭᠦᠯᠦᠭᠴᠢ ᠾᠧᠦ ᠢ᠌ᠩ ᠷᠦ ᠰᠤᠷᠪᠤᠯᠵᠢᠯᠠᠬᠴᠢ ᠳ᠋ᠦ ᠲᠠᠨᠢᠯᠴᠠᠭᠤᠯᠪᠠ᠃

《ᠲᠠᠪᠤ ᠵᠢ ᠪᠤᠳᠠᠳᠠᠢᠵᠢᠭᠤᠯᠬᠤ》 ᠪᠦᠬᠦ᠌ ᠬᠡᠯᠬᠢᠶ᠎ᠡ᠎ᠶ᠋ᠢᠨ ᠦᠢᠯᠡᠴᠢᠯᠡᠭᠡ ᠨᠢ ᠣᠷᠤᠭ ᠭᠡᠷ ᠪᠦᠯᠢ ᠵᠢᠨ ᠰᠠᠭᠤᠷᠢ ᠵᠢ ᠪᠡᠬᠢᠵᠢᠭᠦᠯᠪᠡ᠃ ᠡᠶᠡᠳᠡᠭᠦᠯᠭᠡ᠎ᠶ᠋ᠢᠨ ᠡᠩᠨᠡᠭᠡ᠎ᠶ᠋ᠢᠨ ᠪᠣᠯᠪᠠᠰᠤᠷᠠᠯ᠎ᠢ ᠪᠣᠳᠠᠲᠠᠶ᠋ᠢᠵᠢᠭᠤᠯᠵᠤ᠂ ᠬᠠᠤᠯᠢ ᠴᠠᠭᠠᠵᠠ᠂ ᠰᠡᠳᠬᠢᠴᠡ᠂ ᠨᠡᠪᠲᠡᠷᠡᠯᠴᠡᠬᠦ᠌ ᠤᠷ᠎ᠠ ᠮᠡᠷᠭᠡᠵᠢᠯ᠎ᠤᠨ ᠪᠣᠯᠪᠠᠰᠤᠷᠠᠯ᠎ᠢ ᠪᠠᠶ᠋ᠢᠩᠭᠤᠵᠢᠭᠤᠯᠤᠨ ᠥᠷᠨᠢᠭᠦᠯᠵᠦ᠍᠂ ᠲᠤᠰᠭᠠᠶ᠋ᠢᠵᠢᠭᠰᠠᠨ ᠡᠶᠡᠳᠡᠭᠦᠯᠬᠦ᠌ ᠪᠦᠯᠬᠦᠮ᠎ᠢ ᠪᠠᠶ᠋ᠢᠭᠤᠯᠪᠠ; ᠬᠡᠷᠡᠭ᠎ᠢ ᠡᠶᠡᠳᠡᠭᠦᠯᠵᠦ᠍ ᠦᠨᠡᠯᠡᠨ ᠵᠢᠱ᠌ᠢᠬᠦ᠎ᠶ᠋ᠢ ᠪᠣᠳᠠᠲᠠᠶ᠋ᠢᠵᠢᠭᠤᠯᠵᠤ᠂ ᠬᠡᠷᠡᠭ᠎ᠢ ᠲᠣᠰᠤᠭᠰᠠᠨ᠎ᠤ ᠳᠠᠷᠠᠭ᠎ᠠ ᠲᠡᠷᠡ ᠳᠠᠷᠤᠢ᠎ᠳᠤᠨᠢ ᠵᠥᠷᠢᠴᠡᠯ᠎ᠤᠨ ᠵᠡᠷᠭᠡ ᠳᠡᠰ᠎ᠢ ᠰᠤᠳᠤᠯᠤᠨ ᠮᠠᠭᠠᠳᠯᠠᠵᠤ᠂ ᠬᠡᠷᠡᠭ ᠨᠢᠭᠡᠪᠦᠷᠢ᠎ᠶ᠋ᠢᠨ ᠪᠣᠳᠠᠲᠤ᠌ ᠪᠠᠶ᠋ᠢᠳᠠᠯ᠎ᠢ ᠦᠨᠳᠦᠰᠦᠯᠡᠨ ᠲᠤᠰᠭᠠᠢ ᠡᠶᠡᠳᠡᠭᠦᠯᠬᠦ᠌ ᠲᠥᠰᠦᠯ᠎ᠢ ᠲᠣᠭᠲᠠᠭᠠᠵᠤ ᠥᠭᠪᠡ; ᠮᠥᠷᠳᠡᠨ ᠬᠠᠷᠢᠭᠤ ᠰᠤᠷᠪᠤᠯᠵᠢᠯᠠᠬᠤ᠎ᠶ᠋ᠢ ᠪᠣᠳᠠᠲᠠᠶ᠋ᠢᠵᠢᠭᠤᠯᠵᠤ᠂ ᠪᠠᠶ᠋ᠢᠩᠭᠤᠵᠢᠭᠰᠠᠨ ᠬᠠᠷᠢᠭᠤ ᠰᠤᠷᠪᠤᠯᠵᠢᠯᠠᠭ᠎ᠠ᠎ᠶ᠋ᠢᠨ ᠲᠣᠭᠲᠠᠴᠠ᠎ᠶ᠋ᠢ ᠪᠠᠶ᠋ᠢᠭᠤᠯᠵᠤ᠂ ᠵᠥᠷᠢᠴᠡᠯ᠎ᠤᠨ ᠳᠠᠬᠢᠨᠲᠠ ᠬᠤᠷᠴᠠᠳᠭᠤ᠎ᠶ᠋ᠢ ᠰᠡᠷᠭᠡᠶ᠋ᠢᠯᠡᠨ᠎ᠡ; ᠬᠠᠤᠯᠢ ᠴᠠᠭᠠᠵᠠ᠎ᠶ᠋ᠢᠨ ᠶᠡᠷᠦ᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢ ᠣᠨᠤᠪᠴᠢᠲᠠᠢ ᠨᠠᠶ᠋ᠢᠳᠠᠪᠤᠷᠢᠵᠢᠭᠤᠯᠵᠤ᠂ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠨᠡᠶ᠋ᠢᠭᠡᠮ ᠲᠣᠭᠤᠷᠢᠭ᠎ᠲᠤ᠌ ᠣᠷᠤᠭᠤᠯᠬᠤ᠂ ᠬᠡᠷ ᠪᠦᠯᠢ᠎ᠳᠤ ᠣᠷᠤᠭᠤᠯᠬᠤ᠎ᠲᠠᠢ ᠤᠶᠠᠯᠳᠤᠭᠤᠯᠤᠨ ᠬᠠᠤᠯᠢ ᠴᠠᠭᠠᠵᠠ᠎ᠶ᠋ᠢᠨ ᠶᠡᠷᠦ᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠬᠦ᠌ ᠤᠬᠠᠭᠤᠯᠭ᠎ᠠ ᠬᠢᠵᠦ᠍᠂ ᠣᠯᠠᠨ ᠲᠦᠮᠡᠨ᠎ᠢ ᠬᠥᠲᠦᠯᠦᠨ ᠵᠢᠯᠤᠭᠤᠳᠴᠤ᠌ ᠬᠠᠤᠯᠢ ᠶᠣᠰᠤᠭᠠᠷ ᠬᠡᠷ ᠪᠦᠯᠢ ᠪᠡᠨ ᠰᠠᠢᠳᠤᠷ ᠡᠵᠡᠩᠨᠡᠬᠦ᠌ ᠣᠶ᠋ᠢᠯᠠᠭᠠᠭᠳᠠᠬᠤᠨ᠎ᠢ ᠪᠤᠢ ᠪᠣᠯᠭᠠᠪᠠ; ᠤᠷᠤᠬ ᠡᠶᠡᠳᠡᠭᠦᠯᠬᠦ ᠵᠦᠪᠯᠡᠯ᠎ᠤᠨ ᠵᠠᠷᠤᠳᠠᠯ᠎ᠢ ᠡᠳ᠋᠎ᠤᠨ ᠵᠠᠰᠠᠭ᠎ᠤᠨ ᠲᠥᠰᠦᠪ᠎ᠲᠤ᠌ ᠣᠷᠤᠭᠤᠯᠵᠤ᠂ 《ᠬᠡᠷᠡᠭ᠎ᠢᠶᠠᠷ ᠵᠠᠷᠤᠳᠠᠯ᠎ᠢ ᠲᠣᠭᠲᠠᠭᠠᠬᠤ》 ᠤᠷᠮᠠᠰᠢᠭᠤᠯᠬᠤ ᠲᠥᠷᠦ᠎ᠶ᠋ᠢᠨ ᠪᠣᠳᠤᠯᠭ᠎ᠠ᠎ᠶ᠋ᠢ ᠨᠠᠶ᠋ᠢᠳᠠᠪᠤᠷᠢᠵᠢᠭᠤᠯᠤᠨ᠂ ᠦᠢᠯᠡᠴᠢᠯᠡᠭᠡ ᠪᠠᠲᠤᠯᠠᠭ᠎ᠠ᠎ᠶ᠋ᠢᠨ ᠰᠠᠭᠤᠷᠢ᠎ᠶ᠋ᠢ ᠦᠨᠳᠦᠰᠦᠨ᠎ᠠᠴᠠ᠎ᠨᠢ ᠪᠠᠬᠢᠵᠢᠭᠦᠯᠪᠡ᠃ ᠡᠨᠡ᠎ᠬᠦ᠌ ᠬᠣᠯᠪᠤᠭᠠᠲᠤ ᠲᠣᠭᠲᠠᠴᠠ᠎ᠨᠢ ᠤᠯᠠᠨ ᠲᠦᠮᠡᠨ᠎ᠤ ᠨᠢᠳᠦᠨ ᠡᠮᠦᠨᠡᠬᠢ ᠵᠥᠷᠢᠴᠡᠯ᠎ᠢ ᠰᠢᠢᠳᠪᠦᠷᠢᠯᠡᠵᠦ ᠦᠭᠬᠦᠭᠰᠡᠨ ᠵᠢᠡᠷ ᠪᠠᠷᠠᠬᠤ ᠦᠭᠡᠢ᠂ ᠨᠡᠩ᠎ᠴᠦ᠍ ᠭᠡᠷ ᠪᠦᠯᠢ᠎ᠶ᠋ᠢᠨ ᠤᠷᠳᠤ ᠬᠤᠭᠤᠴᠠᠭᠠᠨ᠎ᠤ ᠡᠶ᠎ᠡ ᠵᠤᠬᠢᠴᠠᠩᠭᠤᠢ ᠵᠢ ᠬᠠᠮᠠᠭᠠᠯᠠᠵᠤ ᠴᠢᠳᠠᠪᠠ᠃

ᠰᠦᠩᠱᠠᠨ ᠲᠣᠭᠤᠷᠢᠭ᠎ᠤᠨ ᠣᠷᠤᠭ ᠭᠡᠷ ᠪᠦᠯᠢ ᠵᠢᠨ ᠵᠠᠭᠤᠷᠠᠯᠳᠤᠭᠠᠨ᠎ᠢ ᠡᠶᠡᠳᠡᠭᠦᠯᠬᠦ ᠵᠥᠪᠯᠡᠯ᠎ᠤᠨ ᠬᠢᠨ ᠪᠠᠶ᠋ᠢᠭᠤᠯᠤᠭᠳᠠᠭᠰᠠᠨ᠎ᠠᠴᠠ ᠤᠳᠤ ᠪᠤᠯᠳᠠᠯ᠎ᠠ ᠨᠢᠭᠡᠨᠲᠡ ᠨᠡᠶ᠋ᠢᠲᠡ 11708 ᠣᠷᠤᠭ ᠭᠡᠷ ᠪᠦᠯᠢ ᠵᠢᠨ ᠵᠥᠷᠢᠴᠡᠯ᠎ᠢ ᠠᠮᠵᠢᠯᠲᠠᠲᠠᠢ ᠡᠶᠡᠳᠡᠭᠦᠯᠵᠦ᠂ ᠪᠦᠲᠦᠮᠵᠢᠲᠡᠢ ᠡᠶᠡᠳᠡᠭᠦᠯᠦᠭᠰᠡᠨ ᠨᠣᠷᠮ᠎ᠠ᠎ᠨᠢ 62.8%᠎ᠳᠤ ᠬᠦᠷᠴᠦ᠂ ᠤᠷᠢᠳ ᠬᠤᠵᠢᠳ ᠥᠪᠡᠷᠲᠡᠭᠡᠨ ᠵᠠᠰᠠᠬᠤ ᠣᠷᠤᠨ᠎ᠤ ᠬᠠᠤᠯᠢ ᠴᠠᠭᠠᠵᠠ᠎ᠶ᠋ᠢᠨ ᠲᠢᠩᠬᠢᠮ᠎ᠤᠨ ᠲᠡᠷᠢᠭᠦᠨ᠎ᠤ ᠬᠠᠮᠲᠤ᠌᠂ ᠪᠥᠬᠦ᠌ ᠤᠯᠤᠰ᠎ᠤᠨ《ᠪᠣᠯᠪᠠᠰᠤᠨ ᠠᠵᠢᠯ᠎ᠤᠨ ᠪᠠᠶ᠋ᠢᠷᠢ》 ᠵᠡᠷᠭᠡ ᠣᠯᠠᠨ ᠵᠦᠢᠯ᠎ᠤᠨ ᠢᠷᠠᠭᠤ ᠠᠯᠳᠠᠷ᠎ᠢ ᠬᠦᠷᠳᠡᠵᠦ᠂ ᠰᠦᠩᠱᠠᠨ ᠲᠤᠭᠤᠷᠢᠭ᠎ᠤᠨ ᠦᠨᠳᠦᠰᠦᠨ ᠱᠠᠲᠤᠨ᠎ᠤ ᠨᠡᠶ᠋ᠢᠭᠡᠮ᠎ᠤᠨ ᠵᠠᠰᠠᠯᠲᠠ᠎ᠶ᠋ᠢᠨ ᠨᠡᠷ᠎ᠡ᠎ᠶ᠋ᠢᠨ ᠬᠠᠭᠤᠳᠠᠰᠤ ᠪᠣᠯᠤᠭᠰᠠᠨ ᠪᠠᠶ᠋ᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面