2026-08-28 16:51:42
ᠲᠦᠩᠯᠢᠶᠣᠤ ᠬᠣᠲᠠ ᠣᠷᠣᠨ᠎ᠤ ᠲᠠᠰ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠵᠢᠱ᠌ᠢᠶ᠎ᠡ ᠦᠵᠡᠭᠦᠯᠬᠦ᠌ ᠰᠠᠭᠤᠷᠢᠨ᠎ᠢ 8 ᠪᠠᠢᠭᠤᠯᠪᠠ
ᠲᠦᠷᠦᠭᠦᠬᠡᠨ᠂ ᠰᠤᠷᠪᠤᠯᠵᠢᠯᠠᠭᠴᠢ ᠲᠦᠩᠯᠢᠶᠣᠤ ᠬᠣᠲᠠ᠎ᠶᠢᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠦᠨ ᠲᠣᠪᠴᠢᠶ᠎ᠠ ᠠᠴᠠ ᠣᠶ᠋ᠢᠯᠠᠭᠠᠭᠰᠠᠨ᠎ᠢᠶᠠᠷ᠂ 2026 ᠣᠨ᠎ᠳᠤ ᠲᠦᠩᠯᠢᠶᠣᠤ ᠬᠣᠲᠠ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ᠌ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ᠌ ᠵᠢᠱ᠌ᠢᠶ᠎ᠡ ᠦᠵᠡᠭᠦᠯᠬᠦ᠌ ᠰᠠᠭᠤᠷᠢᠨ ᠢ 4 ᠰᠢᠨ᠎ᠡ᠎ᠪᠡᠷ ᠨᠡᠮᠡᠭᠳᠡᠭᠦᠯᠪᠡ᠂ ᠢᠩᠭᠢᠭᠡᠳ ᠪᠥᠬᠥ᠌ ᠬᠣᠲᠠ᠎ᠶᠢᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠢ ᠲᠦᠭᠡᠮᠡᠯᠵᠢᠭᠦᠯᠬᠦ᠌ ᠵᠢᠱ᠌ᠢᠶ᠎ᠡ ᠦᠵᠡᠭᠦᠯᠬᠦ᠌ ᠰᠠᠭᠤᠷᠢᠨ 8 ᠪᠤᠯᠵᠠᠢ᠂ ᠡᠭᠦᠨ᠎ᠳᠦ 3 ᠰᠠᠭᠤᠷᠢᠨ ᠨᠢ ᠤᠷᠢᠳ ᠬᠣᠵᠢᠳ ᠥᠪᠡᠷᠲᠡᠭᠡᠨ ᠵᠠᠰᠠᠬᠤ ᠣᠷᠣᠨ᠎ᠤ ᠳᠠᠬᠢᠨ ᠰᠢᠯᠭᠠᠷᠠᠭᠤᠯᠤᠯᠲᠠ ᠳᠤ ᠰᠢᠯᠢᠳᠡᠭ ᠲᠠᠰ ᠢᠶᠠᠷ ᠦᠨᠡᠯᠡᠭᠳᠡᠵᠦ᠍᠂ ᠪᠥᠲᠥᠭᠡᠨ ᠪᠠᠶ᠋ᠢᠭᠤᠯᠤᠯᠲᠠ᠎ᠶᠢᠨ ᠲᠣᠭ᠎ᠠ ᠬᠡᠮᠵᠢᠶ᠎ᠡ᠂ ᠶᠠᠰᠤ ᠴᠢᠨᠠᠷ ᠨᠢ ᠵᠡᠷᠭᠡ᠎ᠪᠡᠷ ᠳᠡᠭᠡᠭᠰᠢᠯᠡᠪᠡ᠃
ᠣᠶ᠋ᠢᠷ᠎ᠠ ᠶᠢᠨ ᠵᠢᠯ ᠦᠳᠲᠦ᠍᠂ ᠲᠦᠩᠯᠢᠶᠣᠤ ᠬᠣᠲᠠ᠎ᠶᠢᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠦᠨ ᠲᠣᠪᠴᠢᠶ᠎ᠠ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠵᠢᠭᠰᠠᠭᠠᠯ ᠤᠨ ᠭᠠᠵᠠᠷ ᠤᠨ ᠪᠥᠲᠥᠭᠡᠨ ᠪᠠᠶ᠋ᠢᠭᠤᠯᠤᠯᠲᠠ ᠶᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠪᠠᠢ᠌ᠩᠭᠤᠵᠢᠭᠰᠠᠨ ᠪᠠᠶ᠋ᠢᠴᠠᠭᠠᠨ ᠰᠤᠳᠤᠯᠤᠯᠲᠠ ᠬᠢᠬᠦ᠌᠂ ᠨᠠᠷᠢᠯᠢᠭ ᠣᠨᠣᠴᠠᠲᠠᠶ ᠪᠣᠶ᠋ᠢᠵᠢᠭᠤᠯᠬᠤ᠂ ᠰᠢᠰᠲ᠋ᠧᠮᠵᠢᠭᠦᠯᠦᠨ ᠳᠡᠭᠡᠭᠰᠢᠯᠡᠭᠦᠯᠬᠦ᠌ ᠪᠥᠬᠥ᠌ ᠬᠡᠯᠬᠢᠶ᠎ᠡ ᠶᠢ ᠪᠣᠶ᠋ᠢᠵᠢᠭᠤᠯᠬᠤ ᠲᠣᠭᠲᠠᠴᠠ᠎ᠶᠢ ᠪᠠᠶ᠋ᠢᠭᠤᠯᠪᠠ᠃ ᠡᠯ᠎ᠡ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠢ ᠲᠦᠭᠡᠮᠡᠯᠵᠢᠭᠦᠯᠬᠦ᠌ ᠴᠡᠭ ᠢ ᠪᠠᠶ᠋ᠢᠩᠭᠤᠵᠢᠭᠤᠯᠤᠨ ᠭᠦᠨᠵᠡᠭᠡᠶ᠋ᠢᠷᠡᠭᠦᠯᠬᠦ᠌ ᠪᠡᠷ ᠳᠡᠮᠵᠢᠨ ᠪᠠᠶ᠋ᠢᠴᠠᠭᠠᠨ ᠰᠤᠳᠤᠯᠤᠯᠲᠠ ᠬᠢᠵᠦ᠍᠂ ᠵᠢᠭᠰᠠᠭᠠᠯ᠎ᠤᠨ ᠭᠠᠵᠠᠷ᠎ᠤᠨ ᠪᠥᠲᠥᠭᠡᠨ ᠪᠠᠶ᠋ᠢᠭᠤᠯᠤᠯᠲᠠ᠎ᠶᠢᠨ ᠣᠳᠣᠬᠢ ᠪᠠᠶ᠋ᠢᠳᠠᠯ᠂ ᠡᠬᠢ ᠪᠠᠶᠠᠯᠢᠭ᠎ᠤᠨ ᠳᠠᠪᠠᠭᠤᠯᠢᠭ ᠪᠠ ᠳᠤᠲᠠᠭᠤᠳᠠᠯ ᠬᠦᠷᠦᠯᠴᠡᠬᠦ᠌ ᠥᠬᠡᠶ ᠲᠠᠯ᠎ᠠ᠎ᠶᠢ ᠲᠣᠳᠣᠷᠬᠠᠶ ᠣᠶ᠋ᠢᠯᠠᠭᠠᠵᠤ᠂ ᠲᠤᠬᠠᠶ᠋ᠢᠯᠠᠭᠰᠠᠨ ᠠᠵᠢᠯ᠎ᠤᠨ ᠵᠢᠯᠣᠭᠣᠳᠣᠯᠭ᠎ᠠ᠎ᠶᠢ ᠨᠢᠭᠡᠳ ᠨᠢᠭᠡ᠎ᠪᠡᠷ ᠥᠷᠨᠢᠭᠦᠯᠵᠦ᠍᠂ ᠴᠡᠭ ᠬᠠᠷᠠᠭᠠᠯᠵᠠᠭᠤᠯᠤᠨ ᠪᠠᠭᠤᠷᠠᠶ ᠲᠠᠯ᠎ᠠ᠎ᠶᠢ ᠨᠥᠬᠥᠪᠥᠷᠢᠯᠡᠵᠦ᠍᠂ ᠰᠠᠭᠤᠷᠢᠨ ᠭᠠᠵᠠᠷ᠎ᠤᠨ ᠡᠳᠦᠷ ᠲᠤᠲᠤᠮ᠎ᠤᠨ ᠡᠵᠡᠩᠨᠡᠯᠲᠡ ᠬᠠᠮᠢᠶᠠᠷᠤᠯᠲᠠ᠎ᠶᠢ ᠵᠢᠷᠤᠮᠵᠢᠭᠤᠯᠵᠤ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠢ ᠲᠦᠭᠡᠮᠡᠯᠵᠢᠭᠦᠯᠬᠦ᠌ ᠦᠢᠯᠡᠴᠢᠯᠡᠭᠡᠨ ᠦ ᠰᠢᠰᠲ᠋ᠧᠮ᠎ᠢ ᠲᠡᠭᠦᠯᠳᠡᠷᠵᠢᠭᠦᠯᠵᠦ᠍᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠵᠢᠱ᠌ᠢᠶ᠎ᠡ ᠦᠵᠡᠭᠦᠯᠬᠦ᠌ ᠡᠭᠦᠳᠦᠨ ᠪᠠᠶ᠋ᠢᠭᠤᠯᠤᠯᠲᠠ᠎ᠶᠢᠨ ᠰᠠᠭᠤᠷᠢ᠎ᠶᠢ ᠦᠷᠭᠦᠯᠵᠢᠯᠡᠨ ᠪᠡᠬᠢᠵᠢᠭᠦᠯᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃