2026-08-30 12:02:38
ᠲᠦᠷᠦᠬᠦᠬᠡᠨ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠡᠮᠡᠭᠲᠡᠶ᠋ᠢᠴᠦᠳ᠎ᠤᠨ ᠬᠤᠯᠪᠤᠭ᠎ᠠ ᠪᠥᠬᠦ᠌ ᠣᠷᠤᠨ᠎ᠤ ᠡᠯ᠎ᠡ ᠱᠠᠲᠤᠨ᠎ᠤ ᠡᠮᠡᠭᠲᠡᠶ᠋ᠢᠴᠦᠳ᠎ᠤᠨ ᠬᠤᠯᠪᠤᠭ᠎ᠠ ᠵᠢ ᠲᠠᠢᠴᠢᠯᠠᠨ᠂ 《ᠵᠣᠯ ᠵᠢᠷᠭᠠᠯ᠎ᠤᠨ ᠬᠤᠯᠪᠤᠭ᠎ᠠ》 ᠤᠷᠤᠬ ᠬᠤᠷᠢᠮ ᠢᠨᠠᠬ ᠲᠤᠷᠠᠯᠠᠯ᠎ᠤᠨ ᠦᠢᠯᠡᠴᠢᠯᠡᠭᠡᠨ᠎ᠤ ᠠᠵᠢᠯᠯᠠᠭ᠎ᠠ᠎ᠥᠷᠨᠢᠭᠦᠯᠵᠦ᠍᠂ 5000 ᠭᠠᠷᠤᠢ ᠭᠠᠭᠴᠠ ᠪᠡᠶ᠎ᠡ ᠵᠠᠯᠠᠭᠤᠴᠤᠳᠲᠤ᠌ ᠰᠤᠯᠢᠯᠴᠠᠭᠠᠨ᠎ᠤ ᠲᠠᠪᠴᠠᠩ ᠪᠠᠶ᠋ᠢᠭᠤᠯᠤᠨ ᠥᠭᠴᠦ᠍᠂ ᠪᠦᠬᠦ ᠨᠡᠢᠭᠡᠮ ᠵᠢᠡᠷ ᠵᠥᠪ ᠤᠷᠤᠭ ᠬᠤᠷᠢᠮ ᠢᠨᠠᠬ ᠲᠤᠷᠠᠯᠠᠯ᠎ᠤᠨ ᠪᠤᠯᠪᠠᠰᠤᠨ ᠰᠢᠨ᠎ᠠ ᠰᠤᠷᠳᠠᠯ᠎ᠢ ᠲᠡᠯᠭᠡᠷᠡᠬᠦᠯᠬᠦ ᠵᠢ ᠰᠠᠨᠠᠭᠠᠴᠢᠯᠠᠪᠠ᠃
12 ᠠᠶ᠋ᠢᠮᠠᠭ ᠬᠤᠲᠠ᠎ᠶ᠋ᠢᠨ ᠡᠮᠡᠭᠲᠡᠶ᠋ᠢᠴᠦᠳ᠎ᠤᠨ ᠬᠤᠯᠪᠤᠭ᠎ᠠ ᠢᠳᠡᠪᠬᠢᠳᠡᠢ ᠬᠦᠳᠡᠯᠦᠯᠴᠡᠵᠦ᠂ ᠣᠷᠤᠨ ᠪᠦᠰᠡ᠎ᠶ᠋ᠢᠨ ᠣᠨᠴᠠᠯᠢᠭ᠎ᠲᠤ᠎ᠪᠠᠨ ᠰᠠᠭᠤᠷᠢᠯᠠᠨ᠂ ᠵᠠᠯᠠᠭᠤᠴᠤᠳ᠎ᠤᠨ ᠬᠡᠷᠡᠭᠴᠡᠭᠡ ᠱᠠᠭᠠᠷᠳᠠᠯᠭ᠎ᠠ᠎ᠳᠤ ᠵᠤᠬᠢᠴᠠᠭᠤᠯᠤᠨ᠂ ᠠᠷᠠᠳ᠎ᠤᠨ ᠶᠠᠪᠤᠳᠠᠯ᠂ ᠠᠵᠢᠯᠴᠢᠨ᠎ᠤ ᠡᠪᠯᠡᠯ᠂ ᠡᠪᠯᠡᠯ᠎ᠤᠨ ᠬᠤᠷᠢᠶ᠎ᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ᠂ ᠵᠦᠷᠢᠶᠡᠴᠢᠯᠡᠭᠰᠡᠨ᠂ ᠣᠨᠴᠠᠯᠢᠭᠵᠢᠭᠰᠠᠨ ᠣᠷᠤᠭ ᠬᠤᠷᠢᠮ᠎ᠤᠨ ᠦᠢᠯᠡᠴᠢᠯᠡᠭᠡᠨ᠎ᠤ ᠠᠵᠢᠯᠯᠠᠭ᠎ᠠ᠎ᠶ᠋ᠢ ᠪᠦᠳᠦᠭᠡᠯᠴᠢ ᠪᠡᠷ ᠦᠷᠨᠢᠬᠦᠯᠪᠡ᠃ ᠵᠠᠷᠢᠮ᠎ᠨᠢ ᠬᠣᠲᠠ᠎ᠶ᠋ᠢᠨ ᠳᠤᠮᠳᠠᠬᠢ ᠲᠠᠯ᠎ᠠ ᠨᠤᠲᠤᠭ᠎ᠲᠤ᠌ ᠳᠥᠭᠦᠮ ᠪᠥᠭᠡᠳ ᠷᠣᠮᠠᠨᠲ᠋ᠢᠭ ᠬᠠᠮᠲᠤ᠎ᠶ᠋ᠢᠨ ᠬᠤᠷᠢᠮ᠎ᠤᠨ ᠶᠤᠰᠤᠯᠠᠯ ᠬᠢᠵᠦ᠂ ᠬᠤᠤᠰ ᠬᠤᠤᠰ ᠰᠢᠨ᠎ᠡ ᠬᠥᠮᠦᠨ ᠡᠬᠡ ᠪᠠᠢᠭᠠᠯᠢ᠎ᠪᠠᠷ ᠭᠡᠷᠡᠴᠢᠯᠡᠯ ᠪᠣᠯᠭᠠᠵᠤ᠂ ᠣᠭ ᠰᠠᠨᠠᠭ᠎ᠠ ᠪᠠᠨ ᠪᠠᠳᠤ ᠪᠠᠷᠢᠮᠳᠠᠯᠠᠬᠤ᠎ᠪᠠᠷ ᠠᠮᠠᠯᠠᠯᠲᠠ ᠪᠣᠯᠭᠠᠵᠤ᠂ ᠤᠷᠤᠭ᠎ᠤᠨ ᠶᠠᠪᠤᠳᠠᠯ᠎ᠤᠨ ᠰᠢᠨ᠎ᠡ ᠬᠡᠪ ᠰᠤᠷᠲᠠᠯ᠎ᠢ ᠦᠢᠯᠡᠳᠦᠯᠭᠡᠵᠢᠭᠦᠯᠪᠡ; ᠵᠠᠷᠢᠮ᠎ᠨᠢ ᠬᠣᠲᠠ᠎ᠶ᠋ᠢᠨ ᠦᠪᠡᠷᠮᠢᠴᠡ ᠣᠨᠴᠠᠯᠢᠭᠲᠤ᠌ ᠲᠠᠯᠠᠪᠤᠷᠭᠠᠵᠠᠷᠢ ᠰᠤᠩᠭᠤᠨ ᠳᠠᠭᠤᠤ ᠬᠥᠭᠵᠢᠮ᠎ᠤᠨ ᠨᠠᠢᠵᠠᠯᠠᠵᠤ ᠨᠥᠬᠦᠷᠯᠡᠬᠦ ᠠᠵᠢᠯᠯᠠᠭ᠎ᠠ ᠥᠷᠨᠢᠭᠦᠯᠵᠦ᠍᠂ ᠳᠠᠭᠤᠤ ᠬᠥᠭᠵᠢᠮ᠎ᠢᠶᠡᠷ ᠬᠥᠭᠦᠷᠭᠡ ᠪᠣᠯᠭᠠᠨ ᠵᠠᠯᠠᠭᠤᠴᠤᠳ᠎ᠤᠨ ᠤᠢᠯᠠᠭᠠᠯᠴᠠᠭ᠎ᠠ ᠵᠢ ᠨᠡᠮᠡᠭᠳᠡᠬᠦᠯᠪᠡ; ᠵᠠᠷᠢᠮ᠎ᠨᠢ ᠳᠤᠮᠳᠠᠳᠤ ᠵᠢᠨ ᠮᠠᠶᠢᠬ᠎ᠤᠨ ᠬᠠᠮᠲᠤ᠎ᠶ᠋ᠢᠨ ᠬᠤᠷᠢᠮ᠎ᠤᠨ ᠶᠣᠰᠤᠯᠠᠯ ᠡᠷᠬᠢᠯᠡᠵᠦ᠍᠂ ᠤᠯᠠᠮᠵᠢᠯᠠᠯᠲᠤ᠌ ᠤᠷᠤᠭ ᠬᠤᠷᠢᠮ᠎ᠤᠨ ᠵᠠᠩ ᠳᠠᠳᠭᠠᠯ᠎ᠢ ᠰᠡᠷᠭᠦᠬᠡᠵᠦ᠍᠂ ᠦᠨᠡᠨᠴᠢ ᠰᠢᠳᠤᠷᠭᠤ ᠡᠶ᠎ᠡ ᠨᠠᠢᠷᠰᠠᠭ ᠢᠨᠠᠭ ᠳᠤᠷᠠᠯᠠᠯᠢ ᠲᠡᠭᠡᠳᠦᠯᠡᠬᠦ ᠡᠷᠬᠢᠮ ᠰᠤᠷᠲᠠᠯ᠎ᠢ ᠤᠯᠠᠮᠵᠢᠯᠠᠨ ᠪᠠᠳᠠᠷᠠᠭᠤᠯᠪᠠ; ᠵᠠᠷᠢᠮ᠎ᠨᠢ ᠴᠡᠷᠢᠭ ᠠᠩᠭᠢ ᠪᠠ ᠣᠷᠤᠨ ᠨᠤᠲᠤᠭ᠎ᠤᠨ ᠵᠠᠯᠠᠭᠤᠴᠤᠳ᠎ᠤᠨ ᠲᠤᠰᠭᠠᠢ ᠲᠠᠯᠠᠪᠤᠷ ᠨᠥᠬᠦᠷᠯᠡᠯ᠎ᠤᠨ ᠠᠵᠢᠯᠯᠠᠭ᠎ᠠ ᠥᠷᠨᠢᠭᠦᠯᠵᠦ᠍᠂ ᠵᠠᠯᠠᠭᠤᠴᠤᠳ᠎ᠤᠨ ᠬᠠᠷᠢᠭᠤᠴᠠᠯᠭ᠎ᠠ ᠡᠭᠦᠷᠭᠡᠯᠡᠯ᠎ᠢ ᠵᠤᠵᠠᠭᠠᠳᠭᠠᠪᠠ;ᠵᠠᠷᠢᠮ᠎ᠨᠢ ᠳᠣᠯᠤᠭᠠᠨ ᠰᠠᠷ᠎ᠠ᠎ᠶ᠋ᠢᠨ ᠳᠣᠯᠤᠭᠠᠨᠤ ᠭᠡᠷ᠎ᠤᠨ ᠰᠤᠷᠲᠠᠯ᠎ᠢ ᠤᠬᠠᠭᠤᠯᠤᠨ ᠲᠠᠶ᠋ᠢᠯᠪᠤᠷᠢᠯᠠᠬᠤ᠂ ᠠᠷᠠᠳ᠎ᠤᠨ ᠵᠠᠩ ᠦᠢᠯᠡ᠎ᠶ᠋ᠢ ᠪᠡᠶᠡᠴᠢᠯᠡᠨ ᠣᠶ᠋ᠢᠯᠠᠭᠠᠬᠤ ᠵᠡᠷᠭᠡ ᠠᠵᠢᠯᠯᠠᠭ᠎ᠠ ᠥᠷᠨᠢᠭᠦᠯᠵᠦ᠍᠂ ᠥᠨᠳᠦᠷ ᠦᠨ᠎ᠡ ᠪᠡᠷ ᠪᠤᠬᠳᠤᠯᠠᠬᠤ᠂ ᠬᠠᠷᠢᠯᠴᠠᠨ ᠠᠳᠠᠯᠢᠳᠭᠠᠬᠤ ᠵᠡᠷᠭᠡ ᠬᠠᠭᠤᠴᠢᠨ ᠪᠦᠳᠦᠭᠦᠯᠢᠭ ᠳᠠᠳᠭᠠᠯ᠎ᠢ ᠡᠰᠡᠷᠭᠦᠴᠡᠬᠦ ᠵᠢ ᠬᠦᠳᠦᠯᠦᠨ ᠵᠢᠯᠤᠭᠤᠳᠪᠠ᠃
ᠣᠶ᠋ᠢᠷ᠎ᠠ᠎ᠶ᠋ᠢᠨ ᠵᠢᠯ᠎ᠳᠤ᠂ ᠥᠪᠡᠷᠲᠡᠭᠡᠨ ᠵᠠᠰᠠᠬᠤ ᠣᠷᠤᠨ᠎ᠤ ᠡᠮᠡᠭᠲᠡᠶ᠋ᠢᠴᠦᠳ᠎ᠤᠨ ᠬᠤᠯᠪᠤᠭ᠎ᠠ ᠰᠢᠨ᠎ᠡ ᠮᠠᠶᠢᠬ᠎ᠤᠨ ᠣᠷᠤᠭ ᠬᠤᠷᠢᠮ ᠢᠨᠠᠬ ᠲᠤᠷᠠᠯᠠᠯ᠎ᠤᠨ ᠰᠣᠶᠤᠯ᠎ᠤᠨ ᠪᠠᠶ᠋ᠢᠭᠤᠯᠤᠯᠲᠠ᠎ᠶ᠋ᠢ ᠠᠬᠢᠭᠤᠯᠵᠤ᠂ 《ᠵᠣᠯ ᠵᠢᠷᠭᠠᠯ᠎ᠤᠨ ᠬᠤᠯᠪᠤᠭ᠎ᠠ》 ᠨᠠᠶ᠋ᠢᠵᠠᠯᠠᠵᠤ ᠨᠦᠭᠦᠷᠯᠡᠬᠦ ᠲᠠᠪᠴᠠᠩ᠎ᠢ ᠪᠠᠢᠭᠤᠯᠤᠨ᠂ 《ᠦᠪᠦᠷ ᠮᠤᠩᠭᠤᠯ·ᠵᠣᠯ ᠵᠢᠷᠭᠠᠯ᠎ᠤᠨ ᠪᠤᠯᠵᠤᠭ᠎ᠠ》 ᠨᠡᠶ᠋ᠢᠲᠡ᠎ᠶ᠋ᠢᠨ ᠠᠰᠠᠷᠠᠮᠵᠢ᠎ᠶ᠋ᠢᠨ ᠬᠠᠮᠲᠤ᠎ᠶ᠋ᠢᠨ ᠬᠤᠷᠢᠮ᠎ᠤᠨ ᠶᠤᠰᠤᠯᠠᠯ᠎ᠤᠨ ᠲᠦᠷᠦᠯ ᠲᠡᠮᠳᠡᠭ᠎ᠢ ᠪᠥᠬᠦ᠌ ᠬᠦᠴᠦᠨ᠎ᠢᠶᠠᠷ᠎ᠢᠶᠠᠨ ᠴᠤᠬᠴᠠᠯᠠᠵᠤ᠂ 2023 ᠣᠨ᠎ᠠᠴᠠ ᠣᠲᠤ᠌ ᠪᠣᠯᠲᠠᠯ᠎ᠠ 600 ᠭᠠᠷᠤᠢ ᠤᠳᠠᠭ᠎ᠠ ᠵᠢᠨ ᠦᠢᠯᠡᠴᠢᠯᠡᠭᠡᠨ᠎ᠤ ᠠᠵᠢᠯᠯᠠᠭ᠎ᠠ ᠥᠷᠨᠢᠭᠦᠯᠵᠦ᠍᠂ 6 ᠲᠦᠮᠡ ᠭᠠᠷᠤᠢ ᠵᠠᠯᠠᠭᠤᠴᠤᠳᠲᠤ᠌ ᠲᠠᠨᠢᠯᠴᠠᠨ ᠨᠠᠢᠵᠠᠯᠠᠬᠤ᠂ ᠬᠠᠮᠳᠤ ᠵᠢᠨ ᠬᠤᠷᠢᠮ᠎ᠦᠨ ᠶᠤᠰᠤᠯᠠᠯ ᠶᠠᠪᠤᠭᠤᠯᠬᠤ ᠵᠡᠷᠭᠡ ᠦᠢᠯᠡᠴᠢᠯᠡᠭᠡ ᠬᠠᠩᠭᠠᠵᠠᠢ᠃ ᠡᠬᠦᠨ ᠳ᠋ᠤ᠂ 2600 ᠭᠠᠷᠤᠢ ᠵᠠᠯᠠᠭᠤᠴᠤᠳᠤᠷᠤᠭᠤᠨ ᠪᠠᠷᠢᠯᠳᠤᠯᠭ᠎ᠠ ᠲᠠᠢ ᠪᠤᠯᠵᠤ᠂ ᠬᠠᠮᠳᠤ᠎ᠶ᠋ᠢᠨ ᠬᠤᠷᠢᠮ᠎ᠤᠨ ᠶᠤᠰᠤᠯᠠᠯ᠎ᠢ 47 ᠲᠠᠯᠠᠪᠠᠢ ᠡᠷᠬᠢᠯᠡᠵᠦ᠍᠂ ᠨᠡᠶ᠋ᠢᠳᠡ 1094 ᠬᠤᠤᠰ ᠰᠢᠨ᠎ᠡ ᠬᠦᠮᠦᠨ ᠤᠷᠤᠯᠴᠠᠭᠰᠠᠨ ᠪᠠᠶ᠋ᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃